ᠥᠨᠦᠬᠡᠨ᠂ ᠲᠦᠩᠯᠢᠶᠣᠤ ᠬᠤᠲᠠ ᠶᠢᠨ ᠬᠤᠷᠴᠢᠨ ᠲᠣᠭᠤᠷᠢᠭ ᠤᠨ ᠴᠢᠶᠠᠨ ᠵᠢᠶᠠ ᠳ᠋ᠢᠶᠠᠨ ᠪᠠᠯᠭᠠᠰᠤᠨ ᠤ | ᠬᠥᠳᠡᠯᠮᠦᠷᠢ ᠦᠢᠯᠡᠴᠢᠯᠡᠭᠡᠨ ᠤ ᠲᠥᠪ ᠲᠤ ᠬᠦᠷᠪᠡᠯ᠂ ᠡᠯᠧᠺᠲᠷᠣᠨ ᠳᠡᠯᠭᠡᠴᠡ ᠳᠡᠭᠡᠷ᠎ᠡ ᠡᠯ᠎ᠡ ᠲᠥᠷᠥᠯ ᠤᠨ | ᠠᠵᠢᠯ ᠤᠨ ᠪᠠᠶᠢᠷᠢ ᠶᠢᠨ ᠮᠡᠳᠡᠭᠡ ᠵᠠᠩᠭᠢ ᠪᠠ ᠠᠵᠢᠯ ᠡᠷᠢᠭᠴᠢᠳ ᠤᠨ ᠰᠤᠷᠠᠭ ᠵᠠᠩᠭᠢ ᠶᠢ ᠴᠠᠭ ᠲᠤᠬᠠᠶ ᠳᠤ ᠨᠢ | ᠨᠡᠪᠲᠡᠷᠡᠭᠦᠯᠵᠦ ᠪᠠᠶᠢᠭᠰᠠᠨ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ | ᠵᠠᠳᠠᠯᠤᠯᠲᠠ᠂ ᠠᠵᠢᠯ ᠲᠥᠷᠥᠯ ᠤᠨ ᠠᠵᠢᠯ ᠤᠨ ᠪᠠᠶᠢᠷᠢ ᠶᠢᠨ ᠲᠠᠷᠬᠠᠯᠲᠠ᠂ ᠠᠵᠢᠯ ᠣᠯᠭᠤᠯᠲᠠ ᠶᠢᠨ ᠪᠠᠶᠢᠳᠠᠯ ᠵᠡᠷᠭᠡ | ᠲᠤᠭ᠎ᠠ ᠪᠠᠷᠢᠮᠲᠠ ᠶᠢ ᠲᠣᠪ ᠲᠣᠳᠣᠷᠬᠠᠶ ᠦᠵᠡᠨ ᠭᠠᠷᠴᠤ ᠪᠠᠶᠢᠯ᠎ᠠ᠃ | ᠲᠣᠰ ᠪᠠᠯᠭᠠᠰᠤ ᠨᠢ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠬᠤ ᠪᠠ ᠪᠣᠬᠢᠷᠲᠤᠯ ᠦᠭᠡᠢ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠶᠡᠬᠡᠩᠬᠢ ᠬᠡᠰᠡᠭ ᠭᠠᠵᠠᠷ ᠰᠢᠷᠣᠶ ᠶᠢ ᠲᠥᠪᠯᠡᠷᠡᠭᠦᠯᠦᠨ ᠡᠷᠭᠢᠯᠲᠡ ᠳᠤ | ᠣᠷᠤᠭᠤᠯᠤᠭᠰᠠᠨ ᠢᠶᠠᠷ᠂ ᠦᠯᠡᠭᠦᠤ ᠬᠥᠳᠡᠯᠮᠦᠷᠢ ᠶᠢᠨ ᠬᠦᠴᠦᠨ ᠳᠤ ᠠᠵᠢᠯ ᠣᠯᠭᠤᠬᠤ ᠭᠤᠤᠯᠳᠠᠯᠭ᠎ᠠ ᠪᠣᠯᠪᠠ᠃ | ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠰᠢᠨ ᠳ᠋ᠡ ᠬᠠᠢ ᠲᠠᠨᠢᠯᠴᠠᠭᠤᠯᠬᠤ ᠳᠤ ᠪᠠᠨ᠂ ᠪᠠᠯᠭᠠᠰᠤᠨ ᠤ | ᠦᠯᠡᠭᠦᠦ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠯᠲᠠ ᠶᠢ ᠠᠬᠢᠭᠤᠯᠬᠤ ᠶᠢᠨ ᠲᠤᠯᠠᠳᠠ᠂ ᠡᠨᠡ | ᠵᠢᠯ ᠤᠨ 4 ᠳ᠋ᠦ᠋ᠭᠡᠷ ᠰᠠᠷ᠎ᠠ ᠳᠤ᠂ ᠲᠤᠬᠠᠶ ᠶᠢᠨ ᠭᠠᠵᠠᠷ ᠲᠤ ᠬᠦᠳᠡᠯᠮᠦᠷᠢ ᠬᠦᠴᠦᠨ ᠢ ᠭᠠᠳᠠᠭᠰᠢ ᠭᠠᠷᠭᠠᠬᠤ | ᠨᠡᠶᠢᠭᠡᠮᠯᠢᠭ ᠪᠠᠶᠢᠭᠤᠯᠵᠤ᠂ ᠬᠥᠳᠡᠯᠮᠦᠷᠢ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠪᠣᠯᠤᠨ ᠡᠯ᠎ᠡ ᠲᠣᠰᠬᠤᠨ ᠤ ᠬᠥᠳᠡᠯᠮᠦᠷᠢ ᠬᠦᠴᠦᠨ ᠢ ᠡᠷᠬᠢᠯᠡᠨ ᠡᠵᠡᠩᠨᠡᠭᠴᠢ ᠲᠠᠢ ᠬᠠᠮᠲᠤᠷᠠᠨ | ︽ᠦᠢᠯᠡᠴᠢᠯᠡᠭᠡᠨ ᠤ ᠪᠦᠯᠬᠦᠮ︾ ᠢ ᠪᠠᠶᠢᠭᠤᠯᠤᠭᠠᠳ᠂ ᠮᠠᠯᠴᠢᠨ ᠲᠠᠷᠢᠶᠠᠴᠢᠳ ᠲᠤ ᠪᠦᠬᠦ ᠤᠯᠤᠰ ᠤᠨ ᠡᠯ᠎ᠡ | ᠭᠠᠵᠠᠷ ᠲᠤ ᠲᠣᠬᠢᠷᠠᠮᠵᠢᠲᠠᠢ ᠠᠵᠢᠯ ᠢ ᠡᠷᠢᠵᠦ ᠥᠭᠪᠡ ᠭᠡᠯᠡ᠃ | ᠦᠢᠯᠡᠴᠢᠯᠡᠭᠡᠨ ᠤ ᠲᠥᠪ ᠨᠢ ᠮᠡᠳᠡᠭᠡ ᠵᠠᠩᠭᠢ ᠶᠢ ᠰᠢᠭᠰᠢᠨ ᠪᠠᠶᠢᠴᠠᠭᠠᠬᠤ ᠲᠣᠭᠲᠠᠴᠠ ᠪᠠᠷ ᠳᠠᠮᠵᠢᠨ | ︽ᠠᠵᠢᠯ ᠤᠨ ᠪᠠᠶᠢᠷᠢ ᠶᠢᠨ ᠬᠠᠩᠭᠠᠯᠭ᠎ᠠ ᠶᠢᠨ ᠲᠣᠪᠶᠤᠭ︾ ᠢ ᠪᠤᠢ ᠪᠣᠯᠭᠠᠬᠤ ᠶᠢᠨ ᠳᠠᠭᠠᠤ ᠨᠥᠬᠦᠴᠡᠯ ᠳᠤ | ᠨᠡᠶᠢᠴᠡᠭᠰᠡᠨ ᠬᠥᠳᠡᠯᠮᠦᠷᠢ ᠬᠦᠴᠦᠨ ᠤ ᠭᠠᠷᠭᠠᠯᠭ᠎ᠠ ᠶᠢᠨ ᠬᠥᠮᠦᠰ ᠢ ᠵᠣᠬᠢᠶᠠᠨ ᠪᠠᠶᠢᠭᠤᠯᠵᠤ᠂ ᠳᠣᠬᠢᠷᠠᠯᠴᠠᠭᠰᠠᠨ | ᠮᠡᠷᠭᠡᠵᠢᠯ ᠤᠨ ᠪᠣᠯᠪᠠᠰᠤᠷᠠᠭᠤᠯ ᠳᠤ ᠣᠷᠤᠯᠴᠠᠭᠤᠯᠤᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ | ᠳᠡᠭᠡᠭᠰᠢᠯᠡᠭᠦᠯᠦᠭᠡᠳ᠂ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ᠂ ᠨᠠᠷᠢᠯᠢᠭ | ᠣᠨᠣᠴᠠᠲᠠᠶ ᠪᠠᠷ ᠵᠣᠬᠢᠴᠠᠭᠤᠯᠬᠤ ᠶᠢ ᠪᠡᠶᠡᠯᠡᠭᠦᠯᠵᠡᠢ᠃ ᠣᠳᠣ ᠪᠣᠯᠬᠤ ᠳᠤ᠂ ᠪᠦᠬᠦ ᠪᠠᠯᠭᠠᠰᠤ 12480 ᠬᠥᠳᠡᠯᠮᠦᠷᠢ | ᠬᠦᠴᠦᠨ ᠢ ᠭᠠᠳᠠᠭᠰᠢ ᠭᠠᠷᠭᠠᠨ᠂ ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠶᠢ 0.75 ᠲᠦᠮᠡᠨ | ᠲᠥᠭᠦᠷᠢᠭ ᠨᠡᠮᠡᠭᠳᠡᠭᠦᠯᠦᠯ᠎ᠡ᠃ ᠲᠠᠷᠢᠶᠠᠴᠢᠳ ᠤᠨ ᠣᠷᠣᠯᠭ᠎ᠠ ᠶᠢᠨ 30% ᠠᠴᠠ ᠳᠡᠭᠡᠭᠰᠢᠬᠢ ᠨᠢ ᠬᠥᠳᠡᠯᠮᠦᠷᠢ | ᠬᠦᠴᠦᠨ ᠤ ᠭᠠᠷᠭᠠᠯᠭ᠎ᠠ ᠠᠴᠠ ᠢᠷᠡᠯᠲᠡ ᠲᠠᠢ ᠶᠤᠮ᠃ | ᠡᠨᠡ ᠪᠣᠯ ᠲᠦᠩᠯᠢᠶᠣᠤ ᠬᠤᠲᠠ ᠮᠠᠯᠵᠢᠬᠤ ᠲᠠᠷᠢᠶᠠᠯᠠᠬᠤ ᠣᠷᠣᠨ ᠤ ᠦᠯᠡᠭᠦᠤ ᠬᠥᠳᠡᠯᠮᠦᠷᠢ ᠶᠢᠨ ᠬᠦᠴᠦᠨ ᠢ | ᠰᠢᠯᠵᠢᠭᠦᠯᠦᠨ ᠠᠵᠢᠯ ᠣᠯᠭᠤᠬᠤ ᠶᠢ ᠬᠥᠲᠥᠯᠥᠨ ᠵᠢᠯᠤᠭᠤᠳᠤᠭᠰᠠᠨ ᠪᠠ ᠵᠣᠬᠢᠶᠠᠨ ᠪᠠᠶᠢᠭᠤᠯᠤᠭᠠᠳ᠂ ᠮᠠᠯᠴᠢᠨ | ᠲᠠᠷᠢᠶᠠᠴᠢᠳ ᠤ ᠣᠷᠤᠯᠭ᠎ᠠ ᠶᠢᠨ ᠨᠡᠮᠡᠭᠳᠡᠯ ᠢ ᠠᠭᠢᠭᠤᠯᠤᠭᠰᠠᠨ ᠤ ᠨᠢᠭᠡᠨ ᠬᠤᠷᠢᠶᠠᠩᠭᠤᠢ ᠳᠥᠷᠢ ᠮᠥᠨ᠃ | ᠲᠦᠩᠯᠢᠶᠣᠤ ᠬᠤᠲᠠ ᠪᠣᠯ ᠥᠪᠡᠷᠲᠡᠭᠡᠨ ᠵᠠᠰᠠᠬᠤ ᠣᠷᠣᠨ ᠳᠤ ᠬᠥᠮᠦᠨ ᠠᠮᠠ ᠶᠢᠨ ᠲᠤᠭ᠎ᠠ ᠪᠠᠷ | ᠬᠤᠶᠠᠳᠤᠭᠠᠷ ᠲᠤ ᠵᠢᠭᠰᠠᠬᠤ ᠬᠤᠲᠠ ᠪᠣᠯᠬᠤ ᠪᠥᠭᠡᠳ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠤ | ᠡᠬᠢ ᠪᠠᠶᠠᠯᠢᠭ ᠵᠤᠵᠠᠭᠠᠨ ᠪᠠᠶᠢᠳᠠᠭ᠃ ᠣᠷᠴᠢᠮ ᠤᠨ ᠵᠢᠯ᠂ ᠲᠦᠩᠯᠢᠶᠣᠤ ᠬᠤᠲᠠ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ︽ᠲᠦᠩᠯᠢᠶᠣᠤ ᠬᠤᠲᠠ ᠶᠢᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ︵2020 — 2022 ᠣᠨ︶︾ ᠵᠢᠴᠢ ᠲᠡᠭᠦᠨ ᠯᠦᠭᠡ ᠢᠵᠢ ᠪᠥᠷᠢᠳᠦᠭᠰᠡᠨ | ᠠᠵᠢᠯ ᠤᠨ ᠬᠤᠪᠢᠶᠠᠷᠢᠯᠠᠯ ᠤᠨ ᠲᠥᠰᠦᠯ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ | ᠨᠡᠶᠢᠲᠡᠯᠡᠭᠡᠳ᠂ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠭᠢᠭᠤᠯᠪᠠ᠃ ᠬᠤᠲᠠ ᠬᠤᠰᠢᠭᠤ ᠬᠤᠶᠠᠷ ᠱᠠᠲᠤᠨ ᠳᠤ | ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠦᠢᠯᠡᠴᠢᠯᠡᠭᠡᠨ ᠤ ᠲᠥᠪ᠂ ᠬᠥᠳᠡᠯᠮᠦᠷᠢ ᠬᠦᠴᠦᠨ ᠢ ᠭᠠᠳᠠᠭᠰᠢ | ᠭᠠᠷᠭᠠᠬᠤ ᠨᠡᠶᠢᠭᠡᠮᠯᠢᠭ ᠵᠢᠴᠢ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ ᠡᠷᠬᠢᠯᠡᠨ ᠡᠵᠡᠩᠨᠡᠭᠴᠢ ᠶᠢᠨ | ᠡᠩᠨᠡᠭᠡ ᠶᠢ ᠪᠠᠶᠢᠭᠤᠯᠤᠨ ︽ᠵᠠᠰᠠᠭ ᠤᠨ ᠣᠷᠳᠣᠨ + ᠨᠡᠶᠢᠭᠡᠮᠯᠢᠭ + ᠡᠷᠬᠢᠯᠡᠨ ᠡᠵᠡᠩᠨᠡᠭᠴᠢ + ᠬᠥᠳᠡᠯᠮᠦᠷᠢᠴᠢᠨ︾ | ᠳᠥᠷᠪᠡ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠭᠠᠳ ᠮᠠᠯᠴᠢᠨ | ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ ᠳᠤ ᠨᠢ ︽ᠪᠥᠬᠦ ᠬᠡᠯᠬᠢᠶᠡᠲᠦ︾ ᠦᠢᠯᠡᠳᠦᠯᠬᠡ ᠬᠠᠩᠭᠠᠵᠠᠢ᠃ | ᠣᠷᠣᠨ ᠪᠦᠰᠡ ᠶᠢᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢ ᠴᠢᠩᠭᠠᠳᠬᠠᠨ᠂ ᠮᠤᠵᠢ ᠠᠯᠤᠰᠯᠠᠨ ᠪᠡᠭᠡᠵᠢᠩ ᠤᠨ | ᠱᠦᠨ ᠢ ᠲᠣᠭᠤᠷᠢᠭ᠂ ᠭᠢᠷᠢᠨ ᠤ ᠴᠠᠩᠴᠦ᠋ᠨ ᠬᠤᠲᠠ᠂ ᠭᠤᠸᠠᠩᠳᠦ᠋ᠩ ᠾᠦᠢ ᠵᠧᠤ ᠬᠤᠲᠠ᠂ ᠵᠧᠵᠢᠶᠠᠩ ᠤᠨ | ᠬᠤᠵᠸᠤ ᠶᠢᠨ ᠠᠨ ᠵᠢᠶ ᠰᠢᠶᠠᠨ᠂ ᠱᠠᠨᠳᠦ᠋ᠩ ᠤᠨ ᠴᠢᠩᠳᠣᠤ ᠶᠢᠨ ᠲᠡᠯᠡᠶ ᠶᠢᠨ ᠪᠠᠷᠠᠭᠤᠨ ᠡᠷᠭᠢ ᠶᠢᠨ ᠰᠢᠨ᠎ᠡ | ᠲᠣᠭᠤᠷᠢᠭ᠂ ᠸᠧᠶ ᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠡᠷᠭᠡ 10 ᠰᠢᠶᠠᠨ ᠬᠤᠲᠠ | ᠲᠣᠭᠤᠷᠢᠭ ᠲᠠᠢ ᠬᠥᠳᠡᠯᠮᠦᠷᠢ ᠦᠢᠯᠡᠴᠢᠯᠡᠭᠡᠨ ᠤ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢᠨ ᠬᠠᠷᠢᠴᠠᠭ᠎ᠠ | ᠪᠠᠶᠢᠭᠤᠯᠵᠠᠢ᠃ ᠲᠡᠷᠡᠴᠢᠯᠡᠨ᠂ ᠲᠡᠳᠡᠭᠡᠷ ᠤᠨ ᠳᠣᠲᠣᠷᠠᠬᠢ 6 ᠭᠠᠵᠠᠷ ᠣᠷᠣᠨ ᠳᠤ ᠬᠥᠳᠡᠯᠮᠦᠷᠢ ᠦᠢᠯᠡᠴᠢᠯᠡᠭᠡᠨ ᠤ | ᠥᠷᠲᠡᠭᠡ ᠴᠡᠭ ᠭᠠᠷᠭᠠᠨ᠂ ᠬᠥᠳᠡᠯᠮᠦᠷᠢ ᠬᠦᠴᠦᠨ ᠢ ᠭᠠᠳᠠᠭᠰᠢ ᠭᠠᠷᠭᠠᠬᠤ ᠰᠢᠨ᠎ᠡ ᠠᠷᠭ᠎ᠠ ᠵᠠᠮ ᠢ ᠨᠡᠭᠡᠭᠡᠵᠦ᠂ | ᠮᠥᠷᠳᠡᠨ ᠦᠢᠯᠡᠴᠢᠯᠡᠬᠦ ᠰᠢᠨ᠎ᠡ ᠲᠠᠪᠴᠠᠩ ᠢ ᠪᠤᠢ ᠪᠣᠯᠭᠠᠪᠠ᠃ ︽ᠤᠷᠢᠬᠠᠨ ᠰᠠᠯᠬᠢᠨ ᠤ ᠠᠵᠢᠯᠯᠠᠭ᠎ᠠ︾᠂ ᠪᠡᠭᠡᠵᠢᠩ | ᠥᠪᠥᠷ ᠮᠣᠩᠭᠤᠯ ᠤᠨ ᠬᠥᠳᠡᠯᠮᠦᠷᠢ ᠬᠦᠴᠦᠨ ᠢ ᠵᠣᠯᠭᠠᠭᠤᠯᠬᠤ ᠪᠠ ᠬᠥᠷᠰᠢ ᠵᠡᠷᠭᠡᠯᠡᠳᠡᠭᠡ ᠮᠤᠵᠢ ᠣᠷᠣᠨ ᠯᠤᠭ᠎ᠠ ᠶᠢᠨ | ᠬᠥᠳᠡᠯᠮᠦᠷᠢ ᠬᠦᠴᠦᠨ ᠢ ᠵᠣᠯᠭᠠᠭᠤᠯᠬᠤ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠬᠥᠳᠡᠯᠮᠦᠷᠢ | ᠬᠦᠴᠦᠨ ᠤ ᠭᠠᠷᠭᠠᠯᠭ᠎ᠠ ᠶᠢᠨ ᠵᠣᠬᠢᠶᠠᠨ ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ᠃ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠪᠠ ᠰᠢᠶᠠᠨ ᠤ ᠬᠡᠪᠴᠢᠶᠡᠨ ᠤ ᠠᠵᠤ ᠠᠬᠤᠢ ᠶᠢᠨ | ᠬᠥᠭᠵᠢᠯᠲᠡ ᠶᠢᠨ ᠲᠣᠭᠤᠷᠢᠨ ᠳᠤ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠵᠣᠷᠢᠭᠵᠢᠭᠤᠯᠤᠨ | ᠬᠥᠭᠵᠢᠭᠦᠯᠬᠦ᠂ ᠳᠤᠮᠳᠠ ᠵᠢᠵᠢᠭ ᠠᠵᠤ ᠠᠬᠤᠶᠢᠯᠠᠯ ᠢ ᠲᠡᠳᠬᠦᠬᠦ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠥᠭᠵᠢᠯᠲᠡ ᠶᠢ ᠳᠡᠮᠵᠢᠬᠦ ᠪᠠ ᠬᠥᠲᠥᠯᠥᠨ ᠵᠢᠯᠣᠭᠤᠳᠴᠤ ᠪᠠᠶᠢᠭᠠᠳ ᠠᠵᠢᠯ ᠤᠨ ᠪᠠᠶᠢᠷᠢ ᠶᠢ | ᠨᠡᠮᠡᠭᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠰᠢᠩᠭᠡᠭᠡᠨ ᠠᠪᠴᠤ ᠠᠵᠢᠯ ᠣᠯᠭᠤᠵᠠᠢ᠃ | ᠰᠢᠨ᠎ᠡ ᠨᠢᠭᠡ ᠦᠶ᠎ᠡ ᠶᠢᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠲᠥᠯᠥᠪᠯᠡᠭᠡ᠂ ᠭᠡᠷ ᠠᠬᠤᠢ ᠶᠢᠨ ᠪᠣᠯᠪᠠᠰᠤᠷᠠᠯ ᠢ ᠳᠡᠭᠡᠭᠰᠢᠯᠡᠭᠦᠯᠬᠦ ᠠᠵᠢᠯᠯᠠᠭ᠎ᠠ᠂ ᠬᠦᠴᠦ ᠶᠠᠪᠤᠭᠴᠢ | ᠮᠠᠯᠴᠢᠨ ᠲᠠᠷᠢᠶᠠᠴᠢᠳ ᠤᠨ ᠨᠤᠲᠤᠭ ᠲᠤ ᠪᠠᠨ ᠪᠤᠴᠠᠵᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠠᠭᠢᠭᠤᠯᠪᠠ᠃ ᠣᠨᠴᠠᠯᠢᠭᠲᠤ ᠳᠠᠪᠠᠭᠤᠯᠢᠭ ᠠᠵᠤ ᠦᠢᠯᠡᠰ ᠲᠤ | ᠲᠦᠰᠢᠭᠯᠡᠨ᠂ ︽ᠱᠠᠩᠨᠠᠯ ᠢᠶᠠᠷ ᠨᠥᠬᠦᠪᠦᠷᠢ ᠶᠢ ᠣᠷᠣᠯᠠᠭᠤᠯᠬᠤ︾ ᠲᠥᠷᠥᠯ ᠵᠦᠢᠯ ᠢ ᠬᠡᠷᠡᠭᠵᠢᠭᠦᠯᠦᠭᠡᠳ᠂ ᠬᠦᠴᠦ | ᠶᠠᠪᠤᠭᠴᠢ ᠮᠠᠯᠴᠢᠨ ᠲᠠᠷᠢᠶᠠᠴᠢᠳ ᠤᠨ ᠠᠳᠠᠯ ᠦᠢᠯᠡᠰ ᠴᠣᠭᠴᠠᠯᠠᠬᠤ ᠪᠠ ᠨᠤᠲᠤᠭ ᠲᠤ ᠪᠠᠨ ᠪᠤᠴᠠᠵᠤ ᠠᠳᠠᠯ ᠦᠢᠯᠡᠰ | ᠴᠣᠭᠴᠠᠯᠠᠬᠤ ᠶᠢ ᠨᠢ ᠵᠣᠷᠢᠭᠵᠢᠭᠤᠯᠤᠨ ᠳᠠᠮᠵᠢᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠨᠤᠲᠤᠭ ᠳᠤ ᠪᠠᠨ | ᠪᠤᠴᠠᠵᠤ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ ᠪᠠ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠨᠤᠲᠤᠭ ᠲᠤ ᠪᠠᠨ | ᠪᠤᠴᠠᠵᠤ ᠠᠳᠠᠯ ᠦᠢᠯᠡᠰ ᠴᠣᠭᠴᠠᠯᠠᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ | ᠥᠨᠦ ᠪᠣᠯᠬᠤ ᠳᠤ᠂ ᠲᠦᠩᠯᠢᠶᠣᠤ ᠬᠤᠲᠠ 41.69 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ | ᠠᠵᠢᠯ ᠣᠯᠭᠤᠵᠤ᠂ 32.59 ᠲᠦᠮᠡᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠵᠤ | ᠲᠣᠭᠲᠠᠪᠤᠷᠢᠵᠢᠭᠤᠯᠪᠠ᠃ | |