ᠮᠠᠨᠵᠤᠤᠷ ᠬᠤᠲᠠ ᠨᠢᠭᠡᠨᠲᠡ ᠲᠤᠰᠠᠭᠠᠷᠯᠠᠭᠰᠠᠨ ᠬᠤᠷᠢᠶᠠᠯᠠᠯ ᠤᠳ ᠢ ᠪᠥᠬᠦ ᠲᠠᠯ᠎ᠠ ᠪᠠᠷ ᠠᠷᠢᠭᠤᠳᠬᠠᠨ ᠴᠡᠪᠡᠷᠯᠡᠪᠡ
ᠨᠡᠶᠢᠲᠡᠯᠡᠭᠰᠡᠨ ᠴᠠᠭ᠄
2020/12/2
     ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠶᠢᠷᠢᠯᠠᠭᠤᠯᠤᠯᠲᠠ ᠶᠣᠰᠣᠭᠠᠷ᠂ 11 ᠳ᠋ᠦ᠋ᠭᠡᠷ ᠰᠠᠷ᠎ᠠ ᠶᠢᠨ 28᠎ ᠤ ᠡᠳᠦᠷ᠂ ᠮᠠᠨᠵᠤᠤᠷ ᠬᠤᠲᠠ ᠶᠢᠨ ᠳ᠋ᠦᠩ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠮᠦᠨ᠎ᠡ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠠᠵᠢᠯᠲᠠᠳ ᠢ ᠪᠥᠬᠦ ᠲᠠᠯ᠎ᠠ ᠪᠠᠷ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠲᠣᠳᠣᠭᠠᠳᠤ ᠶᠢᠨ ᠪᠢᠲᠡᠭᠦᠮᠵᠢᠯᠡᠨ ᠲᠤᠰᠠᠭᠠᠷᠯᠠᠭᠰᠠᠨ ᠬᠤᠷᠢᠶᠠᠯᠠᠯ ᠳᠤ ︽ᠥᠨᠴᠥᠭ ᠪᠤᠯᠤᠩ ᠦᠯᠡᠳᠡᠭᠡᠯ ᠥᠬᠡᠶ᠂ ᠰᠣᠬᠤᠷ ᠪᠠᠯᠠᠶ ᠣᠷᠣᠨ ᠦᠯᠡᠳᠡᠭᠡᠯ ᠥᠬᠡᠶ᠂ ᠪᠦᠬᠦᠨ ᠢ ᠪᠦᠷᠬᠦᠭᠦᠯᠬᠦ︾ ᠮᠠᠶ᠋ᠢᠭ ᠢᠶᠠᠷ ᠬᠢᠵᠢᠭ ᠢ ᠰᠡᠷᠭᠡᠶᠢᠯᠡᠵᠦ ᠠᠷᠢᠭᠤᠳᠬᠠᠨ ᠴᠡᠪᠡᠷᠯᠡᠬᠦ ᠠᠵᠢᠯ ᠬᠢᠪᠠ᠃      ᠴᠢᠩ ᠬᠤᠸᠠ ᠶᠤᠸᠠᠨ ᠬᠤᠷᠢᠶᠠᠯᠠᠯ᠂ ᠴᠡᠷᠢᠭ ᠢ ᠬᠦᠷᠢᠶᠡᠯᠡᠬᠦ ᠬᠤᠷᠢᠶᠠᠯᠠᠯ᠂ ᠱᠢ ᠵᠢᠢ ᠶᠢᠨ ᠴᠧᠩ ᠬᠤᠶᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ ᠭᠠᠵᠠᠷ ᠲᠤ᠂ ᠲᠤᠬᠠᠶ ᠶᠢᠨ ᠲᠠᠯᠠᠪᠠᠢ ᠶᠢᠨ ᠠᠵᠢᠯᠲᠠᠳ ᠠᠷᠢᠭᠤᠳᠬᠠᠬᠤ ᠰᠦᠷᠴᠢᠭᠦᠷ  ᠢᠶᠠᠷ ᠬᠤᠷᠢᠶᠠᠯᠠᠯ ᠤᠨ ᠡᠭᠦᠳᠡ ᠬᠠᠭᠠᠯᠭ᠎ᠠ᠂ ᠠᠰᠠᠷ ᠤᠨ ᠭᠤᠳᠤᠮᠵᠢ᠂ ᠬᠤᠭ ᠨᠣᠪᠰᠢ ᠶᠢᠨ ᠰᠠᠪᠠ ᠵᠡᠷᠭᠡ ᠠᠷᠢᠭᠤᠨ ᠴᠡᠪᠡᠷ  ᠤᠨ ᠮᠤᠬᠤᠷ ᠪᠤᠯᠤᠩ ᠳᠤ ᠠᠷᠢᠭᠤᠳᠬᠠᠬᠤ ᠤᠰᠤ ᠰᠦᠷᠴᠢᠨ ᠰᠠᠴᠤᠵᠤ᠂ ᠪᠦᠬᠦ ᠲᠠᠯ᠎ᠠ ᠪᠠᠷ ᠠᠷᠢᠭᠤᠳᠬᠠᠨ ᠴᠡᠪᠡᠷᠯᠡᠬᠦ ᠪᠠᠷ ᠳᠠᠮᠵᠢᠨ ᠰᠠᠭᠤᠭᠠᠯᠢ ᠠᠷᠠᠳ ᠲᠤ ᠬᠢᠵᠢᠭ ᠤᠨ ᠪᠠᠶᠢᠳᠠᠯ ᠢ ︽ᠰᠡᠷᠭᠡᠶᠢᠯᠡᠨ ᠬᠠᠮᠠᠭᠠᠯᠠᠬᠤ ᠬᠡᠷᠡᠮ︾ ᠪᠤᠰᠬᠠᠵᠤ ᠥᠭᠪᠡ᠃      11 ᠳ᠋ᠦ᠋ᠭᠡᠷ ᠰᠠᠷ᠎ᠠ ᠶᠢᠨ 27᠎ ᠤ ᠡᠳᠦᠷ ᠠᠴᠠ ᠡᠬᠢᠯᠡᠵᠦ᠂ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳ᠋ᠦᠩ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠮᠦᠨ᠎ᠡ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠮᠢᠶ᠎ᠠ ᠪᠦᠬᠦᠢ ᠠᠵᠢᠯᠲᠠᠨ ᠢ ᠵᠣᠬᠢᠶᠠᠨ ᠪᠠᠶᠢᠭᠤᠯᠤᠨ ᠪᠦᠬᠦ ᠬᠤᠲᠠ ᠶᠢᠨ 9 ᠲᠤᠰᠠᠭᠠᠷᠯᠠᠭᠰᠠᠨ ᠬᠤᠷᠢᠶᠠᠯᠠᠯ ᠢ ᠡᠳᠦᠷ ᠪᠦᠷᠢ 2᠎ ᠠᠴᠠ ᠢᠯᠡᠭᠦᠦ ᠤᠳᠠᠭ᠎ᠠ ᠲᠦᠢᠯᠪᠤᠷᠢᠲᠠᠶ ᠠᠷᠢᠭᠤᠳᠬᠠᠬᠤ ᠶᠢᠨ ᠬᠠᠮᠲᠤ ᠠᠷᠢᠭᠤᠳᠬᠠᠯ ᠤᠨ ᠡᠮ ᠳᠤ ᠪᠠᠰᠠ ᠠᠷᠢᠭᠤᠳᠬᠠᠬᠤ ᠪᠠᠷᠢᠮᠵᠢᠶ᠎ᠠ ᠶᠢ ᠴᠢᠩᠭ᠎ᠠ ᠦᠨᠳᠦᠰᠦᠯᠡᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠬᠢᠵᠦ᠂ ᠥᠨᠴᠦᠭ ᠪᠣᠯᠣᠩ ᠦᠯᠡᠳᠡᠭᠡᠯ ᠦᠭᠡᠢ ᠪᠠᠷ ᠠᠷᠢᠭᠤᠳᠬᠠᠬᠤ ᠶᠢ ᠦᠨᠡᠨ ᠬᠦ ᠪᠠᠲᠤᠯᠠᠵᠤ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号