ᠠᠯᠪᠠᠨ ᠵᠠᠷ
ᠨᠡᠶᠢᠲᠡᠯᠡᠭᠰᠡᠨ ᠴᠠᠭ᠄
2020/12/21
     ᠮᠠᠨᠵᠤᠤᠷ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠪᠠ ᠵᠠᠯᠠᠶᠢᠨᠠᠭᠤᠷ ᠲᠣᠭᠤᠷᠢᠭ ᠤᠨ ᠭᠤᠷᠪᠠᠳᠤᠭᠠᠷ ᠭᠤᠳᠤᠮᠵᠢ ᠳᠤ ᠵᠠᠯᠭᠠᠭ᠎ᠠ ᠪᠠᠷ 14 ᠡᠳᠦᠷ ᠡᠪᠡᠳᠴᠢᠨ ᠤ ᠵᠢᠱᠢᠶ᠎ᠡ ᠰᠢᠨ᠎ᠡ ᠪᠠᠷ ᠡᠭᠦᠰᠦᠭᠰᠡᠨ ᠦᠭᠡᠢ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠬᠤ᠂ ᠣᠨᠣᠪᠴᠢᠲᠠᠢ ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠱᠠᠭᠠᠷᠳᠠᠯᠭ᠎ᠠ ᠪᠣᠯᠣᠨ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠦᠨᠳᠦᠰᠦᠯᠡᠨ᠂ ᠮᠠᠨᠵᠤᠤᠷ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠰᠤᠳᠤᠯᠤᠨ ᠲᠣᠭᠲᠠᠭᠠᠭᠰᠠᠨ ᠢᠶᠠᠷ᠄ 2020 ᠣᠨ ᠤ 12 ᠳ᠋ᠤᠭᠠᠷ ᠰᠠᠷ᠎ᠠ ᠶᠢᠨ 20 ᠤ ᠡᠳᠦᠷ ᠤᠨ 0 ᠴᠠᠭ ᠠᠴᠠ ᠡᠬᠢᠯᠡᠨ᠂ ᠮᠠᠨᠵᠤᠤᠷ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠪᠣᠯᠣᠨ ᠵᠠᠯᠠᠶᠢᠨᠠᠭᠤᠷ ᠲᠣᠭᠤᠷᠢᠭ ᠤᠨ ᠭᠤᠷᠪᠠᠳᠤᠭᠠᠷ ᠭᠤᠳᠤᠮᠵᠢ ᠶᠢ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠤᠨ ᠳᠤᠮᠳᠠ ᠲᠦᠭᠰᠢᠭᠦᠷᠢᠲᠦ ᠳᠡᠰ ᠤᠨ ᠭᠠᠵᠠᠷ ᠣᠷᠣᠨ ᠪᠠᠶᠢᠭᠰᠠᠨ ᠠᠴᠠ ᠨᠢ ᠳᠣᠣᠷ᠎ᠠ ᠲᠦᠭᠰᠢᠭᠦᠷᠢᠲᠦ ᠳᠡᠰ ᠤᠨ ᠭᠠᠵᠠᠷ ᠣᠷᠣᠨ ᠪᠤᠯᠭᠠᠨ ᠲᠣᠬᠢᠷᠠᠭᠤᠯᠪᠠ᠃ ᠮᠠᠨᠵᠤᠤᠷ ᠬᠤᠲᠠ ᠶᠢᠨ ᠪᠤᠰᠤᠳ ᠣᠷᠣᠨ ᠪᠦᠰᠡ ᠶᠢᠨ ᠠᠶᠤᠯ ᠲᠦᠭᠰᠢᠭᠦᠷᠢ ᠶᠢᠨ ᠳᠡᠰ ᠢ ᠬᠤᠪᠢᠷᠠᠭᠤᠯᠬᠤ ᠦᠭᠡᠢ᠃                ᠮᠠᠨᠵᠤᠤᠷ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ                ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ