12 ᠰᠠᠷ᠎ᠠ ᠶᠢᠨ 10 ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ | ᠤ ᠲᠡᠷᠢᠬᠦᠯᠡᠭᠴᠢ ᠪᠦ᠋ ᠰᠢᠶᠤᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥ ᠶᠢᠨ | ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠯᠲᠡ ᠶᠢ ᠰᠣᠨᠣᠰᠴᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠪᠣᠯᠤᠨ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠬᠡᠷᠡᠭᠵᠢᠭᠦᠯᠬᠦ ᠰᠠᠨᠠᠯ ᠵᠡᠷᠭᠡ ᠵᠦᠢᠯ ᠢ ᠰᠤᠳᠤᠯᠪᠠ᠃ | ᠬᠤᠷᠠᠯ ᠠᠴᠠ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽︿ᠵᠠᠰᠠᠭ ᠤᠨ ᠣᠷᠳᠣᠨ ᠤ ᠠᠵᠢᠯ ᠤᠨ ᠢᠯᠡᠳᠬᠡᠯ﹀ ᠤᠨ | ᠭᠤᠤᠯᠳᠠᠯᠭ᠎ᠠ ᠲᠠᠢ ᠠᠵᠢᠯ ᠤᠨ ᠰᠠᠯᠠᠭ᠎ᠠ ᠮᠥᠴᠢᠷ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ | ᠪᠣᠯᠤᠨ ᠥᠪᠡᠷᠲᠡᠭᠡᠨ ᠵᠠᠰᠠᠬᠤ ᠣᠷᠣᠨ ᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠠᠵᠢᠯ ᠤᠨ ᠬᠤᠪᠢᠶᠠᠷᠢᠯᠠᠯ ᠤᠨ ᠲᠣᠬᠢᠷᠠᠭᠤᠯᠤᠯᠲᠠ ᠲᠠᠢ ᠨᠠᠷᠢᠨ ᠬᠢᠨᠠᠮᠠᠭᠠᠶ | ᠬᠠᠷᠭᠤᠭᠤᠯᠵᠦ᠂ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠵᠦᠢᠯ ᠵᠤᠷᠪᠤᠰ ᠳᠠᠷᠠᠭᠠᠯᠠᠨ ᠨᠢᠭᠡᠳ ᠨᠢᠭᠡ ᠪᠠᠷ ᠡᠮᠬᠢᠯᠡᠨ ᠲᠢᠭᠯᠡᠵᠦ ᠪᠠᠶᠢᠴᠠᠭᠠᠨ ᠦᠵᠡᠬᠦ ᠬᠡᠷᠡᠭᠲᠡᠢ᠃ | ᠨᠠᠶᠢᠳᠠᠪᠤᠷᠢᠵᠢᠭᠤᠯᠤᠯᠲᠠ ᠨᠢ ᠵᠥᠷᠢᠶ᠎ᠡ ᠲᠠᠢ᠂ ᠠᠵᠢᠯ ᠢᠶᠠᠨ ᠪᠣᠳᠠᠲᠠᠶ ᠨᠠᠶᠢᠳᠠᠪᠤᠷᠢᠵᠢᠭᠤᠯᠤᠭᠰᠠᠨ ᠦᠭᠡᠢ ᠪᠠᠶᠢᠪᠠᠯ ᠰᠢᠯᠲᠠᠭᠠᠨ ᠢ ᠨᠢ ᠪᠠᠶᠢᠴᠠᠭᠠᠨ ᠲᠣᠳᠣᠯᠠᠵᠤ᠂ | ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠶᠢ ᠨᠢ ᠴᠢᠩᠭᠠᠳᠬᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠤ ᠲᠣᠭᠲᠠᠭᠠᠭᠰᠠᠨ ᠡᠯ᠎ᠡ ᠵᠦᠢᠯ ᠶᠢᠨ ᠬᠠᠷᠠᠯᠲᠠ ᠡᠭᠦᠷᠭᠡ ᠶᠢ ᠡᠷᠡᠰ ᠲᠦᠷᠭᠡᠨ᠂ ᠲᠡᠷᠡ ᠶᠣᠰᠣᠭᠠᠷ ᠨᠢ ᠪᠣᠳᠠᠲᠠᠶ ᠨᠠᠶᠢᠳᠠᠪᠤᠷᠢᠵᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠪᠠᠶᠢᠭᠤᠯᠤᠨ ᠪᠦᠷᠢᠨᠰᠢᠬᠦᠯᠬᠦ ᠪᠤᠯ ᠨᠠᠮ ᠤᠨ ᠲᠥᠪ ᠬᠤᠷᠢᠶᠠᠨ ᠤ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠬᠦᠴᠢᠷ | ᠠᠰᠠᠭᠤᠳᠠᠯ ᠢ ᠰᠢᠢᠳᠪᠦᠷᠢᠯᠡᠬᠦ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠮᠥᠨ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠵᠣᠷᠢᠭ ᠰᠠᠨᠠᠭᠠᠨ ᠤ ᠮᠥᠨ | ᠴᠢᠨᠠᠷ ᠢ ᠭᠦᠨᠵᠡᠭᠡᠶ ᠤᠶᠢᠯᠠᠭᠠᠨ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠭᠡᠷᠡᠭᠲᠡᠢ᠃ ᠣᠳᠣᠬᠠᠨ ᠤ ᠠᠵᠢᠯ | ᠤᠨ ᠰᠠᠭᠤᠷᠢᠨ ᠳᠡᠭᠡᠷ᠎ᠡ᠂ ᠮᠠᠨ ᠤ ᠣᠷᠣᠨ ᠤ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠴᠢᠭᠯᠡᠬᠦᠯᠦᠯᠳᠦ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ ᠪᠠ | ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠷᠠᠭᠤᠯᠵᠤ᠂ ᠴᠢᠨᠠᠷ ᠰᠠᠶᠢᠲᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠲᠣᠭᠲᠠᠭᠠᠬᠤ ᠶᠢ ᠦᠨᠡᠨ ᠬᠦ ᠪᠠᠲᠤᠯᠠᠬᠤ | ᠭᠡᠷᠡᠭᠲᠡᠢ ᠭᠡᠵᠦ ᠵᠢᠭᠠᠵᠦ ᠭᠠᠷᠭᠠᠪᠠ᠃ | ᠬᠤᠷᠠᠯ ᠠᠴᠠ ᠪᠠᠰᠠ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤᠮᠳᠠ ᠪᠠᠭ᠎ᠠ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠬᠦ ᠶᠢ | ᠰᠡᠷᠭᠡᠶᠢᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠵᠡᠷᠭᠡ ᠵᠦᠢᠯ ᠢ ᠰᠤᠳᠤᠯᠵᠠᠶ᠃ |