ᠪᠦ᠋ ᠰᠢᠶᠤᠤ ᠯᠢᠨ ᠠᠵᠤ ᠠᠬᠤᠶᠢᠯᠠᠯ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2021 ᠤᠨ ᠤ ᠠᠵᠢᠯ ᠵᠢᠴᠢ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠦᠭᠵᠢᠯᠳᠡ ᠶᠢᠨ ᠲᠤᠬᠠᠢ ᠰᠠᠨᠠᠯ ᠰᠠᠨᠠᠭᠤᠯᠭ᠎ᠠ ᠶᠢ ᠨᠢ ᠰᠤᠨᠤᠰᠴᠠᠢ
ᠨᠡᠶᠢᠲᠡᠯᠡᠭᠰᠡᠨ ᠴᠠᠭ᠄
2020/12/22

     12 ᠰᠠᠷ᠎ᠠ ᠶᠢᠨ 21 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2021 ᠤᠨ ᠤ ᠠᠵᠢᠯ ᠵᠢᠴᠢ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠦᠭᠵᠢᠯᠳᠡ ᠶᠢᠨ ᠲᠤᠬᠠᠢ ᠬᠡᠰᠡᠭ ᠠᠵᠤ ᠠᠬᠤᠢᠢᠯᠠᠯ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠳᠠᠨ ᠤ ᠰᠠᠨᠠᠯ ᠰᠠᠨᠠᠭᠤᠯᠭ᠎ᠠ ᠶᠢ ᠰᠤᠨᠤᠰᠴᠠᠢ᠃


     ᠶᠠᠷᠢᠯᠴᠠᠬᠤ ᠬᠤᠷᠠᠯ ᠳᠡᠭᠡᠷ᠎ᠠ᠂ ᠪᠤᠭᠤᠳᠤ ᠶᠢᠨ ᠪᠤᠯᠤᠳ ᠲᠡᠮᠦᠷ ᠤᠨ ᠪᠦᠯᠦᠭᠯᠡᠯ ᠺᠤᠮᠫᠠᠨᠢ᠂ ᠦᠪᠦᠷ ᠮᠤᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠺᠤᠮᠫᠠᠨᠢ᠂ ᠳᠤᠮᠳᠠᠳᠤ ᠤᠯᠤᠰ ᠤᠨ ᠰᠢᠯᠵᠢᠭᠡ ᠴᠢᠮᠡᠭᠡ ᠬᠤᠯᠪᠤᠭᠠᠨ ᠤ ᠪᠦᠯᠦᠭᠯᠡᠯ ᠤᠨ ᠦᠪᠦᠷ ᠮᠤᠩᠭᠤᠯ ᠤᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠪᠡᠯᠡ ᠤᠷᠤᠭᠤᠯᠤᠯᠳᠠ ᠶᠢᠨ ᠪᠦᠯᠦᠭᠯᠡᠯ ᠺᠤᠮᠫᠠᠨᠢ᠂ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨᠴᠢᠯᠠᠯᠳᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠦᠬᠡᠬᠤᠳᠠ ᠳᠠᠬᠢ ᠬᠤᠪᠢᠶᠠᠷᠢ ᠬᠦᠷᠢᠶᠡᠯᠡᠩ᠂ ᠦᠪᠦᠷ ᠮᠤᠩᠭᠤᠯ ᠤᠨ ᠢᠤᠢ ᠬᠠᠩ ᠷᠧᠨ ᠳᠡᠭᠡᠳᠤ ᠮᠡᠷᠭᠡᠵᠢᠯ ᠤᠨ ᠠᠵᠤ ᠦᠢᠯᠡᠰ ᠤᠨ ᠬᠢᠵᠠᠭᠠᠷᠳᠤ ᠺᠤᠮᠫᠠᠨᠢ᠂ ᠦᠪᠦᠷ ᠮᠤᠩᠭᠤᠯ ᠤᠨ ᠷᠦᠩ ᠴᠤᠤ ᠰᠤᠶᠤᠯ ᠤᠨ ᠠᠵᠤ ᠦᠢᠯᠡᠰ ᠤᠨ ᠬᠢᠵᠠᠭᠠᠷᠳᠤ ᠺᠤᠮᠫᠠᠨᠢ᠂ ᠪᠤᠭᠤᠳᠤ ᠶᠢᠨ ᠲᠢᠶᠠᠨ ᠱᠢ ᠬᠤᠪᠤᠷ ᠰᠢᠷᠤᠢ ᠶᠢᠨ ᠬᠢᠵᠠᠭᠠᠷᠳᠤ ᠺᠤᠮᠫᠠᠨᠢ᠂ ᠲᠠᠷᠢᠶᠠᠯᠠᠩ ᠤᠨ ᠪᠠᠩᠭᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠭᠢ᠂ ᠦᠪᠦᠷ ᠮᠤᠩᠭᠤᠯ ᠪᠠᠩᠭᠢ᠂ ᠵᠦᠩ ᠰᠢᠨ ᠪᠠᠩᠭᠢ ᠶᠢᠨ ᠬᠦᠬᠡᠬᠤᠳᠠ ᠳᠠᠬᠢ ᠬᠤᠪᠢᠶᠠᠷᠢ ᠪᠠᠩᠭᠢ᠂ ᠠᠷᠠᠳ ᠤᠨ ᠪᠠᠩᠭᠢ ᠶᠢᠨ ᠬᠦᠬᠡᠬᠤᠳᠠ ᠳᠠᠬᠢ ᠲᠦᠪ ᠰᠠᠯᠪᠤᠷᠢ ᠪᠠᠩᠭᠢ᠂ ᠦᠪᠦᠷ ᠮᠤᠩᠭᠤᠯ ᠤᠨ ᠪᠠᠩᠭᠢ ᠪᠠ ᠳᠠᠭᠠᠳᠬᠠᠯ ᠤᠨ ᠦᠢᠯᠡᠰ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠵᠡᠷᠭᠡ ᠠᠵᠤ ᠠᠬᠤᠢᠢᠯᠠᠯ ᠪᠠ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠳᠠᠨ ᠤᠷᠢᠳ ᠬᠤᠵᠢᠳ ᠦᠭᠡ ᠬᠡᠯᠡᠵᠤ᠂ ᠰᠠᠨᠠᠯ ᠰᠠᠨᠠᠭᠤᠯᠭ᠎ᠠ ᠳᠤᠷᠠᠳᠴᠠᠢ᠃
     ᠪᠦ᠋ ᠰᠢᠶᠤᠤ ᠯᠢᠨ ᠤᠯᠠᠨ ᠤ ᠬᠡᠯᠡᠭᠰᠡᠨ ᠢ ᠨᠠᠷᠢᠨ ᠬᠢᠨᠠᠮᠠᠭᠠᠢ ᠰᠤᠨᠤᠰᠴᠤ᠂ ᠬᠤᠯᠪᠤᠭᠳᠠᠯ ᠪᠦᠬᠦᠢ ᠠᠰᠠᠭᠤᠳᠠᠯ ᠢ ᠭᠦᠨᠵᠡᠭᠡᠢ ᠪᠤᠳᠤᠯᠬᠢᠯᠠᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠭᠢᠮ᠂ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠤᠨ ᠬᠢᠨ ᠢ ᠤᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠳᠠᠷᠠᠭ᠎ᠠ ᠵᠢᠯ ᠤᠨ ᠠᠵᠢᠯ ᠪᠤᠯᠤᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠳᠤ ᠰᠢᠩᠭᠡᠵᠤ ᠤᠷᠤᠭᠤᠯᠬᠤ ᠶᠢ ᠪᠠᠶᠢᠷᠢᠯᠠᠭᠤᠯᠪᠠ᠃
     ᠪᠦ᠋ ᠰᠢᠶᠤᠤ ᠯᠢᠨ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠡᠯ᠎ᠠ ᠠᠵᠢᠯ ᠦᠢᠯᠡᠰ ᠢᠯᠡᠳᠳᠡ ᠠᠮᠵᠢᠯᠳᠠ ᠤᠯᠤᠭᠰᠠᠨ ᠪᠤᠯᠪᠠᠴᠤ ᠮᠠᠨ ᠤ ᠤᠷᠤᠨ ᠤ ᠬᠦᠭᠵᠢᠭᠡᠳᠦᠢ ᠪᠠᠶᠢᠭ᠎ᠠ ᠦᠨᠳᠦᠰᠦᠨ ᠪᠠᠶᠢᠳᠠᠯ ᠦᠨᠳᠦᠰᠦᠨ ᠳᠡᠭᠡᠨ ᠬᠤᠪᠢᠷᠠᠭᠠᠳᠤᠢ᠂ ᠬᠦᠭᠵᠢᠯᠳᠡ ᠲᠡᠩᠴᠡᠭᠦᠷᠢ ᠦᠭᠡᠢ ᠭᠦᠢᠴᠡᠳ ᠦᠬᠡᠢ ᠠᠰᠠᠭᠤᠳᠠᠯ ᠮᠦᠨ ᠬᠦ ᠳᠤᠪᠤᠶᠢᠮ᠎ᠠ ᠤᠷᠤᠰᠢᠵᠤ ᠪᠠᠶᠢᠨ᠎ᠠ᠃ ︽ᠠᠷᠪᠠᠠ ᠲᠦᠷᠪᠡᠲᠦᠭᠡᠷ ᠲᠠᠪᠤᠠ ᠵᠢᠯ︾ ᠤᠨ ᠬᠤᠭᠤᠴᠠᠭ᠎ᠠ ᠪᠤᠯ ᠪᠢᠳᠡᠨ ᠤ ᠬᠦᠭᠵᠢᠯᠲᠠ ᠶᠢᠨ ᠴᠢᠬᠤᠯᠠ ᠪᠠᠶᠢᠯᠲᠤᠬᠤ ᠪᠤᠲᠤᠯᠭ᠎ᠠ ᠶᠢᠨ ᠠᠵᠠ ᠲᠤᠬᠢᠶᠠᠯᠲᠦ ᠬᠤᠭᠤᠴᠠᠭ᠎ᠠ ᠪᠤᠯᠤᠨ᠎ᠠ᠂ ᠨᠠᠮ ᠤᠨ ᠲᠦᠪ ᠬᠤᠷᠢᠶᠠᠠ ᠤ ᠤᠲᠤᠬᠠᠠ ᠤ ᠪᠠᠶᠢᠲᠠᠯ ᠤᠨ ᠲᠤᠬᠠᠢ ᠮᠠᠭᠠᠳᠯᠠᠯᠲᠠ᠂ 2021 ᠤᠨ ᠪᠤᠯᠤᠨ ︽ᠠᠷᠪᠠᠠ ᠲᠦᠷᠪᠡᠲᠦᠭᠡᠷ ᠲᠠᠪᠤᠨ ᠵᠢᠯ︾ ᠤᠨ ᠬᠤᠭᠤᠴᠠᠭᠠᠠ ᠤ ᠠᠵᠢᠯ ᠤᠨ ᠶᠡᠷᠦᠩᠭᠡᠢ ᠱᠠᠭᠠᠷᠲᠠᠯᠭ᠎ᠠ᠂ ᠲᠦᠷᠦ ᠶᠢᠨ ᠪᠤᠲᠤᠯᠭ᠎ᠠ ᠶᠢᠨ ᠬᠠᠨᠲᠤᠰᠢ ᠪᠤᠯᠤᠨ ᠭᠤᠤᠯᠳᠠᠯᠭ᠎ᠠ ᠲᠠᠢ ᠡᠬᠦᠷᠭᠡ ᠶᠢ ᠵᠦᠪ ᠤᠨᠤᠪᠴᠢᠲᠠᠢ ᠡᠵᠡᠮᠲᠡᠵᠦ᠂ ᠦᠪᠡᠷᠲᠡᠭᠡᠡ ᠵᠠᠰᠠᠬᠤ ᠤᠷᠤᠨ ᠤ ᠠᠵᠢᠯ ᠪᠠ ᠲᠦᠯᠦᠪᠵᠢᠭᠦᠯᠭᠡ ᠨᠢ ᠲᠦᠪ ᠤᠨ ᠱᠠᠭᠠᠷᠲᠠᠯᠭ᠎ᠠ ᠳᠤ ᠨᠡᠶᠢᠴᠡᠬᠦ᠂ ᠦᠪᠡᠷᠲᠡᠭᠡᠡ ᠵᠠᠰᠠᠬᠤ ᠤᠷᠤᠨ ᠤ ᠪᠤᠲᠠᠲᠤ ᠪᠠᠶᠢᠲᠠᠯ ᠳᠤ ᠨᠡᠶᠢᠴᠡᠬᠦ᠂ ᠦᠢᠯᠡᠲᠦᠯᠭᠡ ᠪᠤᠯᠤᠨ ᠲᠡᠤᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠳᠤᠯᠠᠬᠤ ᠬᠡᠷᠡᠭᠳᠠᠢ᠃ ᠨᠠᠮ ᠤᠨ ᠲᠦᠪ ᠬᠤᠷᠢᠶᠠᠠ ᠤ ᠦᠪᠡᠷᠲᠡᠭᠡᠡ ᠵᠠᠰᠠᠬᠤ ᠤᠷᠤᠨ ᠤ ᠲᠤᠬᠠᠢ ᠪᠠᠶᠢᠯᠲᠤᠬᠤ ᠪᠤᠲᠤᠯᠭ᠎ᠠ ᠶᠢᠨ ᠪᠠᠶᠢᠷᠢ ᠲᠤᠭᠲᠠᠭᠠᠯᠲᠠ ᠶᠢ ᠵᠦᠪ ᠤᠨᠤᠪᠴᠢᠲᠠᠢ ᠡᠵᠡᠮᠲᠡᠵᠦ᠂ ᠰᠢᠨ᠎ᠠ ᠬᠦᠭᠵᠢᠯᠲᠠ ᠶᠢᠨ ᠤᠢᠢᠯᠠᠭᠠᠭᠲᠠᠬᠤᠨ ᠢ ᠲᠤᠭᠤᠰᠢᠯᠠᠭᠤᠯᠤᠨ᠂ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠵᠢᠮ᠎ᠠ ᠶᠤᠰᠤ ᠶᠢ ᠬᠦᠨᠲᠦᠳᠭᠡᠵᠦ᠂ ᠠᠮᠢ ᠠᠬᠤᠢ ᠶᠢ ᠤᠷᠢᠳ ᠢᠶᠠᠷ ᠪᠤᠲᠤᠯᠬᠢᠯᠠᠬᠤ ᠪᠤᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠭᠰᠠᠠ ᠴᠢᠨᠠᠷ ᠰᠠᠶᠢᠲᠠᠢ ᠬᠦᠭᠵᠢᠯᠲᠠ ᠶᠢᠨ ᠰᠢᠨ᠎ᠠ ᠵᠠᠮ ᠢᠶᠠᠷ ᠭᠤᠶᠢᠪᠢᠰᠢ ᠦᠭᠡᠢ ᠰᠠᠶᠢᠳᠦᠷ ᠵᠠᠮᠨᠠᠬᠤ ᠭᠡᠷᠡᠭᠲᠡᠢ᠃ ᠠᠰᠠᠭᠤᠲᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ᠂ ᠦᠷ᠎ᠠ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠠᠵᠦ ᠦᠢᠯᠡᠰ ᠢ ᠰᠢᠯᠢᠲᠡᠭᠵᠢᠭᠦᠯᠦᠨ ᠲᠡᠰ ᠲᠡᠪᠰᠢᠭᠦᠯᠬᠦ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠴᠢᠲᠠᠪᠤᠷᠢ ᠶᠢ ᠲᠡᠭᠡᠭᠰᠢᠯᠡᠭᠦᠯᠬᠦ᠂ ᠨᠡᠶᠢᠭᠡᠮ ᠤᠨ ᠭᠡᠷᠡᠭᠯᠡᠭᠡᠡ ᠤ ᠭᠡᠷᠡᠭᠴᠡᠭᠡ ᠶᠢ ᠦᠷᠭᠡᠳᠭᠡᠬᠦ᠂ ᠰᠠᠭᠤᠷᠢ ᠲᠦᠬᠦᠭᠡᠷᠦᠮᠵᠢ ᠶᠢᠨ ᠪᠦᠲᠦᠭᠡᠡ ᠪᠠᠶᠢᠭᠤᠯᠤᠯᠲᠠ ᠶᠢ ᠴᠢᠩᠭᠠᠳᠬᠠᠬᠤ ᠶᠢ ᠠᠬᠢᠭᠤᠯᠵᠦ᠂ ᠬᠦᠭᠵᠢᠯᠲᠠ ᠶᠢᠨ ᠲᠤᠲᠠᠭᠤᠲᠠᠯ ᠢ ᠲᠦᠷᠭᠡᠡ ᠨᠦᠬᠦᠪᠦᠷᠢᠯᠡᠬᠦ ᠬᠡᠷᠡᠭᠲᠡᠢ᠃ ᠠᠷᠠᠳ ᠲᠦᠮᠠᠠ ᠢᠶᠠᠷ ᠭᠤᠤᠯ ᠪᠤᠯᠭᠠᠬᠤ ᠬᠦᠭᠵᠢᠯᠲᠠ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠤᠨ ᠠᠮᠢᠲᠤᠷᠠᠯ ᠢ ᠦᠷᠬᠦᠯᠵᠢᠯᠡᠡ ᠪᠠᠳᠤᠯᠠᠨ ᠰᠠᠶᠢᠵᠢᠷᠠᠭᠤᠯᠵᠦ᠂ ᠠᠷᠠᠳ ᠤᠯᠠᠠ ᠤ ᠤᠯᠠᠠ ᠳᠡᠰ ᠲᠠᠪᠬᠤᠷᠭ᠎ᠠ ᠶᠢᠨ ᠤᠯᠠᠠ ᠶᠠᠩᠵᠤ ᠶᠢᠨ ᠭᠡᠷᠡᠭᠴᠡᠭᠡ ᠱᠠᠭᠠᠷᠲᠠᠯᠭ᠎ᠠ ᠶᠢ ᠬᠠᠩᠭᠠᠬᠤ ᠭᠡᠷᠡᠭᠲᠡᠢ ᠭᠡᠵᠦ ᠵᠢᠭᠠᠵᠦ ᠭᠠᠷᠭᠠᠪᠠ᠃
     ᠪᠦ᠋ ᠰᠢᠶᠤᠤ ᠯᠢᠨ᠂ ᠠᠵᠦ ᠠᠬᠤᠢᠢᠯᠠᠯ ᠪᠤᠯᠤᠨ ᠠᠵᠤ ᠠᠠᠬᠤᠢᠢᠯᠠᠯᠲᠠᠠ ᠪᠤᠯ ᠠᠵᠦ ᠠᠬᠤᠢ ᠶᠢᠨ ᠬᠦᠭᠵᠢᠯᠲᠠ ᠶᠢ ᠠᠬᠢᠭᠤᠯᠬᠤ ᠴᠢᠬᠤᠯᠠ ᠬᠦᠴᠤᠨ ᠮᠦᠨ᠂ ᠪᠦᠬᠦ ᠨᠡᠶᠢᠭᠡᠮ ᠢᠶᠠᠷ ᠢᠶᠠᠨ ᠠᠵᠦ ᠠᠬᠤᠢᠢᠯᠠᠯᠲᠠᠠ ᠤ ᠵᠤᠷᠢᠭ ᠰᠠᠨᠠᠭ᠎ᠠ ᠶᠢ ᠶᠡᠭᠡ ᠪᠠᠷ ᠪᠠᠲᠠᠷᠠᠭᠤᠯᠵᠦ᠂ ᠠᠵᠦ ᠠᠬᠤᠢᠢᠯᠠᠯᠲᠠᠳ ᠨᠡᠶᠢᠭᠡᠮ ᠤᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠬᠦᠢᠴᠡᠳᠭᠡᠨ᠂ ᠰᠢᠨ᠎ᠠ ᠴᠠᠭ ᠦᠶ᠎ᠠ ᠳᠤ ᠰᠢᠨ᠎ᠠ ᠬᠦᠭᠵᠢᠯᠲᠠ ᠶᠢᠨ ᠪᠠᠶᠢᠷᠢᠰᠢᠯ ᠢ ᠴᠤᠭᠴᠠᠯᠠᠬᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤᠮᠳᠠ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠤ᠂ ᠠᠵᠦ ᠠᠬᠤᠢᠢᠯᠠᠯ ᠤᠨ ᠢᠶᠠᠨ ᠨᠡᠩ ᠶᠡᠭᠡ ᠬᠦᠭᠵᠢᠯᠲᠠ ᠶᠢ ᠪᠡᠶᠡᠯᠡᠭᠦᠯᠬᠦ ᠭᠡᠷᠡᠭᠲᠡᠢ᠃ ᠮᠦᠩᠭᠦᠠ ᠬᠦᠢᠯᠭᠡᠭᠡᠨ ᠪᠤᠯ ᠤᠲᠤ ᠦᠶ᠎ᠠ ᠶᠢᠨ ᠠᠵᠦ ᠠᠬᠤᠢ ᠶᠢᠨ ᠭᠤᠤᠯᠳᠠᠯᠭ᠎ᠠ ᠮᠦᠨ᠂ ᠮᠦᠩᠭᠦᠨ ᠬᠦᠢᠯᠭᠡᠭᠡᠡ ᠤ ᠪᠠᠶᠢᠭᠤᠯᠤᠮᠵᠢ ᠨᠢ ᠪᠤᠲᠠᠲᠤ ᠴᠤᠭᠴᠠ ᠶᠢᠨ ᠠᠵᠦ ᠠᠬᠤᠢ ᠶᠢ ᠨᠡᠩ ᠰᠠᠶᠢᠳᠦᠷ ᠲᠡᠮᠵᠢᠵᠦ᠂ ᠦᠪᠡᠷᠲᠡᠭᠡᠡ ᠵᠠᠰᠠᠬᠤ ᠤᠷᠤᠨ ᠤ ᠭᠤᠤᠯᠲᠠᠯᠭ᠎ᠠ ᠲᠠᠢ ᠠᠵᠦ ᠦᠢᠯᠡᠰ ᠤᠨ ᠬᠦᠭᠵᠢᠯᠲᠠ ᠪᠤᠯᠤᠨ ᠰᠢᠨᠵᠢᠯᠡᠬᠦ ᠤᠠᠬᠭᠠᠠ ᠲᠧᠭᠨᠢᠭ ᠮᠡᠷᠭᠡᠵᠢᠯ ᠤᠨ ᠰᠢᠨ᠎ᠠ ᠡᠭᠦᠳᠦᠯᠳᠡ ᠶᠢ ᠠᠬᠢᠭᠤᠯᠬᠤ ᠵᠡᠷᠭᠡ ᠶᠢᠨ ᠲᠤᠭᠤᠷᠢᠨ ᠳᠤ ᠮᠦᠩᠭᠦᠠ ᠬᠦᠢᠯᠭᠡᠭᠡᠡ ᠤ ᠲᠡᠮᠵᠢᠯᠭᠡ ᠶᠢᠨ ᠡᠷᠴᠢᠮ ᠢᠶᠠᠨ ᠦᠷᠬᠦᠯᠵᠢᠯᠡᠡ ᠴᠢᠩᠭᠠᠷᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
     ᠦᠪᠡᠷᠲᠡᠭᠡᠡ ᠵᠠᠰᠠᠬᠤ ᠤᠷᠤᠨ ᠤ ᠤᠲᠤᠷᠢᠲᠤᠯᠭ᠎ᠠ ᠵᠠᠩ ᠱᠤᠤ ᠴᠦᠨ᠂ ᠠᠢ ᠯᠢ ᠬᠤᠸᠡ᠂ ᠡᠸᠤ ᠶᠠᠩ ᠰᠢᠶᠤᠤ ᠬᠤᠢ᠂ ᠯᠢ ᠪᠢᠩ ᠷᠦᠩ᠂ ᠵᠧᠩ ᠬᠤᠩ ᠹᠠᠠ᠂ ᠬᠤᠸᠠᠩ ᡁᠢ ᠴᠢᠶᠠᠩ᠂ ᠡᡁᠧᠩ ᠰᠢᠶᠤᠤ ᠹᠠᠠ ᠵᠢᠴᠢ ᠬᠤᠯᠪᠤᠭᠲᠠᠯ ᠪᠦᠬᠦᠢ ᠰᠠᠯᠠᠭ᠎ᠠ ᠮᠦᠴᠢᠷ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠠ ᠶᠠᠷᠢᠯᠴᠠᠬᠤ ᠬᠤᠷᠠᠯ ᠳᠤ ᠤᠷᠤᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ