12 ᠳ᠋ᠤᠭᠠᠷ ᠰᠠᠷ᠎ᠠ ᠶᠢᠨ 20 ᠤ ᠡᠳᠦᠷ ᠤᠨ ᠪᠡᠭᠡᠵᠢᠩ ᠤᠨ ᠰᠢᠨᠬᠤᠸᠠ ᠬᠤᠷᠢᠶᠠᠨ ᠤ ᠴᠠᠬᠢᠯᠭᠠᠨ ᠮᠡᠳᠡᠭᠡ᠄ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠰᠢᠨ᠎ᠡ ᠠᠶᠠᠯᠠᠯ ᠢᠶᠠᠨ ᠡᠬᠢᠯᠡᠭᠦᠯᠪᠡ — 2020 | ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠠᠯᠬᠤᠮ ᠢ | ᠲᠥᠯᠦᠪᠵᠢᠭᠦᠯᠦᠭᠰᠡᠨ ᠢ ᠠᠵᠢᠬᠤ ᠨᠢ | ᠵᠢᠯ ᠤᠨ ᠡᠴᠦᠰ ᠪᠣᠯᠵᠤ᠂ ᠵᠢᠯ ᠳᠤ ᠨᠢᠭᠡ ᠤᠳᠠᠭ᠎ᠠ ᠶᠠᠪᠤᠭᠳᠠᠳᠠᠭ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠨᠢ ᠪᠦᠬᠦ ᠪᠥᠮᠪᠥᠷᠴᠡᠭ ᠤᠨ ᠠᠩᠬᠠᠷᠤᠯ ᠢ ᠲᠠᠲᠠᠪᠠ᠃ ᠡᠨᠡ ᠵᠢᠯ ᠤᠨ ᠬᠤᠷᠠᠯ ᠤᠨ ᠠᠬᠤᠶ ᠪᠠᠶᠢᠳᠠᠯ ᠨᠢ | ᠣᠨᠴᠠᠭᠠᠶ᠂ ᠵᠠᠩᠭᠢᠯᠠᠭ᠎ᠠ ᠨᠢ ᠴᠢᠬᠤᠯᠠ᠂ ᠠᠴᠢ ᠬᠤᠯᠪᠣᠭᠳᠠᠯ ᠨᠢ ᠶᠡᠭᠡ ᠶᠤᠮ᠃ | 12 ᠳ᠋ᠤᠭᠠᠷ ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ ᠪᠡᠭᠡᠵᠢᠩ ᠤᠨ ᠵᠢᠩ ᠰᠢ | ᠵᠣᠴᠢᠳ ᠤᠨ ᠪᠠᠭᠤᠳᠠᠯ᠃ | ︽ᠬᠤᠶᠠᠷ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠲᠤ ᠵᠣᠭᠰᠣᠵᠤ᠂ | 2020 ᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠨᠢ ᠳᠤᠮᠳᠠᠳᠤ ᠤᠯᠤᠰ ᠤᠨ ᠠᠵᠤ ᠠᠬᠤᠢ ᠶᠢᠨ | ᠬᠥᠭᠵᠢᠯᠲᠡ ᠶᠢᠨ ᠶᠡᠭᠡ ᠪᠤᠳᠤᠯᠭ᠎ᠠ ᠶᠢ ᠲᠥᠯᠥᠪᠵᠢᠭᠦᠯᠪᠡ᠃ | ᠶᠡᠷᠦᠩᠬᠡᠶ ᠱᠦᠵᠢ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠠᠵᠤ ᠠᠬᠤᠶ ᠶᠢᠨ ᠪᠠᠶᠢᠳᠠᠯ ᠢ ᠭᠦᠨᠵᠡᠭᠡᠶ ᠵᠠᠳᠠᠯᠵᠤ᠂ 2021 ᠣᠨ ᠤ ᠠᠵᠤ ᠠᠬᠤᠶ ᠶᠢᠨ | ᠠᠵᠢᠯ ᠤᠨ ᠶᠡᠷᠦᠩᠬᠡᠶ ᠱᠠᠭᠠᠷᠳᠠᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠳᠤᠷᠠᠳᠴᠤ᠂ | ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢ | ᠡᠬᠢᠯᠡᠭᠦᠯᠬᠦ ᠳᠤ ᠴᠢᠭᠯᠡᠯ ᠢ ᠲᠣᠭᠲᠠᠭᠠᠨ ᠥᠭᠪᠡ᠃ | | | | | ᠲᠡᠦᠬᠡ ᠵᠢᠨᠬᠠᠭᠤᠳᠠᠰᠤᠨᠠ ᠲᠡᠮᠳᠡᠭᠯᠡᠭᠳᠡᠬᠦ — ᠶᠡᠷᠦ ᠪᠤᠰᠤ ᠶᠢᠨ ᠣᠨ ᠵᠢᠯ ᠳᠠᠬᠢ ᠶᠡᠷᠦ ᠪᠤᠰᠤ ᠶᠢᠨ | ᠠᠮᠵᠢᠯᠲᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠦᠭ ᠲᠦᠮᠡᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠯᠬᠡᠭᠯᠡᠨ ᠲᠠᠮᠡᠴᠡᠭᠡᠳ᠂ ᠠᠷᠠᠳ ᠲᠦᠮᠡᠨ ᠳᠤ ᠲᠠᠭᠠᠰᠢᠶᠠᠭᠳᠠᠭᠰᠠᠨ᠂ | ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠬᠦ ᠬᠠᠷᠢᠭᠤᠯᠲᠠ ᠶᠢᠨ | ᠬᠠᠭᠤᠳᠠᠰᠤ ᠶᠢ ᠲᠤᠰᠢᠶᠠᠪᠠ᠃ | ︽ᠲᠦᠢᠯ ᠤᠨ ᠶᠡᠷᠦ ᠪᠤᠰᠤ︾ — ᠡᠨᠡ ᠤᠳᠠᠭᠠᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ | ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠡᠨᠡᠬᠦ ᠵᠠᠩᠭᠢᠯᠠᠭ᠎ᠠ ᠶᠢᠨ ᠦᠭᠡ ᠪᠠᠷ 2020 ᠣᠨ ᠢ | ᠬᠤᠷᠢᠶᠠᠩᠭᠤᠶᠢᠯᠠᠵᠤ᠂ ︽ᠡᠨᠡ ᠵᠢᠯ ᠪᠣᠯ ᠰᠢᠨ᠎ᠡ ᠳᠤᠮᠳᠠᠳᠤ ᠤᠯᠤᠰ ᠤᠨ ᠲᠡᠦᠬᠡᠨ ᠳᠠᠬᠢ ᠲᠦᠢᠯ ᠤᠨ ᠶᠡᠷᠦ | ᠪᠤᠰᠤ ᠶᠢᠨ ᠨᠢᠭᠡ ᠵᠢᠯ ᠪᠣᠯᠤᠨ᠎ᠠ︾ ᠭᠡᠵᠦ ᠴᠢᠬᠤᠯᠠᠴᠢᠯᠠᠪᠠ᠃ | ᠬᠤᠶᠠᠷ ᠡᠳᠦᠷ ᠬᠠᠭᠠᠰ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠨᠥᠬᠦᠳ ᠤᠳᠠᠯ ᠦᠭᠡᠢ | ᠥᠩᠭᠡᠷᠡᠬᠦ ᠭᠡᠵᠦ ᠪᠠᠶᠢᠭ᠎ᠠ ᠡᠨᠡ ᠨᠢᠭᠡᠨ ᠵᠢᠯ ᠢ ᠡᠷᠭᠢᠴᠡᠭᠦᠯᠬᠦ ᠳᠤ ᠪᠠᠨ ᠰᠡᠳᠬᠢᠯ ᠶᠡᠭᠡ ᠳᠣᠭᠳᠤᠯᠵᠤ ᠪᠠᠶᠢᠯ᠎ᠠ᠃ | ︽︿ᠲᠦᠢᠯ﹀ ᠭᠡᠳᠡᠭ ᠨᠢᠭᠡᠯᠡ ᠦᠭᠡᠨ ᠳᠤ ᠰᠦᠷ ᠳᠠᠯᠠᠶᠢᠴᠠᠲᠠᠢ᠂ ᠲᠦᠭ ᠲᠦᠮᠡᠨ ᠠᠶᠤᠯ ᠲᠦᠭᠰᠢᠭᠦᠷᠢ ᠲᠠᠢ᠂ | ᠮᠠᠭᠲᠠᠨ ᠳᠠᠭᠤᠯᠠᠭᠤᠰᠢᠲᠠᠢ᠂ ᠭᠡᠷᠡᠯ ᠰᠠᠴᠤᠷᠠᠩᠭᠤᠢ ᠠᠮᠵᠢᠯᠲᠠ ᠵᠡᠷᠭᠡ ᠡᠯᠪᠡᠭ ᠠᠭᠤᠯᠭ᠎ᠠ ᠶᠢ ᠪᠠᠭᠲᠠᠭᠠᠵᠠᠢ︾ ᠭᠡᠵᠦ | ᠵᠠᠷᠢᠮ ᠨᠥᠬᠦᠷ ᠬᠡᠯᠡᠪᠡ᠃ | ᠬᠤᠷᠠᠯ ᠠᠴᠠ ᠵᠢᠭᠠᠨ ᠭᠠᠷᠭᠠᠭᠰᠠᠨ ᠨᠢ᠂ ᠡᠨᠡ ᠵᠢᠯ ᠪᠥᠬᠦ ᠪᠥᠮᠪᠥᠷᠴᠡᠭ ᠤᠨ ᠠᠵᠤ ᠠᠬᠤᠶ ᠳᠤ ᠤᠴᠠᠷᠠᠭᠰᠠᠨ | ᠲᠠᠭᠠᠷᠢᠯᠲᠠ ᠨᠢ 1929 ᠣᠨ ᠤ ᠠᠵᠤ ᠠᠬᠤᠶ ᠶᠢᠨ ᠶᠡᠭᠡ ᠳᠣᠷᠤᠶᠢᠳᠠᠯ ᠲᠠᠢ ᠠᠳᠠᠯᠢ ᠥᠬᠡᠶ ᠪᠥᠭᠡᠳ 2008 | ᠣᠨ ᠤ ᠣᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ ᠤᠨ ᠦᠷᠪᠢᠰᠦᠯᠲᠡ ᠠᠴᠠ ᠪᠣᠯᠤᠭᠰᠠᠨ ᠨᠥᠯᠥᠭᠡ ᠲᠠᠢ | ᠴᠦ ᠠᠳᠠᠯᠢ ᠥᠬᠡᠶ ᠶᠤᠮ᠂ ᠬᠠᠷᠢᠨ ᠬᠠᠩᠭᠠᠯᠭ᠎ᠠ ᠲᠠᠰᠤᠷᠠᠭᠰᠠᠨ ᠪᠠ ᠬᠡᠷᠡᠭᠴᠡᠭᠡ ᠠᠪᠴᠢᠭᠰᠠᠨ ᠳᠠᠪᠬᠤᠷ | ᠲᠠᠭᠠᠷᠢᠯᠲᠠ ᠳᠤ ᠲᠤᠯᠭᠠᠷᠠᠪᠠ᠂ ᠬᠦᠴᠢᠷᠳᠡᠯ ᠨᠢ ᠤᠷᠢᠳ ᠡᠮᠦᠨ᠎ᠡ ᠪᠠᠶᠢᠭ᠎ᠠ ᠥᠬᠡᠶ ᠶᠤᠮ᠃ | ᠳᠤᠮᠳᠠᠳᠤ ᠤᠯᠤᠰ ᠤᠨ ᠠᠵᠤ ᠠᠬᠤᠶ ᠡᠷᠡᠨ ᠵᠠᠭᠤᠨ ᠳᠤ ᠬᠤᠪᠣᠷ ᠲᠣᠬᠢᠶᠠᠯᠳᠤᠬᠤ ᠭᠤᠷᠪᠠᠨ ᠳᠠᠪᠬᠤᠷ | ᠬᠦᠨᠳᠦ ᠨᠣᠴᠢᠲᠠᠶ ᠲᠠᠭᠠᠷᠢᠯᠲᠠ ᠳᠤ ᠤᠴᠠᠷᠠᠵᠠᠶ᠄ | ᠨᠢᠭᠡ ᠳᠤ ᠵᠠᠭᠤᠨ ᠵᠢᠯ ᠳᠤ ᠲᠣᠬᠢᠶᠠᠯᠳᠤᠭ᠎ᠠ ᠥᠬᠡᠶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ | ᠭᠡᠨᠡᠳᠲᠡ ᠡᠭᠦᠰᠪᠡ᠂ ᠬᠤᠶᠠᠷ ᠲᠤ ᠳᠡᠯᠡᠬᠡᠶ ᠶᠢᠨ ᠠᠵᠤ ᠠᠬᠤᠶ ᠳᠡᠯᠡᠬᠡᠶ ᠶᠢᠨ ᠬᠤᠶᠠᠳᠤᠭᠠᠷ ᠲᠡᠶᠢᠨ | ᠳᠠᠭᠤᠰᠤᠭᠰᠠᠨ ᠠᠴᠠ ᠨᠠᠭᠠᠰᠢᠳᠠ ᠬᠠᠮᠤᠭ ᠤᠨ ᠬᠦᠨᠳᠦ ᠨᠣᠴᠢᠲᠠᠶ ᠪᠠᠭᠤᠷᠠᠯᠲᠠ ᠳᠤ ᠤᠴᠠᠷᠠᠪᠠ᠂ ᠭᠤᠷᠪᠠ ᠳᠤ ᠪᠥᠬᠦ | ᠲᠠᠯ᠎ᠠ ᠪᠠᠷ ᠲᠠᠰ ᠳᠡᠪᠰᠢᠬᠦ ᠶᠢ ᠵᠠᠷᠢᠮ ᠤᠯᠤᠰ ᠬᠤᠷᠢᠭᠯᠠᠵᠤ᠂ ᠭᠠᠳᠠᠭᠠᠳᠤ ᠣᠷᠴᠢᠨ ᠳᠤ ᠯᠤᠲᠤ ᠶᠡᠭᠡ | ᠥᠷᠢᠰᠥᠯᠳᠦᠭᠡᠨ ᠠᠪᠴᠢᠷᠠᠪᠠ᠃ | ︽ᠡᠩ ᠲᠡᠷᠢᠭᠦᠨ ᠳᠤ ᠬᠢᠵᠢᠭ ᠤᠨ ᠪᠠᠶᠢᠳᠠᠯ ᠢ ᠬᠤᠷᠢᠭᠯᠠᠨ ᠵᠣᠭᠰᠤᠭᠠᠵᠤ︾ ︽ᠡᠩ ᠲᠡᠷᠢᠭᠦᠨ ᠳᠤ | ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠵᠦ︾ ︽ᠡᠩ ᠲᠡᠷᠢᠭᠦᠨ ᠳᠤ ᠠᠵᠤ ᠠᠬᠤᠢ ᠶᠢᠨ ᠨᠡᠮᠡᠭᠳᠡᠯ | ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠬᠤ ᠶᠢ ᠪᠡᠶᠡᠯᠡᠭᠦᠯᠵᠡᠢ︾᠂ ᠲᠤᠰ ᠤᠳᠠᠭᠠᠨ ᠤ ᠬᠤᠷᠠᠯ ᠨᠢ ︽ᠭᠤᠷᠪᠠᠨ | ᠡᠩ ᠲᠡᠷᠢᠭᠦᠨ︾ ᠢᠶᠠᠷ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠢᠯᠡ | ᠲᠣᠳᠣ ᠣᠨᠴᠠᠯᠢᠭ ᠢ ᠲᠣᠶᠢᠮᠤᠴᠢᠯᠠᠨ ᠳᠤᠷᠠᠳᠪᠠ᠃ | | | | | ︽ᠭᠤᠷᠪᠠᠨ ᠬᠦᠨᠳᠦ ᠨᠣᠴᠢᠲᠠᠢ ᠲᠠᠭᠠᠷᠢᠯᠳᠠ ᠳᠣᠣᠷ᠎ᠠ ︿ᠭᠤᠷᠪᠠᠨ ᠲᠡᠷᠢᠭᠦᠨ﹀ ᠢ ᠪᠡᠶᠡᠯᠡᠭᠦᠯᠵᠦ᠂ ᠳᠤᠮᠳᠠᠳᠤ | ᠤᠯᠤᠰ ᠨᠢᠭᠡᠨ ᠤᠳᠠᠭᠠᠨ ᠤ ᠠᠮᠵᠢᠯᠲᠠᠲᠠᠢ ᠲᠠᠶᠢᠨ ᠬᠢᠭᠰᠡᠨ ᠪᠥᠭᠡᠳ ︿ᠭᠤᠷᠪᠠᠨ ᠶᠡᠭᠡ ᠠᠮᠵᠢᠯᠲᠠ﹀ ᠶᠢ ᠣᠯᠵᠠᠢ᠄ | ᠡᠯᠪᠡᠭ ᠪᠠᠶᠠᠯᠢᠭ ᠪᠣᠳᠠᠰ ᠤᠨ ᠦᠷ᠎ᠡ ᠪᠦᠲᠦᠭᠡᠯ ᠢ ᠣᠯᠪᠠ︔ ᠣᠶᠤᠨ ᠰᠠᠨᠠᠭᠠᠨ ᠤ ᠡᠳ᠋ ᠪᠠᠶᠠᠯᠢᠭ ᠢ ᠣᠯᠪᠠ︔ | ᠶᠡᠭᠡ ᠪᠠᠷ ᠳᠡᠭᠡᠭᠰᠢᠯᠡᠭᠰᠡᠨ ᠳᠡᠯᠡᠬᠡᠶ ᠳᠡᠭᠡᠷᠡᠬᠢ ᠨᠥᠯᠥᠭᠡᠯᠡᠬᠦ ᠬᠦᠴᠦᠨ ᠢ ᠣᠯᠪᠠ ᠃ ᠪᠢᠳᠡᠨ ᠤ ᠨᠢᠭᠲᠠᠷᠠᠯ ᠤᠨ ᠬᠦᠴᠦᠨ᠂ | ᠲᠥᠪᠯᠡᠩᠭᠦᠢ ᠬᠦᠴᠦᠨ ᠶᠡᠭᠡ ᠪᠠᠷ ᠳᠡᠭᠡᠭᠰᠢᠯᠡᠪᠡ᠃︾ ᠭᠡᠵᠦ ᠬᠤᠷᠠᠯ ᠳᠤ ᠣᠷᠣᠯᠴᠠᠭᠰᠠᠨ ᠨᠢᠭᠡ ᠨᠥᠬᠦᠷ ᠰᠡᠳᠬᠢᠯ | ᠬᠥᠳᠡᠯᠦᠨ ᠬᠡᠯᠡᠪᠡ᠃ | ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠳᠡᠯᠡᠬᠡᠶ ᠶᠢᠨ ᠪᠠᠶᠢᠳᠠᠯ᠂ ᠬᠠᠲᠠᠭᠤ ᠪᠡᠷᠬᠡᠰᠢᠶᠡᠯᠲᠡᠢ ᠨᠦᠰᠡᠷ ᠬᠦᠨᠳᠦ | ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠢᠯᠠᠩᠭᠤᠶ᠎ᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ | ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ᠂ ᠪᠠᠶᠢᠳᠠᠯ ᠢ ᠣᠨᠣᠪᠴᠢᠲᠠᠶ ᠮᠠᠭᠠᠳᠯᠠᠨ᠂ ᠨᠠᠷᠢᠨ ᠨᠢᠮᠪᠠᠶ ᠲᠥᠯᠥᠪᠵᠢᠭᠦᠯᠦᠨ | ᠪᠠᠶᠢᠷᠢᠯᠠᠭᠤᠯᠵᠤ᠂ ᠡᠷᠡᠰ ᠰᠢᠭᠤᠷᠬᠠᠶ ᠪᠠᠷ ᠠᠵᠢᠯᠯᠠᠭ᠎ᠠ ᠬᠢᠵᠦ᠂ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ᠂ ᠲᠡᠦᠬᠡ ᠶᠢᠨ ᠬᠠᠭᠤᠳᠠᠰᠤᠨ ᠳᠤ | ᠲᠡᠮᠳᠡᠭᠯᠡᠭᠳᠡᠭᠰᠡᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃ | — ᠳᠤᠮᠳᠠᠳᠤ ᠤᠯᠤᠰ ᠪᠦᠬᠦ ᠪᠥᠮᠪᠥᠷᠴᠡᠭ ᠤᠨ ᠴᠤᠷ ᠤᠨ ᠭᠠᠭᠴᠠ ᠠᠵᠤ ᠠᠬᠤᠢ ᠶᠢᠨ ᠡᠶᠡᠷᠭᠦ ᠨᠡᠮᠡᠭᠳᠡᠯ ᠢ | ᠪᠡᠶᠡᠯᠡᠭᠦᠯᠦᠭᠰᠡᠨ ᠭᠤᠣᠯ ᠠᠵᠤ ᠠᠬᠤᠢ ᠶᠢᠨ ᠴᠣᠭᠴᠠ ᠪᠣᠯᠪᠠ᠃ ᠨᠢᠭᠡᠳᠦᠭᠡᠷ ᠤᠯᠠᠷᠢᠯ ᠳᠤ 6.8% ᠪᠠᠷ ᠪᠠᠭᠠᠰᠴᠤ᠂ | ᠬᠤᠶᠠᠳᠤᠭᠠᠷ ᠤᠯᠠᠷᠢᠯ ᠳᠤ 3.2% ᠢᠶᠠᠷ ᠨᠡᠮᠡᠭᠳᠡᠨ᠂ ᠭᠤᠷᠪᠠᠳᠤᠭᠠᠷ ᠤᠯᠠᠷᠢᠯ ᠳᠤ 4.9% ᠪᠠᠷ ᠳᠡᠭᠡᠭᠰᠢᠯᠡᠭᠡᠳ᠂ | ᠳᠤᠮᠳᠠᠳᠤ ᠤᠯᠤᠰ ᠤᠨ ᠠᠵᠤ ᠠᠬᠤᠢ ᠶᠢᠨ ᠡᠷᠭᠢᠯᠲᠡ ᠤᠯᠠᠷᠢᠯ ᠳᠠᠷᠠᠭᠠᠯᠠᠨ ᠰᠠᠶᠢᠵᠢᠷᠠᠵᠤ᠂ ᠠᠯᠬᠤᠮ ᠠᠯᠬᠤᠮ ᠢᠶᠠᠷ | ᠬᠡᠪ ᠤᠨ ᠪᠠᠶᠢᠳᠠᠯ ᠢᠶᠠᠨ ᠰᠡᠷᠭᠦᠭᠡᠨ᠂ ᠪᠦᠬᠦ ᠵᠢᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 100 ᠲᠦᠮᠡᠨ | ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ | ᠴᠢᠬᠤᠯᠠ ᠶᠡᠭᠡ ᠠᠬᠢᠴᠠ ᠲᠠᠢ ᠪᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠠᠯᠬᠤᠴᠠ | ᠲᠦᠷᠭᠡᠳᠴᠦ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠲᠠ ᠦᠭᠡᠢ | ᠴᠣᠯᠭᠤᠷᠠᠨ ᠢᠯᠡᠷᠡᠪᠡ᠃ ᠳᠤᠮᠳᠠᠳᠤ ᠤᠯᠤᠰ ᠤᠨ ᠠᠵᠤ ᠠᠬᠤᠶ ᠠᠶᠤᠯ ᠲᠦᠭᠰᠢᠭᠦᠷᠢ ᠲᠠᠢ ᠲᠡᠮᠡᠴᠡᠬᠦ ᠬᠦᠴᠦᠷᠬᠡᠭ | ᠶᠡᠭᠡ ᠴᠢᠳᠠᠪᠤᠷᠢ᠂ ᠡᠷᠡᠰ ᠬᠠᠲᠠᠭᠤ ᠤᠶᠠᠨ ᠬᠠᠳᠠᠨ ᠴᠢᠨᠠᠷ ᠢ ᠢᠯᠡᠷᠡᠭᠦᠯᠪᠡ᠃ | | | | | — ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠠᠮᠵᠢᠯᠲᠠ ᠤᠯᠪᠠ᠃ | ᠵᠢᠯ ᠤᠨ ᠡᠬᠢᠨ ᠳᠤ ᠦᠯᠡᠳᠡᠵᠦ ᠪᠠᠶᠢᠭᠰᠠᠨ 551 ᠲᠦᠮᠡᠨ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ | ᠠᠮᠠ ᠪᠠ 52 ᠶᠠᠳᠠᠭᠤ ᠬᠦᠴᠢᠷᠳᠡᠯᠲᠡᠢ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠠᠮᠢ ᠠᠬᠤᠶ ᠶᠢᠨ | ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ᠪᠣᠬᠢᠷᠲᠤᠯ ᠥᠬᠡᠶ ᠬᠥᠭᠵᠢᠯᠲᠡ ᠶᠢᠨ ᠬᠠᠨᠳᠤᠰᠢ | ᠰᠠᠶᠢᠨ ᠪᠠᠶᠢᠨ᠎ᠠ᠃ ᠨᠢᠭᠡ ᠪᠦᠯᠦᠭ ᠬᠦᠨᠳᠦ ᠶᠡᠭᠡ ᠠᠶᠤᠯ ᠲᠦᠭᠰᠢᠭᠦᠷᠢᠲᠦ ᠳᠠᠯᠳᠡ ᠭᠡᠮ ᠢ ᠣᠨᠣᠪᠴᠢᠲᠠᠢ ᠵᠠᠳᠠᠯᠵᠤ᠂ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠠᠵᠢᠯ ᠴᠢᠬᠤᠯᠠ ᠱᠠᠳᠤᠴᠢ ᠴᠢᠨᠠᠷᠲᠠᠢ ᠦᠷ᠎ᠡ | ᠪᠦᠲᠦᠭᠡᠯ ᠤᠯᠪᠠ᠃ | — ᠥᠭᠡᠷᠡᠴᠢᠯᠡᠯᠲᠡ ᠨᠡᠭᠡᠭᠡᠯᠲᠡ ᠴᠢᠬᠤᠯᠠ ᠳᠠᠪᠠᠯᠲᠠ ᠶᠢ ᠪᠡᠶᠡᠯᠡᠭᠦᠯᠪᠡ᠃ ᠬᠠᠶᠢᠨᠠᠨ ᠤ ᠴᠢᠯᠥᠭᠡᠲᠦ | ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠥᠭᠡᠷᠡᠴᠢᠯᠡᠯᠲᠡ ᠨᠡᠬᠡᠭᠡᠯᠲᠡ ᠶᠢᠨ | ᠠᠷᠭ᠎ᠠ ᠬᠡᠮᠵᠢᠶ᠎ᠡ ᠶᠢ ᠵᠠᠯᠭᠠᠭ᠎ᠠ ᠪᠠᠷ ᠨᠡᠶᠢᠲᠡᠯᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠤᠭᠤᠯᠤᠯᠲᠠ | ᠭᠠᠷᠭᠠᠯᠲᠠ ᠪᠠ ᠭᠠᠳᠠᠭᠠᠳᠤ ᠪᠡᠯᠡ ᠶᠢ ᠠᠰᠢᠭᠯᠠᠬᠤ ᠪᠠᠶᠢᠳᠠᠯ ᠰᠥᠷᠥᠨ ᠨᠡᠮᠡᠭᠳᠡᠵᠦ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠯᠠᠪᠳᠠᠭᠤᠨ ᠢᠶᠠᠷ ᠠᠬᠢᠵᠤ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ | ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠵᠥᠪᠳᠡᠯᠴᠡᠭᠡᠷ ᠲᠤ ᠭᠠᠷ ᠤᠨ ᠦᠰᠦᠭ ᠠᠮᠵᠢᠯᠲᠠ ᠲᠠᠢ ᠵᠢᠷᠤᠵᠤ᠂ | ᠥᠭᠡᠷᠡᠴᠢᠯᠡᠯᠲᠡ ᠨᠡᠭᠡᠭᠡᠯᠲᠡ ᠰᠢᠨ᠎ᠡ ᠡᠬᠢᠯᠡᠯᠲᠡ ᠶᠢᠨ ᠴᠡᠭ ᠠᠴᠠ ᠪᠠᠨ ᠠᠬᠢᠨ ᠮᠣᠷᠳᠠᠪᠠ᠃ | | | | | — ᠠᠷᠠᠳ ᠤᠨ ᠠᠮᠢᠳᠤᠷᠠᠯ ᠬᠦᠴᠦᠲᠡᠶ ᠪᠠᠲᠤᠯᠠᠭ᠎ᠠ ᠲᠠᠢ ᠪᠣᠯᠪᠠ᠃ ᠬᠤᠳᠠ ᠪᠠᠯᠭᠠᠰᠤᠨ ᠤ ᠰᠢᠨ᠎ᠡ ᠪᠠᠷ | ᠨᠡᠮᠡᠭᠳᠡᠭᠰᠡᠨ ᠠᠵᠢᠯ ᠣᠯᠭᠤᠯᠲᠠ 1100 ᠲᠦᠮᠡᠨ ᠬᠥᠮᠥᠨ ᠢ ᠳᠠᠪᠠᠵᠤ᠂ ᠰᠠᠭᠤᠭᠠᠯᠢ ᠠᠷᠠᠳ ᠤᠨ ᠣᠷᠣᠯᠭ᠎ᠠ ᠶᠢᠨ | ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠦᠨᠳᠦᠰᠦᠨ ᠳᠤ ᠪᠠᠨ ᠠᠳᠠᠯᠢ ᠠᠯᠬᠤᠮ ᠲᠠᠢ ᠪᠣᠯᠪᠠ᠃ ᠰᠣᠶᠣᠯ | ᠵᠢᠭᠤᠯᠴᠢᠯᠠᠯ᠂ ᠨᠡᠶᠢᠭᠡᠮ ᠤᠨ ᠪᠠᠲᠤᠯᠠᠭ᠎ᠠ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠨᠡᠶᠢᠭᠡᠮ ᠤᠨ ᠵᠠᠰᠠᠯᠲᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠵᠡᠷᠭᠡ | ᠠᠵᠢᠯ ᠦᠢᠯᠡᠰ ᠰᠢᠨ᠎ᠡ ᠠᠬᠢᠴᠠ ᠲᠠᠢ ᠪᠣᠯᠵᠤ᠂ ᠨᠡᠶᠢᠭᠡᠮ ᠤᠨ ᠬᠥᠭᠵᠢᠯᠲᠡ ᠶᠢᠨ ᠬᠦᠷᠢᠶᠡᠨ ᠳᠠᠬᠢ ᠳᠤᠲᠠᠭᠤᠳᠠᠯ ᠢ | ᠨᠥᠬᠦᠪᠥᠷᠢᠯᠡᠬᠦ ᠠᠵᠢᠯ ᠲᠦᠷᠭᠡᠪᠴᠢᠯᠡᠨ ᠠᠬᠢᠪᠠ᠃ ᠵᠠᠬ᠎ᠠ ᠳᠡᠯᠭᠡᠭᠦᠷ ᠤᠨ ᠬᠠᠩᠭᠠᠯᠭ᠎ᠠ ᠡᠯᠪᠡᠭ ᠳᠡᠯᠪᠡᠭ᠂ ᠦᠨ᠎ᠡ | ᠬᠠᠩᠰᠢ ᠦᠨᠳᠦᠰᠦᠨ ᠳᠤ ᠪᠠᠨ ᠲᠣᠭᠲᠠᠪᠤᠷᠢᠲᠠᠢ ᠪᠣᠯᠪᠠ᠃ | | | | | 2020 ᠣᠨ ᠪᠣᠯ ᠪᠠᠰᠠ ᠴᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠰᠡᠭᠦᠯ ᠬᠤᠷᠢᠶᠠᠬᠤ ᠵᠢᠯ ᠮᠥᠨ᠃ 5 ᠵᠢᠯ ᠤᠨ ᠲᠤᠷᠰᠢ ᠬᠠᠯᠠᠰᠢᠷᠠᠯ ᠦᠭᠡᠢ ᠲᠡᠮᠡᠴᠡᠬᠦ ᠪᠠᠷ ᠳᠠᠮᠵᠢᠭᠠᠳ᠂ ᠮᠠᠨ ᠤ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠢ ᠰᠢᠨ᠎ᠡ ᠠᠮᠵᠢᠯᠲᠠ ᠣᠯᠵᠤ᠂ ᠠᠵᠤ | ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ | ᠶᠡᠷᠦᠩᠬᠡᠢ ᠬᠦᠴᠦᠨ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠳᠠᠬᠢᠨᠲᠠ ᠰᠢᠨ᠎ᠡ ᠳᠡᠭᠲᠡᠷ ᠲᠤ ᠭᠠᠷᠴᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠯᠠᠯᠲᠠ ᠶᠢ ᠤᠳᠠᠯ ᠦᠭᠡᠢ ᠣᠯᠵᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠰᠢᠨ᠎ᠡ ᠨᠢᠭᠡᠨ ᠲᠣᠮᠣ ᠠᠯᠬᠤᠮ ᠢ ᠠᠯᠬᠤᠪᠠ᠃ | ︽ᠮᠠᠨ ᠤ ᠤᠯᠤᠰ ᠳᠡᠯᠡᠬᠡᠶ ᠶᠢᠨ ᠠᠵᠤ ᠠᠬᠤᠶ ᠶᠢᠨ ᠪᠠᠭᠤᠷᠠᠯᠲᠠ ᠶᠢᠨ ᠳᠤᠮᠳᠠ ᠰᠠᠯᠬᠢ ᠳᠠᠪᠠᠯᠭᠠᠨ ᠢ | ᠰᠥᠷᠥᠨ ᠤᠷᠤᠭᠰᠢᠯᠠᠪᠠ᠂ ᠡᠭᠦᠨ ᠢᠶᠠᠨ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡᠨ ᠳᠡᠭᠡᠷ᠎ᠡ | ᠣᠮᠤᠭ ᠪᠠᠭ᠋ᠠᠳᠤᠯ ᠲᠠᠢ ᠪᠠᠷ ᠪᠢᠴᠢᠵᠦ ᠪᠣᠯᠤᠨ᠎ᠠ︾᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠢᠯᠭᠠᠯᠲᠠ ᠶᠢᠨ ᠬᠠᠭᠤᠳᠠᠰᠤ ᠶᠢ ᠴᠢᠨᠠᠷ ᠰᠠᠶᠢᠲᠠᠶ ᠬᠠᠷᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ | ᠠᠬᠤᠶ ᠶᠢᠨ ᠦᠨᠳᠦᠰᠦᠨ ᠰᠠᠭᠤᠷᠢ ᠶᠢ ᠲᠣᠭᠲᠠᠪᠤᠷᠢᠵᠢᠭᠤᠯᠵᠤ᠂ ︿ᠳᠤᠮᠳᠠᠳᠤ ᠤᠯᠤᠰ ᠤᠨ ᠵᠠᠰᠠᠯᠲᠠ﹀ ᠶᠢᠨ | ᠢᠯᠡᠳᠲᠡ ᠳᠠᠪᠠᠭᠤᠯᠢᠭ ᠢ ᠪᠥᠬᠦ ᠲᠠᠯ᠎ᠠ ᠪᠠᠷ ᠢᠯᠡᠷᠡᠭᠦᠯᠪᠡ︾ ᠁ ᠳᠤᠭᠤᠶᠢᠯᠠᠩ ᠬᠤᠪᠢᠶᠠᠨ ᠶᠠᠷᠢᠯᠴᠠᠬᠤ | ᠦᠶ᠎ᠡ ᠳᠤ᠂ ᠡᠨᠡ ᠵᠢᠯ ᠤᠨ ᠪᠡᠷᠬᠡ ᠬᠠᠲᠠᠭᠤᠵᠢᠯᠲᠠᠶ ᠪᠠᠶᠢᠳᠠᠯ ᠪᠠ ᠣᠯᠤᠭᠰᠠᠨ ᠶᠡᠷᠦ ᠪᠤᠰᠤ ᠶᠢᠨ ᠠᠮᠵᠢᠯᠲᠠ | ᠪᠦᠲᠦᠮᠵᠢ ᠶᠢᠨ ᠲᠤᠬᠠᠶ ᠬᠤᠷᠠᠯ ᠳᠤ ᠣᠷᠣᠯᠴᠠᠭᠰᠠᠨ ᠨᠥᠬᠦᠳ ᠬᠥᠷ ᠬᠥᠭᠵᠢᠶᠡᠨ ᠲᠠᠢ ᠶᠠᠷᠢᠯᠴᠠᠵᠤ᠂ ᠭᠦᠨ | ᠲᠥᠷᠥᠭᠳᠡᠯ ᠲᠠᠢ ᠪᠠᠶᠢᠯ᠎ᠠ᠃ | ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠠᠮᠵᠢᠯᠲᠠ ᠪᠦᠲᠦᠮᠵᠢ ᠬᠢᠯᠪᠠᠷ ᠪᠤᠰᠤ ᠪᠠᠷ | ᠢᠷᠡᠭᠰᠡᠨ ᠶᠤᠮ᠂ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ | ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ | ᠪᠦᠬᠦ ᠪᠥᠮᠪᠥᠷᠴᠡᠭ ᠢ ᠠᠵᠢᠭᠯᠠᠪᠠᠯ᠂ ︽ᠳᠤᠮᠳᠠᠳᠤ ᠤᠯᠤᠰ ᠤᠨ ᠵᠠᠰᠠᠯᠲᠠ︾ ᠪᠣᠯᠤᠨ ︽ᠥᠷᠥᠨᠡᠳᠠᠬᠢᠨ ᠤ | ᠰᠠᠮᠠᠭᠤᠷᠠᠯ︾ ᠤᠨ ᠬᠠᠷᠢᠴᠠᠭᠤᠯᠤᠯ ᠨᠡᠩ ᠢᠯᠡ ᠲᠣᠳᠣ ᠪᠤᠯᠵᠤ᠂ ᠠᠷᠠᠳ ᠤᠯᠠᠨ ᠳᠣᠲᠣᠭᠠᠳᠤ ᠰᠡᠳᠬᠢᠯ ᠠᠴᠠ ᠪᠠᠨ | ᠨᠠᠮ ᠤᠨ ᠤᠳᠤᠷᠢᠳᠤᠯᠭ᠎ᠠ ᠶᠢ ᠬᠦᠷᠢᠶᠡᠯᠡᠵᠦ᠂ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠴᠢᠨᠠᠷ ᠢ ᠨᠡᠩ | ᠭᠦᠨᠵᠡᠭᠡᠢ ᠣᠶᠢᠯᠠᠭᠠᠵᠤ᠂ ᠠᠭᠤᠤ ᠶᠡᠭᠡ ᠡᠬᠡ ᠤᠯᠤᠰ ᠤᠨ ᠢᠶᠠᠨ ᠲᠥᠯᠥᠭᠡ ᠨᠡᠩ ᠴᠢᠩ ᠰᠡᠳᠬᠢᠯ ᠠᠴᠠ ᠪᠠᠨ | ᠣᠮᠣᠭᠰᠢᠵᠤ ᠪᠠᠶᠢᠨ᠎ᠠ᠃ | | | | | ᠡᠷᠬᠢᠮ ᠨᠠᠨᠳᠢᠨ ᠰᠡᠩᠬᠡᠷᠡᠭᠦᠯᠦᠯ — ᠴᠢᠬᠤᠯᠠ ᠶᠡᠭᠡ ᠵᠠᠩᠭᠢᠯᠠᠭ᠎ᠠ ᠶᠢᠨ ᠦᠶ᠎ᠡ ᠶᠢᠨ ᠴᠢᠬᠤᠯᠠ ᠶᠡᠭᠡ | ᠰᠢᠯᠭᠠᠯᠲᠠ᠂ ᠬᠠᠲᠠᠭᠤ ᠴᠢᠩᠭ᠎ᠠ ᠥᠷᠢᠰᠥᠯᠳᠦᠭᠡᠨ ᠤ ᠳᠣᠣᠷ᠎ᠠ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ | ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ ᠳᠤ᠂ ︽ᠲᠠᠪᠤᠨ ᠦᠨᠳᠦᠰᠦᠨ︾ ᠤ | ᠠᠭᠤᠯᠤᠭᠳᠠᠬᠤᠨ ᠭᠦᠨᠵᠡᠭᠡᠢ᠂ ᠰᠡᠩᠬᠡᠷᠡᠭᠦᠯᠦᠯ ᠭᠦᠨ ᠪᠠᠶᠢᠨ᠎ᠠ | ᠬᠤᠷᠠᠯ ᠠᠴᠠ ᠴᠢᠬᠤᠯᠠᠴᠢᠯᠠᠨ ᠵᠢᠭᠠᠵᠤ ᠭᠠᠷᠭᠠᠭᠰᠠᠨ ᠨᠢ᠂ ᠤᠯᠤᠰ ᠤᠨ ᠳᠣᠲᠣᠭᠠᠳᠤ ᠭᠠᠳᠠᠭᠠᠳᠤ ᠶᠢᠨ | ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠦᠢᠯᠡᠳᠦᠯᠭᠡ ᠳᠤᠮᠳᠠ᠂ ᠪᠢᠳᠡ ᠬᠠᠲᠠᠭᠤ | ᠴᠢᠩᠭ᠎ᠠ ᠥᠷᠢᠰᠥᠯᠳᠦᠭᠡᠨ ᠤ ᠳᠣᠣᠷ᠎ᠠ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠵᠢᠮ᠎ᠡ ᠶᠣᠰᠣᠴᠢ ᠴᠢᠨᠠᠷᠲᠠᠢ | ᠲᠠᠨᠢᠯᠲᠠ ᠪᠠᠨ ᠭᠦᠨᠵᠡᠭᠡᠶᠢᠷᠡᠭᠦᠯᠪᠡ᠃ | ︽ᠨᠠᠮ ᠤᠨ ᠲᠥᠪ ᠬᠤᠷᠢᠶᠠᠨ ᠤ ᠡᠷᠬᠡ ᠰᠦᠷ ᠪᠣᠯ ᠠᠶᠤᠯ ᠲᠦᠭᠰᠢᠭᠦᠷᠢᠲᠡᠢ ᠴᠠᠭ ᠮᠥᠴᠡ ᠳᠤ ᠪᠦᠬᠦ ᠨᠠᠮ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠴᠢᠷ ᠢ ᠰᠦᠷᠦᠨ ᠤᠷᠤᠭᠰᠢᠯᠠᠬᠤ | ᠦᠨᠳᠦᠰᠦᠨ ᠲᠦᠰᠢᠭ ᠲᠤᠯᠭᠠᠭᠤᠷᠢ ᠮᠥᠨ︾᠃ | ︽ᠠᠷᠠᠳ ᠲᠦᠮᠡᠨ ᠢ ᠳᠡᠭᠡᠳᠦᠯᠡᠬᠦ ᠪᠣᠯ ᠵᠥᠪ ᠰᠣᠩᠭᠤᠯᠲᠠ ᠬᠢᠬᠦ ᠶᠢᠨ ᠦᠨᠳᠦᠰᠦᠨ ᠤᠷᠢᠲᠠᠯ ᠮᠥᠨ︾᠃ | ︽ᠪᠠᠶᠢᠭᠤᠯᠤᠯ ᠤᠨ ᠳᠠᠪᠠᠭᠤᠯᠢᠭ ᠪᠣᠯ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠠᠤᠭ᠎ᠠ ᠶᠡᠭᠡ | ᠬᠦᠴᠦᠨ ᠢ ᠪᠦᠷᠢᠯᠳᠦᠭᠦᠯᠬᠦ ᠦᠨᠳᠦᠰᠦᠨ ᠪᠠᠲᠤᠯᠠᠭ᠎ᠠ ᠮᠥᠨ︾᠃ | ︽ᠰᠢᠨᠵᠢᠯᠡᠬᠦ ᠤᠬᠠᠭᠠᠨᠴᠢ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠ ᠪᠦᠲᠦᠭᠡᠯᠴᠢ ᠪᠠᠷ ᠠᠷᠭᠠᠴᠠᠭᠠᠬᠤ | ᠪᠣᠯ ᠠᠶᠤᠯ ᠲᠦᠭᠰᠢᠭᠦᠷᠢ ᠶᠢ ᠠᠵᠠ ᠲᠣᠬᠢᠶᠠᠯ ᠪᠤᠯᠭᠠᠨ ᠬᠤᠪᠢᠷᠠᠭᠤᠯᠬᠤ ᠶᠢᠨ ᠦᠨᠳᠦᠰᠦᠨ ᠠᠷᠭ᠎ᠠ ᠮᠥᠨ︾᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠪᠣᠯ | ᠬᠥᠭᠵᠢᠯᠲᠡ ᠶᠢᠨ ᠶᠡᠭᠡ ᠲᠠᠯ᠎ᠠ ᠶᠢ ᠠᠬᠢᠭᠤᠯᠬᠤ ᠶᠢᠨ ᠦᠨᠳᠦᠰᠦᠨ ᠲᠤᠯᠭᠠᠭᠤᠷᠢᠯᠠᠯ ᠮᠥᠨ︾᠃ | ᠬᠤᠷᠠᠯ ᠠᠴᠠ ᠳᠤᠷᠠᠳᠤᠭᠰᠠᠨ ᠡᠨᠡ ᠬᠦ ︽ᠲᠠᠪᠤᠨ ᠦᠨᠳᠦᠰᠦᠨ︾ ᠲᠤᠷᠰᠢᠯᠭ᠎ᠠ ᠨᠢ ᠥᠩᠭᠡᠷᠡᠭᠰᠡᠨ ᠢᠶᠠᠨ | ᠳ᠋ᠦᠩᠨᠡᠵᠦ᠂ ᠢᠷᠡᠭᠡᠳᠦᠢ ᠳᠤ ᠰᠡᠩᠬᠡᠷᠡᠭᠦᠯᠦᠯ ᠪᠣᠯᠪᠠ᠃ | ︽ᠡᠨᠡ ︿ᠲᠠᠪᠤᠨ ᠦᠨᠳᠦᠰᠦᠨ﹀ ᠪᠣᠯ ᠵᠢᠮ᠎ᠡ ᠶᠣᠰᠣ ᠮᠥᠨ᠂ ᠪᠠᠰᠠ ᠴᠤ ᠲᠤᠷᠰᠢᠯᠭ᠎ᠠ ᠮᠥᠨ᠂ ᠪᠢᠳᠡᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠢᠯᠠᠯᠲᠠ ᠠᠴᠠ ᠢᠯᠠᠯᠲᠠ ᠳᠤ ᠬᠥᠷᠬᠦ ᠶᠢᠨ | ᠦᠨᠳᠦᠰᠦᠨ ᠵᠢᠷᠤᠮᠯᠠᠯ ᠮᠥᠨ︾᠂ ᠬᠤᠷᠠᠯ ᠳᠤ ᠣᠷᠣᠯᠴᠠᠭᠰᠠᠨ ᠨᠥᠬᠦᠳ ᠶᠠᠷᠢᠯᠴᠠᠯᠭ᠎ᠠ ᠳᠤ ᠪᠠᠨ ᠨᠡᠶᠢᠳᠡᠮ | ᠦᠵᠡᠭᠰᠡᠨ ᠨᠢ᠂ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠵᠤ ᠠᠬᠤᠢ ᠶᠢᠨ ᠦᠵᠡᠯ ᠰᠠᠨᠠᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠤᠨ ᠳᠡᠭᠡᠳᠦ | ᠬᠡᠮᠵᠢᠶᠡᠨ ᠤ ᠬᠤᠷᠢᠶᠠᠩᠭᠤᠶᠢᠯᠠᠯ ᠪᠣᠯᠤᠨ᠎ᠠ᠃ | ︽ᠲᠠᠪᠤᠨ ᠦᠨᠳᠦᠰᠦᠨ︾ ᠤ ᠳᠣᠲᠣᠷ᠎ᠠ᠂ ︽ᠨᠠᠮ ᠤᠨ ᠲᠥᠪ ᠬᠤᠷᠢᠶᠠᠨ ᠤ ᠡᠷᠬᠡ ᠰᠦᠷ ᠪᠣᠯ ᠠᠶᠤᠯ | ᠲᠦᠭᠰᠢᠭᠦᠷᠢᠲᠡᠢ ᠴᠠᠭ ᠮᠥᠴᠡ ᠳᠤ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ | ᠬᠦᠴᠢᠷ ᠢ ᠰᠦᠷᠦᠨ ᠤᠷᠤᠭᠰᠢᠯᠠᠬᠤ ᠶᠢᠨ ᠦᠨᠳᠦᠰᠦᠨ ᠲᠦᠰᠢᠭ ᠮᠥᠨ︾ ᠭᠡᠬᠦ ᠵᠤᠷᠪᠤᠰᠪᠣᠯ ᠶᠡᠷᠦᠩᠬᠡᠢ ᠵᠠᠬᠢᠷᠤᠯᠲᠠ᠂ | ᠵᠠᠩᠭᠢᠯᠠᠭ᠎ᠠ ᠪᠣᠯᠤᠨ᠎ᠠ᠃ | | | | | ᠬᠤᠷᠠᠯ ᠠᠴᠠ ᠢᠯᠡ ᠲᠣᠳᠣᠷᠬᠠᠢ ᠳᠤᠷᠠᠳᠤᠭᠰᠠᠨ ᠨᠢ᠂ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ᠂ | ᠴᠢᠬᠤᠯᠠ ᠶᠡᠭᠡ ᠰᠢᠯᠭᠠᠯᠲᠠ ᠶᠢᠨ ᠡᠮᠦᠨ᠎ᠡ᠂ ᠨᠠᠮ ᠤᠨ ᠲᠥᠪ ᠬᠤᠷᠢᠶᠠᠨ ᠤ ᠮᠠᠭᠠᠳᠯᠠᠬᠤ ᠴᠢᠳᠠᠪᠤᠷᠢ᠂ ᠰᠢᠢᠳᠪᠦᠷᠢᠲᠦ | ᠪᠤᠳᠤᠯᠭ᠎ᠠ ᠲᠣᠭᠲᠠᠭᠠᠬᠤ ᠴᠢᠳᠠᠪᠤᠷᠢ᠂ ᠠᠵᠢᠯᠯᠠᠭ᠎ᠠ ᠠᠪᠬᠤ ᠴᠢᠳᠠᠪᠤᠷᠢ ᠪᠣᠯ ᠰᠢᠢᠳᠪᠦᠷᠢᠲᠦ ᠴᠢᠨᠠᠷᠲᠠᠢ ᠦᠢᠯᠡᠳᠦᠯ | ᠲᠠᠢ ᠶᠤᠮ᠃ | ︽ᠳᠤᠮᠳᠠᠳᠤ ᠤᠯᠤᠰ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠵᠤ᠂ ᠰᠠᠯᠬᠢ | ᠰᠦᠷᠦᠨ ᠳᠠᠪᠠᠯᠭᠠᠨ ᠢ ᠵᠦᠰᠦᠵᠦ ᠶᠡᠷᠦ ᠪᠤᠰᠤ ᠶᠢᠨ ᠠᠮᠵᠢᠯᠲᠠ ᠪᠦᠲᠦᠮᠵᠢ ᠣᠯᠤᠭᠰᠠᠨ ᠶᠠᠪᠤᠳᠠᠯ ᠨᠢ ᠭᠡᠨᠡᠳᠲᠡ ᠶᠢᠨ | ᠶᠠᠪᠤᠳᠠᠯ ᠪᠢᠰᠢ᠂ ᠠᠵᠠ ᠲᠣᠬᠢᠶᠠᠯ ᠪᠢᠰᠢ᠂ ᠬᠠᠮᠤᠭ ᠤᠨ ᠦᠨᠳᠦᠰᠦᠨ ᠵᠦᠢᠯ ᠪᠣᠯ ᠶᠡᠷᠦᠩᠬᠡᠢ ᠱᠦᠵᠢ ᠰᠢ ᠶᠢᠨ ᠫᠢᠩ | ᠪᠣᠯᠤᠨ ᠨᠠᠮ ᠤᠨ ᠲᠥᠪ ᠬᠤᠷᠢᠶ᠎ᠠ ᠵᠠᠮᠴᠢᠯᠠᠭᠴᠢ ᠪᠣᠯᠵᠤ ᠵᠠᠯᠠᠭᠤᠷ ᠪᠠᠷᠢᠭᠰᠠᠨ ᠳᠤ ᠪᠠᠶᠢᠨ᠎ᠠ︾ ᠭᠡᠵᠦ ᠨᠢᠭᠡᠨ ᠪᠢᠴᠢᠭ | ᠮᠠᠲ᠋ᠧᠷᠢᠶᠠᠯ ᠲᠤᠭᠤᠷᠪᠢᠬᠤ ᠳᠤᠭᠤᠶᠢᠯᠠᠩ ᠤᠨ ᠪᠦᠷᠢᠯᠳᠦᠬᠦᠨ ᠢᠩᠭᠢᠵᠦ ᠢᠯᠡᠳᠬᠡᠪᠡ᠃ | | | | | ᠰᠢᠶᠳᠪᠦᠷᠢᠲᠦ ᠪᠣᠳᠣᠯᠭ᠎ᠠ ᠲᠣᠭᠲᠠᠭᠠᠵᠤ ᠦᠬᠠᠨ ᠬᠤᠲᠠ ᠶᠢ ᠪᠢᠲᠡᠭᠦᠮᠵᠢᠯᠡᠬᠦ ᠠᠴᠠ ᠠᠪᠤᠭᠠᠳ ᠡᠮᠬᠢ ᠵᠢᠷᠤᠮ | ᠲᠠᠢ ᠪᠠᠷ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠬᠦᠷᠲᠡᠯ᠎ᠡ᠂ ᠤᠯᠤᠰ ᠳᠠᠶᠠᠭᠠᠷ ᠤᠨ | ᠬᠦᠴᠦᠨ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠢ ᠰᠠᠶᠢᠲᠤᠷ ᠬᠢᠬᠦ ᠠᠴᠠ ᠠᠪᠤᠭᠠᠳ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠠᠶᠢᠯᠠᠯᠳᠤᠭᠠᠨ ᠳᠤ ᠢᠯᠠᠯᠲᠠ ᠣᠯᠬᠤ ᠬᠦᠷᠲᠡᠯ᠎ᠡ ᠁ ᠣᠯᠠᠨ | ᠳᠠᠪᠬᠤᠴᠠᠭᠰᠠᠨ ᠬᠡᠯᠪᠡᠷᠢ ᠶᠢᠨ ᠲᠠᠭᠠᠷᠢᠯᠲᠠ ᠳᠤ ᠬᠠᠨᠳᠤᠵᠤ᠂ ᠶᠡᠷᠦᠩᠬᠡᠶ ᠱᠦᠵᠢ ᠰᠢ ᠶᠢᠨ ᠫᠢᠩ ᠶᠡᠷᠦ ᠪᠤᠰᠤ ᠶᠢᠨ | ᠠᠷᠭ᠎ᠠ ᠬᠡᠮᠵᠢᠶ᠎ᠡ ᠪᠠᠷ ᠶᠡᠷᠦ ᠪᠤᠰᠤ ᠶᠢᠨ ᠬᠦᠴᠢᠷᠳᠡᠯ ᠳᠤ ᠬᠠᠨᠳᠤᠵᠤ᠂ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ | ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠵᠤ᠂ ᠴᠠᠴᠠᠷ ᠲᠤ ᠰᠠᠭᠤᠵᠤ ᠰᠢᠶᠳᠪᠦᠷᠢᠲᠦ | ᠠᠷᠭ᠎ᠠ ᠭᠠᠷᠭᠠᠨ᠂ ᠠᠮᠠᠯᠠᠯᠲᠠ ᠪᠠᠨ ᠪᠡᠶᠡᠯᠡᠭᠦᠯᠵᠦ᠂ ᠲᠡᠯᠡᠶ ᠶᠢ ᠰᠢᠩᠭᠡᠭᠡᠬᠦ ᠪᠢᠯᠢᠭᠲᠦ ᠡᠷᠳᠡᠮ ᠪᠣᠯᠤᠨ ᠤᠳᠤᠷᠢᠳᠬᠤ | ᠭᠤᠤᠯᠯᠠᠭᠴᠢ ᠶᠢᠨ ᠦᠶᠯᠡᠳᠦᠯ ᠢᠶᠠᠨ ᠪᠠᠳᠠᠷᠠᠭᠤᠯᠵᠤ᠂ ᠶᠡᠭᠡ ᠰᠡᠳᠬᠢᠴᠡ ᠶᠡᠭᠡ ᠪᠠᠶᠢᠷᠢᠰᠢᠯᠠᠭᠤᠯᠤᠯᠲᠠ ᠪᠠᠷ ᠶᠡᠭᠡ | ᠬᠤᠪᠢᠰᠤᠯᠲᠠ ᠶᠢ ᠠᠷᠭᠠᠴᠠᠭᠠᠵᠤ᠂ ᠲᠥᠷᠥ ᠶᠢ ᠵᠠᠰᠠᠵᠤ ᠵᠠᠰᠠᠭ ᠢ ᠡᠷᠭᠢᠯᠡᠬᠦ ᠭᠠᠷᠮᠠᠭᠠᠶ ᠴᠢᠳᠠᠪᠤᠷᠢ ᠪᠠᠨ ᠳᠠᠬᠢᠨᠲᠠ | ᠢᠯᠡᠷᠡᠭᠦᠯᠪᠡ᠃ | ︽ᠡᠨᠡ ᠵᠢᠯ ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ ᠪᠣᠯ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠣᠳᠠᠲᠠᠢ | ᠦᠢᠯᠡᠳᠦᠯᠭᠡ ᠳᠤᠮᠳᠠ ᠣᠯᠣᠭᠰᠠᠨ ᠶᠡᠭᠡ ᠠᠮᠵᠢᠯᠲᠠ ᠪᠦᠲᠦᠮᠵᠢ᠂ ᠡᠯᠪᠡᠭ ᠪᠠᠶᠠᠯᠢᠭ ᠦᠷ᠎ᠡ ᠪᠦᠲᠦᠭᠡᠯ ᠪᠣᠯᠤᠨ᠎ᠠ︾ | ᠬᠡᠮᠡᠨ ᠬᠤᠷᠠᠯ ᠳᠤ ᠣᠷᠣᠯᠴᠠᠭᠰᠠᠨ ᠨᠥᠬᠦᠳ ᠳᠤᠭᠤᠶᠢᠯᠠᠩ ᠬᠤᠪᠢᠶᠠᠨ ᠶᠠᠷᠢᠯᠴᠠᠬᠤ ᠳᠤ ᠪᠠᠨ ᠦᠨᠡᠨ | ᠰᠡᠳᠬᠢᠯ ᠠᠴᠠ ᠪᠠᠨ ᠶᠠᠷᠢᠵᠠᠭᠠᠪᠠ᠃ | ︽ᠠᠷᠠᠳ ᠲᠦᠮᠡᠨ ᠢ ᠳᠡᠭᠡᠳᠦᠯᠡᠬᠦ︾ ︽ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ︾ ︽ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠠ ᠪᠦᠲᠦᠭᠡᠯᠴᠢ ᠴᠢᠨᠠᠷᠲᠠᠢ ᠠᠷᠭᠠᠴᠠᠭᠠᠬᠤ︾ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ︾ ᠁ ︽ᠦᠨᠳᠦᠰᠦᠨ︾ ᠨᠢᠭᠡᠪᠦᠷᠢ ᠳᠤ ᠴᠥᠮ ᠰᠡᠩᠬᠡᠷᠡᠭᠦᠯᠦᠯ ᠠᠭᠤᠯᠵᠤ ᠪᠤᠢ᠃ ᠡᠳᠡᠭᠡᠷ | ᠡᠷᠬᠢᠮ ᠨᠠᠨᠳᠢᠨ ᠲᠤᠷᠰᠢᠯᠭ᠎ᠠ ᠨᠢ ᠬᠥᠮᠦᠰ ᠤᠨ ᠢᠮᠠᠭᠲᠠ ᠡᠷᠡᠯᠬᠡᠭᠯᠡᠨ ᠲᠡᠮᠡᠴᠡᠬᠦ ᠶᠢ ᠵᠣᠷᠢᠭᠵᠢᠭᠤᠯᠵᠤ᠂ ᠳᠤᠮᠳᠠᠳᠤ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠳᠦᠯᠥᠨ ᠳᠠᠭᠠᠭᠤᠯᠵᠤ ᠰᠠᠭᠠᠳ ᠦᠭᠡᠢ | ᠤᠷᠤᠭᠰᠢᠯᠠᠭᠤᠯᠤᠮᠤᠢ᠃ | ᠰᠠᠷᠠᠨ ᠪᠦᠮᠪᠦᠷᠴᠡᠭ ᠢ ᠬᠠᠶᠢᠨ ᠰᠢᠨᠵᠢᠯᠡᠵᠦ᠂ ᠵᠡᠭᠦᠳᠦ ᠪᠠᠨ ᠲᠡᠷᠭᠡᠯᠰᠢᠭᠦᠯᠦᠨ ᠤᠷᠤᠭᠰᠢᠯᠠᠵᠠᠭᠠᠶ᠎ᠠ᠃ | ︽ᠡᠨᠡ ᠪᠣᠯ ᠰᠢᠨ᠎ᠡ ᠮᠠᠶ᠋ᠢᠭ ᠤᠨ ᠤᠯᠤᠰ ᠳᠠᠶᠠᠭᠠᠷᠴᠢᠯᠠᠭᠰᠠᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ | ᠬᠦᠴᠢᠷ ᠢ ᠲᠤᠭᠤᠯᠤᠨ ᠪᠡᠷᠬᠡ ᠶᠢ ᠳᠠᠪᠠᠭᠠᠳ ᠣᠯᠤᠭᠰᠠᠨ ᠪᠠᠰᠠ ᠨᠢᠭᠡᠨ ᠴᠢᠬᠤᠯᠠ ᠶᠡᠭᠡ ᠠᠮᠵᠢᠯᠲᠠ ᠪᠣᠯᠣᠨ᠎ᠠ︾᠂ | 12 ᠳ᠋ᠤᠭᠠᠷ ᠰᠠᠷ᠎ᠠ ᠶᠢᠨ 17 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ | ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠲᠠᠪᠤᠳᠤᠭᠠᠷ ᠤᠨ ᠡᠭᠦᠷᠭᠡ ᠲᠡᠭᠦᠰ | ᠠᠮᠵᠢᠯᠲᠠ ᠣᠯᠤᠭᠰᠠᠨ ᠳᠤ ᠪᠠᠶᠠᠷ ᠬᠦᠷᠭᠡᠪᠡ᠃ | | | | | ᠬᠤᠷᠠᠯ ᠤᠨ ᠬᠤᠭᠤᠴᠠᠭᠠᠨ ᠳᠤ᠂ 2 ᠺᠢᠯᠣᠭ᠍ᠷᠠᠮ ᠣᠷᠴᠢᠮ ᠤᠨ ᠰᠠᠷᠠᠨ ᠪᠦᠮᠪᠦᠷᠴᠡᠭ ᠤᠨ ᠬᠥᠷᠥᠰᠥ ᠶᠢ | ᠲᠡᠭᠡᠭᠡᠭᠰᠡᠨ ᠴᠠᠩ ᠧ ᠲᠠᠪᠤᠳᠤᠭᠠᠷ ᠬᠠᠶᠢᠭᠤᠷ ᠠᠮᠵᠢᠯᠲᠠ ᠲᠠᠢ ᠪᠠᠷ ᠪᠤᠴᠠᠵᠤ ᠢᠷᠡᠭᠰᠡᠨ ᠨᠢ ᠬᠤᠷᠠᠯ ᠳᠤ | ᠣᠷᠣᠯᠴᠠᠭᠰᠠᠳ ᠤᠨ ᠠᠩᠬᠠᠷᠤᠯ ᠪᠠ ᠬᠠᠯᠠᠭᠤᠨ ᠶᠠᠷᠢᠯᠴᠠᠭ᠎ᠠ ᠶᠢ ᠲᠠᠲᠠᠭᠰᠠᠨ ᠪᠠᠶᠢᠨ᠎ᠠ᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ | ᠬᠦᠴᠦᠷᠬᠡᠭᠵᠢᠭᠦᠯᠬᠦ ᠪᠣᠯ ᠬᠥᠭᠵᠢᠯᠲᠡ ᠶᠢᠨ ᠶᠡᠭᠡ ᠲᠠᠯ᠎ᠠ ᠶᠢ ᠠᠬᠢᠭᠤᠯᠬᠤ ᠦᠨᠳᠦᠰᠦᠨ ᠲᠦᠰᠢᠭ ᠲᠤᠯᠭᠠᠭᠤᠷᠢ ᠮᠥᠨ᠂ | ᠡᠭᠦᠨ ᠢ ᠪᠢᠳᠡ ᠨᠡᠩ ᠭᠦᠨᠵᠡᠭᠡᠶ ᠣᠶᠢᠯᠠᠭᠠᠪᠠ︾᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ | ᠮᠥᠴᠢᠷ ᠠᠴᠠ ᠢᠷᠡᠭᠰᠡᠨ ᠬᠤᠷᠠᠯ ᠳᠤ ᠣᠷᠣᠯᠴᠠᠭᠰᠠᠨ ᠨᠢᠭᠡᠨ ᠨᠥᠬᠦᠷ ᠢᠯᠡᠳᠬᠡᠭᠰᠡᠨ ᠨᠢ᠂ ︽ᠲᠡᠮᠡᠴᠡᠭᠴᠢ︾ | ᠨᠡᠷᠡᠮᠵᠢᠲᠦ ᠲᠦᠮᠡᠨ ᠮᠧᠲᠷ ᠤᠨ ᠭᠦᠨ ᠳᠠᠯᠠᠶ ᠳᠤ ᠱᠤᠩᠭᠤᠬᠤ ᠲᠤᠷᠰᠢᠯᠲᠠ ᠠᠴᠠ ᠠᠪᠤᠭᠠᠳ ︽ᠵᠢᠦ ᠵᠠᠩ︾ | ᠺᠸᠠᠨ᠋ᠲ ᠺᠣᠮᠫᠢᠦ᠋ᠲ᠋ᠧᠷ ᠢ ᠰᠤᠳᠤᠯᠤᠨ ᠦᠢᠯᠡᠳᠬᠦ ᠠᠵᠢᠯ ᠴᠢᠬᠤᠯᠠ ᠠᠬᠢᠯᠲᠠ ᠲᠠᠢ ᠪᠣᠯᠣᠭᠰᠠᠨ ᠬᠦᠷᠲᠡᠯ᠎ᠡ᠂ ᠠᠯᠢ | ᠣᠯᠠᠨ ᠰᠢᠨ᠎ᠡ ᠡᠭᠦᠳᠦᠯᠲᠡ ᠶᠢᠨ ᠦᠷ᠎ᠡ ᠪᠦᠲᠦᠮᠵᠢ ᠨᠢ ᠵᠢᠯ ᠤᠨ ᠡᠴᠦᠰ ᠲᠤ ᠭᠡᠷᠡᠯ ᠰᠠᠴᠤᠷᠠᠩᠭᠤᠢ ᠪᠠᠷ ᠢᠯᠡᠷᠡᠨ | ᠳᠣᠳᠤᠷᠠᠵᠤ᠂ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠢᠳᠡᠷᠡᠭᠦᠨ ᠠᠯᠬᠤᠭ᠎ᠠ ᠶᠢ ᠭᠡᠷᠡᠴᠢᠯᠡᠬᠦ | ᠪᠣᠯᠣᠨ᠎ᠠ᠃ | ︽ᠤᠳᠠᠭ᠎ᠠ ᠪᠦᠷᠢ ᠬᠤᠷᠠᠯ ᠳᠤ ᠣᠷᠣᠯᠴᠠᠨ᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠂ ᠠᠵᠢᠯ ᠤᠨ | ᠪᠠᠶᠢᠷᠢᠯᠠᠭᠤᠯᠤᠯᠲᠠ ᠶᠢ ᠰᠣᠨᠣᠰᠬᠤ ᠪᠦᠷᠢ ᠢᠲᠡᠭᠡᠯ ᠨᠡᠩ ᠪᠠᠲᠤ ᠴᠢᠩᠭ᠎ᠠ ᠪᠣᠯᠳᠠᠭ︕︾ ︽ᠶᠡᠭᠡ ᠳᠠᠶᠢᠯᠠᠯᠳᠤᠭᠠᠨ | ᠶᠡᠭᠡ ᠰᠢᠯᠭᠠᠯᠲᠠ ᠳᠤ ᠭᠤᠣᠯᠳᠠᠯᠭ᠎ᠠ ᠶᠢ ᠨᠢ ᠠᠵᠢᠵᠤ᠂ ᠡᠷᠡᠰ ᠴᠢᠩᠭ᠎ᠠ ᠲᠦᠰᠢᠭ ᠲᠤᠯᠭᠠᠭᠤᠷᠢ ᠨᠢ ᠬᠥᠮᠥᠨ ᠢ | ᠪᠢᠰᠢᠷᠡᠭᠦᠯᠳᠡᠭ︕︾ ᠬᠤᠷᠠᠯ ᠳᠤ ᠣᠷᠣᠯᠴᠠᠭᠰᠠᠨ ᠨᠥᠬᠦᠳ ᠴᠥᠮ ᠡᠶᠢᠮᠦ ᠭᠦᠨᠵᠡᠭᠡᠶ ᠲᠥᠷᠥᠭᠳᠡᠯ ᠲᠠᠢ ᠪᠣᠯᠵᠤ᠂ | ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠬ᠎ᠠ ᠤᠳᠤᠷᠢᠳᠤᠯᠭ᠎ᠠ | ᠪᠠᠶᠢᠬᠤ ᠪᠣᠯᠬᠤᠷ ︽ᠲᠠᠪᠤᠨ ᠦᠨᠳᠦᠰᠦᠨ︾ ᠵᠢᠮ᠎ᠡ ᠶᠣᠰᠤᠴᠢ ᠲᠤᠷᠰᠢᠯᠭ᠎ᠠ ᠶᠢ ᠭᠦᠨᠵᠡᠭᠡᠶ ᠣᠶᠢᠯᠠᠭᠠᠵᠤ | ᠲᠤᠭᠤᠰᠢᠯᠠᠭᠤᠯᠪᠠᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠯᠠᠪᠲᠠᠶ ᠢᠯᠠᠭᠳᠠᠰᠢ | ᠦᠭᠡᠢ ᠪᠠᠶᠢᠷᠢᠨ ᠳᠤ ᠰᠡᠬᠦᠶᠢᠵᠦ᠂ ᠨᠡᠩ ᠶᠡᠭᠡ ᠰᠢᠨ᠎ᠡ ᠭᠠᠶᠢᠬᠠᠮᠰᠢᠭ ᠢ ᠲᠠᠰᠤᠷᠠᠯᠳᠠ ᠦᠭᠡᠢ ᠡᠭᠦᠳᠦᠨ ᠪᠦᠲᠦᠭᠡᠵᠦ | ᠴᠢᠳᠠᠬᠤ ᠶᠤᠮ᠃ | ᠰᠢᠨ᠎ᠡ ᠪᠠᠶᠢᠳᠠᠯ ᠢ ᠡᠭᠦᠳᠬᠦ — ᠰᠢᠨ᠎ᠡ ᠡᠬᠢᠯᠡᠯᠲᠡ ᠰᠢᠨ᠎ᠡ ᠲᠡᠮᠡᠴᠡᠯ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤ ᠢᠷᠡᠬᠦ ᠵᠢᠯ ᠠᠩᠬᠠᠨ ᠤ ᠠᠯᠬᠤᠮ ᠢᠶᠠᠨ ᠰᠠᠶᠢᠲᠤᠷ ᠠᠯᠬᠤᠵᠤ᠂ ᠰᠢᠨ᠎ᠡ ᠳᠦᠷᠰᠦ | ᠪᠠᠶᠢᠳᠠᠯ ᠲᠠᠢ ᠪᠣᠯᠬᠤ ᠬᠡᠷᠡᠭᠲᠡᠶ | ᠰᠠᠯᠬᠢ ᠳᠠᠪᠠᠯᠭᠠᠨ ᠢ ᠰᠦᠷᠦᠨ ᠣᠷᠣᠭᠰᠢᠯᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠬᠥᠯᠭᠡ | ᠣᠩᠭᠤᠴᠠ ᠠᠭᠤᠳᠠᠮ ᠳᠠᠯᠠᠢ ᠶᠢᠨ ᠰᠢᠨ᠎ᠡ ᠣᠷᠣᠨ ᠢᠶᠠᠷ ᠠᠶᠠᠯᠠᠬᠤ ᠪᠣᠯᠣᠨ᠎ᠠ᠃ | 2021 ᠣᠨ ᠪᠣᠯ ᠮᠠᠨ ᠤ ᠤᠯᠤᠰ ᠤᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠠᠬᠢᠴᠠ ᠳᠠᠬᠢ | ᠣᠨᠴᠠᠭᠠᠶ ᠴᠢᠬᠤᠯᠠ ᠴᠢᠨᠠᠷ ᠪᠦᠬᠦᠢ ᠨᠢᠭᠡ ᠵᠢᠯ ᠪᠣᠯᠬᠤ— ︽ᠠᠷᠪᠠᠨ ᠳᠥᠷᠪᠡᠳᠦᠭᠡᠷ ᠲᠠᠪᠤᠨ ᠵᠢᠯ︾ ᠤᠨ | ᠡᠬᠢᠯᠡᠯᠲᠡ ᠶᠢᠨ ᠵᠢᠯ ᠮᠥᠨ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠨ ᠡᠬᠢᠯᠡᠬᠦ ᠪᠣᠯᠣᠨ᠎ᠠ᠃ | ᠭᠡᠪᠡᠴᠦ ᠤᠷᠤᠭᠰᠢᠯᠠᠬᠤ ᠵᠠᠮ ᠪᠣᠯ ᠲᠡᠶᠢᠮᠦ ᠲᠡᠭᠰᠢ ᠳᠠᠷᠳᠠᠩ ᠪᠢᠰᠢ ᠶᠤᠮ᠂ ᠢᠯᠠᠯᠲᠠ ᠶᠢᠨ ᠲᠡᠷᠲᠡᠭᠡ | ᠡᠷᠭᠢ ᠳᠤ ᠬᠡᠳᠦᠢ ᠣᠶᠢᠷᠠᠳᠬᠤ ᠲᠤᠰᠤᠮ ᠤᠯᠠᠮ ᠬᠠᠲᠠᠭᠤ ᠰᠢᠯᠭᠠᠯᠲᠠ ᠲᠤᠯᠭᠠᠷᠠᠵᠤ᠂ ᠲᠤᠬᠰᠢᠠ ᠰᠢᠷᠦᠭᠦᠨ | ᠤᠷᠤᠰᠬᠠᠯ ᠤᠨ ᠠᠶᠤᠯ ᠳᠤ ᠤᠴᠠᠷᠠᠬᠤ ᠨᠢ ᠵᠠᠶᠢᠯᠠᠰᠢ ᠤᠢᠭᠡᠢ ᠶᠤᠮ᠃ | ᠳᠡᠯᠡᠬᠡᠢ ᠳ᠋ᠠᠬᠢᠨ ᠢ ᠪᠠᠷᠠᠯᠠᠬᠤᠶ᠎ᠠ᠂ ᠬᠡᠪ ᠤᠨ ᠪᠤᠰᠤ ᠰᠡᠳᠡᠯᠲᠡ ᠥᠭᠬᠦ ᠲᠥᠷᠥ ᠶᠢᠨ ᠪᠣᠳᠣᠯᠭ᠎ᠠ᠂ ᠳᠣᠤᠷ᠎ᠠ | ᠰᠠᠭᠤᠷᠢ ᠲᠤᠭ᠎ᠠ ᠪᠣᠯᠤᠨ ᠸᠠᠺᠼᠢᠨ ᠤ ᠠᠬᠢᠴᠠ ᠵᠡᠷᠭᠡ ᠡᠯᠧᠮᠧᠨ᠋ᠲ ᠤᠨ ᠬᠠᠮᠲᠤ ᠶᠢᠨ ᠦᠢᠯᠡᠳᠦᠯ ᠳᠣᠤᠷ᠎ᠠ ᠢᠷᠡᠬᠦ ᠵᠢᠯ | ᠳᠡᠯᠡᠬᠡᠶ ᠶᠢᠨ ᠠᠵᠤ ᠠᠬᠤᠶ ᠰᠡᠷᠭᠦᠯᠲᠡ ᠶᠢᠨ ᠴᠢᠨᠠᠷᠲᠠᠶ ᠨᠡᠮᠡᠭᠳᠡᠯ ᠭᠠᠷᠬᠤ ᠪᠣᠯᠤᠮᠵᠢ ᠲᠠᠢ ᠪᠠᠶᠢᠨ᠎ᠠ᠂ ᠭᠡᠪᠡᠴᠦ ᠵᠠᠭᠤᠨ | ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠪᠠᠶᠢᠳᠠᠯ ᠲᠦᠷᠭᠡᠨ ᠬᠤᠪᠢᠰᠤᠯᠲᠠ ᠶᠢᠨ | ᠬᠤᠭᠤᠴᠠᠭᠠᠨ ᠳᠤ ᠣᠷᠣᠵᠤ᠂ ᠪᠠᠶᠢᠳᠠᠯ ᠮᠥᠨ ᠬᠦ ᠡᠭᠡᠳᠡᠷᠡᠭᠡᠨ ᠪᠤᠳᠤᠯᠢᠶᠠᠨᠲᠠᠶ ᠪᠠᠶᠢᠵᠤ᠂ ᠬᠢᠵᠢᠭ ᠤᠨ ᠪᠠᠶᠢᠳᠠᠯ ᠤᠨ | ᠳᠠᠭᠠᠷᠢᠯᠲᠠ ᠠᠴᠠ ᠪᠣᠯᠤᠭᠰᠠᠨ ᠡᠯ᠎ᠡ ᠵᠦᠢᠯ ᠤᠨ ᠡᠭᠦᠰᠦᠮᠡᠯ ᠠᠶᠤᠯ ᠲᠦᠭᠰᠢᠭᠦᠷᠢ ᠶᠢ ᠣᠮᠲᠣᠭᠠᠶᠢᠯᠠᠵᠤ ᠪᠣᠯᠤᠰᠢ | ᠥᠬᠡᠶ ᠪᠠᠶᠢᠨ᠎ᠠ᠃ | | | | | ᠤᠯᠤᠰ ᠤᠨ ᠳᠣᠲᠣᠭᠠᠳᠤ ᠶᠢᠨ ᠪᠠᠶᠢᠳᠠᠯ ᠢ ᠡᠷᠭᠢᠨ ᠬᠠᠷᠠᠬᠤ ᠳᠤ᠂ ᠳᠤᠮᠳᠠᠳᠤ ᠤᠯᠤᠰ ᠤᠨ ᠠᠵᠤ ᠠᠬᠤᠶ | ᠦᠷᠭᠦᠯᠵᠢᠯᠡᠨ ᠰᠡᠷᠭᠦᠵᠦ᠂ ᠪᠠᠶᠢᠳᠠᠯ ᠰᠠᠶᠢᠨ ᠪᠠᠶᠢᠨ᠎ᠠ᠂ ᠭᠡᠪᠡᠴᠦ ᠬᠢᠵᠢᠭ ᠤᠨ ᠬᠤᠪᠢᠷᠠᠯᠲᠠ ᠪᠣᠯᠤᠨ ᠭᠠᠳᠠᠭᠠᠳᠤ | ᠣᠷᠴᠢᠨ ᠲᠣᠭᠤᠷᠢᠨ ᠳᠤ ᠮᠠᠰᠢ ᠣᠯᠠᠨ ᠲᠣᠭᠲᠠᠪᠤᠷᠢᠲᠤ ᠪᠣᠰᠤ ᠴᠢᠨᠠᠷ ᠣᠷᠣᠰᠢᠵᠤ᠂ ᠠᠵᠤ ᠠᠬᠤᠢ ᠶᠢᠨ | ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ ᠢᠷᠡᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠳᠤ ᠤᠷᠢᠳ ᠢᠶᠠᠷ ᠲᠦᠷᠭᠡᠨ ᠰᠡᠭᠦᠯᠡᠷ ᠨᠢ ᠤᠳᠠᠭᠠᠰᠢᠷᠠᠬᠤ ᠪᠠᠶᠢᠳᠠᠯ ᠢᠯᠡᠷᠡᠵᠦ ᠮᠡᠳᠡᠬᠦ ᠶᠤᠮ᠂ ᠠᠵᠤ | ᠠᠬᠤᠢ ᠶᠢᠨ ᠠᠵᠢᠯᠯᠠᠭᠠᠨ ᠢ ᠬᠡᠷᠬᠢᠨ ᠵᠦᠢ ᠵᠣᠬᠢᠰᠲᠠᠢ ᠬᠡᠪᠴᠢᠶᠡᠨ ᠳᠤ ᠪᠠᠶᠢᠯᠭᠠᠬᠤ ᠪᠣᠯ ᠨᠢᠭᠡᠨ ᠶᠡᠭᠡ ᠰᠢᠯᠭᠠᠯᠲᠠ | ᠪᠣᠯᠤᠨ᠎ᠠ᠃ | ︽ᠨᠠᠷᠢᠨ ᠪᠤᠳᠤᠯᠢᠶᠠᠨᠲᠠᠶ ᠪᠥᠭᠡᠳ ᠬᠠᠲᠠᠭᠤ ᠪᠡᠷᠬᠡ ᠭᠠᠳᠠᠭᠠᠳᠤ ᠣᠷᠴᠢᠨ ᠨᠥᠬᠦᠴᠡᠯ ᠳᠤ ᠬᠠᠨᠳᠤᠬᠤ ᠳᠤ᠂ | ᠵᠠᠩᠭᠢᠯᠠᠭ᠎ᠠ ᠨᠢ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠳᠤ ᠪᠣᠶ︾᠃ | ︽ᠪᠢᠳᠡ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ ᠴᠢᠩᠭᠠᠳᠬᠠᠨ᠂ ᠵᠠᠪᠠᠯ ᠢᠯᠠᠬᠤ ᠢᠲᠡᠭᠡᠯ ᠵᠣᠷᠢᠭ ᠢᠶᠠᠨ | ᠪᠠᠲᠤᠳᠬᠠᠵᠤ᠂ ᠠᠵᠤ ᠠᠬᠤᠶ ᠶᠢᠨ ᠦᠷᠭᠦᠯᠵᠢᠯᠡᠨ ᠰᠡᠷᠭᠦᠬᠦ ᠪᠠ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ | ᠬᠡᠷᠡᠭᠲᠡᠢ︾᠃ | ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠶᠠᠷᠢᠶ᠎ᠠ | ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠠᠶᠠᠯᠠᠯ ᠤᠨ ᠴᠢᠭᠯᠡᠯ ᠢ ᠵᠢᠯᠣᠭᠤᠳᠤᠨ᠂ ᠢᠷᠡᠬᠦ ᠵᠢᠯ ᠤᠨ ᠠᠵᠤ | ᠠᠬᠤᠢ ᠶᠢᠨ ᠠᠵᠢᠯ ᠳᠤ ᠶᠡᠷᠦᠩᠬᠡᠢ ᠱᠠᠭᠠᠷᠳᠠᠯᠭ᠎ᠠ ᠪᠠ ᠲᠥᠷᠥ ᠶᠢᠨ ᠪᠣᠳᠣᠯᠭ᠎ᠠ ᠶᠢᠨ ᠴᠢᠭᠯᠡᠯ ᠢ ᠳᠤᠷᠠᠳᠪᠠ — | ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠪᠠᠷ ᠭᠤᠤᠯ ᠰᠡᠳᠦᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠦᠨᠳᠦᠰᠦᠨ ᠵᠣᠷᠢᠯᠲᠠ | ᠪᠣᠯᠭᠠᠬᠤ ᠬᠡᠷᠡᠭᠲᠡᠢ ᠁ | ᠬᠤᠷᠸ᠎ᠠ ᠲᠦᠷᠦ ᠶᠢᠨ ᠪᠤᠳᠤᠯᠭ᠎ᠠ ᠨᠢ ᠦᠷᠭᠦᠯᠵᠢᠯᠡᠯᠲᠦ ᠴᠢᠨᠠᠷ᠂ ᠲᠣᠭᠲᠠᠪᠤᠷᠢᠲᠤ ᠴᠢᠨᠠᠷ᠂ | ᠦᠷᠭᠦᠯᠵᠢᠯᠡᠭᠦᠶᠢᠴᠡ ᠴᠢᠨᠠᠷ ᠢ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ | ᠪᠠ ᠵᠣᠭᠤᠰᠣᠨ ᠤ ᠲᠣᠭᠲᠠᠭᠤᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠠᠵᠤ ᠠᠬᠤᠶ ᠶᠢᠨ ᠰᠡᠷᠭᠦᠯᠲᠡ ᠳᠤ | ᠦᠵᠡᠭᠦᠯᠬᠦ ᠴᠢᠬᠤᠯᠠ ᠳᠡᠮᠵᠢᠯᠭᠡ ᠶᠢᠨ ᠡᠷᠴᠢᠮ ᠢ ᠪᠠᠲᠤᠯᠠᠵᠤ᠂ ᠲᠥᠷᠥ ᠶᠢᠨ ᠪᠣᠳᠣᠯᠭ᠎ᠠ ᠶᠢᠨ ᠠᠵᠢᠯᠯᠠᠭᠠᠨ ᠤ | ᠲᠠᠯ᠎ᠠ ᠪᠠᠷ ᠨᠡᠩ ᠣᠨᠣᠪᠴᠢᠲᠠᠶ ᠪᠦᠲᠦᠮᠵᠢᠲᠡᠶ ᠪᠠᠶᠢᠬᠤ ᠂ ᠪᠠᠴᠢᠮ ᠡᠷᠭᠢᠯᠲᠡ ᠭᠠᠷᠭᠠᠬᠤ ᠦᠭᠡᠢ ᠪᠠᠶᠢᠵᠤ᠂ | ᠲᠦᠷᠦ ᠶᠢᠨ ᠪᠤᠳᠤᠯᠭ᠎ᠠ ᠶᠢᠨ ᠴᠠᠭ ᠬᠤᠭᠤᠴᠠᠭᠠᠨ ᠤ ᠦᠷ᠎ᠡ ᠪᠦᠲᠦᠮᠵᠢ ᠶᠢ ᠰᠠᠶᠢᠲᠤᠷ ᠡᠵᠡᠮᠳᠡᠬᠦ ᠬᠡᠷᠡᠭᠲᠡᠢ ᠁ | | | | | ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ — ᠡᠨᠡ ᠪᠣᠯ ᠲᠤᠰ ᠤᠳᠠᠭ᠎ᠠ ᠶᠢᠨ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠠᠵᠢᠯ ᠤᠨ ᠳᠤᠮᠳᠠᠬᠢ ᠢᠯᠡ ᠲᠣᠳᠣ ᠴᠢᠭᠯᠡᠯ | ᠪᠣᠯᠤᠨ᠎ᠠ᠃ | ︽ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ | ᠲᠣᠭᠤᠷᠢᠨ ᠳᠤ ᠥᠷᠨᠢᠭᠦᠯᠬᠦ ᠬᠡᠷᠡᠭᠲᠡᠢ︾᠃ ᠶᠡᠷᠦᠩᠬᠡᠢ ᠱᠦᠵᠢ ᠰᠢ ᠶᠢᠨ ᠫᠢᠩ ᠬᠤᠷᠠᠯ ᠳᠡᠭᠡᠷ᠎ᠡ᠂ ︽ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠳᠠᠷᠠᠭ᠎ᠠ ᠵᠢᠯ ᠠᠩᠬᠠᠨ ᠤ ᠠᠯᠬᠤᠮ ᠢ ᠰᠠᠶᠢᠲᠤᠷ ᠠᠯᠬᠤᠵᠤ᠂ ᠰᠢᠨ᠎ᠡ | ᠳᠦᠷᠰᠦ ᠪᠠᠶᠢᠳᠠᠯ ᠲᠠᠢ ᠪᠣᠯᠭᠠᠬᠤ ᠬᠡᠷᠡᠭᠲᠡᠢ︾ ᠭᠡᠵᠦ ᠲᠣᠳᠤᠷᠬᠠᠢ ᠱᠠᠭᠠᠷᠳᠠᠪᠠ᠃ | ᠬᠤᠷᠠᠯ ᠠᠴᠠ᠂ ᠤᠯᠤᠰ ᠤᠨ ᠳᠤᠳᠤᠭᠠᠳᠤ ᠶᠢᠨ ᠶᠡᠭᠡ ᠤᠷᠴᠢᠯ ᠢᠶᠠᠷ ᠭᠤᠤᠯ ᠴᠤᠭᠴᠠ ᠪᠤᠯᠭᠠᠵᠦ᠂ | ᠤᠯᠤᠰ ᠤᠨ ᠳᠤᠳᠤᠭᠠᠳᠤ ᠭᠠᠳᠠᠭᠠᠳᠤ ᠶᠢᠨ ᠬᠤᠤᠰ ᠤᠷᠴᠢᠯ ᠬᠠᠷᠢᠯᠴᠠᠨ ᠠᠬᠢᠭᠤᠯᠤᠭᠰᠠᠨ ᠰᠢᠨ᠎ᠠ ᠬᠦᠭᠵᠢᠯᠳᠡ ᠶᠢᠨ | ᠪᠠᠶᠢᠷᠢᠰᠢᠯ ᠢ ᠲᠦᠷᠭᠡᠳᠭᠡᠨ ᠪᠠᠶᠢᠭᠤᠯᠬᠤ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ | ᠦᠭᠡᠷᠡᠴᠢᠯᠡᠯᠳᠡ ᠶᠢᠨ ᠡᠨᠡ ᠬᠦ ᠭᠤᠤᠯ ᠰᠢᠵᠢᠮ ᠢ ᠴᠢᠩᠭ᠎ᠠ ᠠᠳᠬᠤᠵᠤ᠂ ᠬᠡᠷᠡᠭᠴᠡᠭᠡᠨ ᠤ ᠲᠠᠯ᠎ᠠ ᠶᠢᠨ | ᠬᠠᠮᠢᠶᠠᠷᠤᠯᠳᠠ ᠶᠢ ᠠᠩᠬᠠᠷᠤᠨ ᠴᠢᠬᠤᠯᠠᠴᠢᠯᠠᠵᠤ᠂ ᠲᠦᠭᠵᠢᠷᠡᠯ ᠢ ᠨᠡᠪᠳᠡᠷᠡᠭᠦᠯᠵᠦ᠂ ᠳᠤᠳᠠᠭᠤᠳᠠᠯ ᠢ ᠨᠦᠬᠦᠪᠦᠷᠢᠯᠡᠨ᠂ | ᠦᠢᠯᠡᠳᠪᠦᠷᠢᠯᠡᠯ᠂ ᠬᠤᠪᠢᠶᠠᠷᠢᠯᠠᠯᠳᠠ᠂ ᠭᠦᠢᠯᠭᠡᠭᠡ᠂ ᠬᠡᠷᠡᠭᠯᠡᠭᠡ ᠵᠡᠷᠭᠡ ᠡᠯ᠎ᠠ ᠭᠤᠭᠴᠤᠭ᠎ᠠ ᠶᠢ ᠨᠡᠪᠳᠡᠷᠡᠭᠦᠯᠵᠤ᠂ | ᠬᠡᠷᠡᠭᠴᠡᠭᠡ ᠪᠠᠷ ᠬᠠᠩᠭᠠᠯᠭ᠎ᠠ ᠶᠢ ᠬᠦᠳᠦᠯᠬᠦ᠂ ᠬᠠᠩᠭᠠᠯᠭ᠎ᠠ ᠪᠠᠷ ᠬᠡᠷᠡᠭᠴᠡᠭᠡ ᠶᠢ ᠡᠭᠦᠳᠬᠦ ᠨᠡᠩ ᠦᠨᠳᠦᠷ ᠲᠦᠪᠰᠢᠨ ᠤ | ᠬᠦᠳᠡᠯᠦᠩᠭᠦᠢ ᠲᠡᠩᠴᠡᠭᠦᠷᠢ ᠶᠢ ᠪᠦᠷᠢᠯᠳᠦᠭᠦᠯᠬᠦ ᠬᠡᠷᠡᠭᠲᠡᠢ ᠭᠡᠵᠦ ᠳᠤᠷᠠᠳᠪᠠ᠃ | ᠰᠢᠨ᠎ᠡ ᠬᠦᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠷ ᠶᠡᠷᠦᠩᠬᠡᠢ ᠬᠦᠲᠦᠴᠢ ᠪᠣᠯᠭᠠᠵᠤ᠂ ᠬᠤᠷᠠᠯ ᠠᠴᠠ | ᠳᠠᠷᠠᠭ᠎ᠠ ᠵᠢᠯ ᠤᠨ ᠠᠵᠤ ᠠᠬᠤᠢ ᠶᠢᠨ ᠠᠵᠢᠯ ᠤᠨ ᠨᠠᠢᠮᠠᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ᠄ ᠤᠯᠤᠰ ᠤᠨ | ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠤᠨ᠎ᠠ︔ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ ᠴᠢᠳᠠᠪᠤᠷᠢ ᠶᠢ | ᠴᠢᠩᠭᠠᠳᠬᠠᠨ᠎ᠠ︔ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠤᠳᠤᠯᠭ᠎ᠠ ᠶᠢᠨ ᠰᠠᠭᠤᠷᠢ ᠴᠡᠭ ᠢ | ᠪᠠᠷᠢᠮᠲᠠᠯᠠᠨ᠎ᠠ︔ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ︔ ᠦᠷ᠎ᠡ ᠪᠠ ᠲᠠᠷᠢᠶᠠᠨ | ᠭᠠᠵᠠᠷ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ︔ ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠬᠦᠷᠦᠩᠭᠡ ᠶᠢᠨ | ᠡᠮᠬᠢ ᠵᠠᠮᠪᠠᠷᠠᠭ᠎ᠠ ᠦᠭᠡᠢ ᠦᠷᠭᠡᠳᠬᠦ ᠶᠢ ᠬᠤᠷᠢᠭᠯᠠᠨ ᠵᠣᠭᠰᠤᠭᠠᠬᠤ ᠶᠢ ᠴᠢᠩᠭᠠᠳᠬᠠᠨ᠎ᠠ︔ ᠶᠡᠭᠡ ᠬᠤᠳᠠ ᠶᠢᠨ | ᠣᠷᠣᠨ ᠰᠠᠭᠤᠴᠠ ᠶᠢᠨ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ︔ ᠨᠡᠭᠦᠷᠡᠰᠦᠲᠥ᠋ᠷᠥᠭᠴᠢ ᠶᠢ ᠣᠷᠭᠢᠯ | ᠬᠡᠮᠵᠢᠶᠡᠨ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠨ᠎ᠡ᠃ | ᠬᠤᠷᠠᠯ ᠳᠤ ᠣᠷᠣᠯᠴᠠᠭᠰᠠᠨ ᠨᠥᠬᠦᠳ ᠤᠨ ᠦᠵᠡᠬᠦ ᠪᠠᠷ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠴᠢᠭᠯᠡᠯ ᠢ | ᠵᠢᠭᠠᠭᠰᠠᠨ ᠢᠶᠠᠷ ᠪᠠᠷᠠᠬᠤ ᠥᠬᠡᠶ ᠪᠠᠰᠠ ᠠᠷᠭ᠎ᠠ ᠵᠠᠮ ᠢ ᠲᠣᠳᠣᠷᠬᠠᠶᠢᠯᠠᠵᠤ᠂ ᠪᠥᠬᠦ ᠲᠠᠯ᠎ᠠ ᠶᠢ ᠬᠠᠮᠤᠷᠠᠭᠰᠠᠨ ᠢᠶᠠᠷ | ᠪᠠᠷᠠᠬᠤ ᠥᠬᠡᠶ ᠪᠠᠰᠠ ᠭᠤᠣᠯᠳᠠᠯᠭ᠎ᠠ ᠶᠢ ᠳᠣᠪᠤᠶᠢᠯᠭᠠᠵᠤ᠂ ᠠᠯᠢ ᠣᠯᠠᠨ ᠴᠢᠭᠯᠡᠯᠲᠦ ᠴᠢᠨᠠᠷᠲᠠᠶ᠂ ᠦᠨᠳᠦᠰᠦᠨ | ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ ᠠᠰᠠᠭᠤᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠪᠡ᠃ | ︽ᠤᠯᠤᠰ ᠤᠨ ᠪᠠᠶᠢᠯᠳᠤᠬᠤ ᠪᠤᠳᠤᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ | ᠴᠢᠩᠭᠠᠷᠠᠭᠤᠯᠬᠤ︾ ᠶᠢ ᠨᠠᠢᠮᠠᠨ ᠶᠡᠭᠡ ᠭᠤᠣᠯᠳᠠᠯᠭ᠎ᠠ ᠲᠠᠢ ᠡᠭᠦᠷᠭᠡ ᠶᠢᠨ ᠲᠡᠷᠢᠭᠦᠨ ᠳᠤ ᠲᠠᠯᠪᠢᠪᠠ᠃ ᠡᠭᠦᠨ ᠠᠴᠠ | ᠡᠮᠦᠨ᠎ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠨᠠᠭᠤᠯᠭ᠎ᠠ ᠳᠤ ᠪᠠᠰᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠡᠯ᠎ᠡ ᠵᠦᠢᠯ ᠤᠨ ᠡᠭᠦᠷᠭᠡ ᠶᠢᠨ ᠲᠡᠷᠢᠭᠦᠨ ᠪᠠᠶᠢᠷᠢᠨ ᠳᠤ | ᠲᠠᠯᠪᠢᠪᠠ᠃ ᠡᠳᠦᠷ ᠢᠷᠡᠬᠦᠶ᠎ᠡ ᠰᠢᠷᠦᠭᠦᠰᠴᠦ ᠪᠠᠶᠢᠭ᠎ᠠ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠥᠷᠢᠰᠥᠯᠳᠦᠭᠡᠨ ᠳᠤ ᠬᠠᠨᠳᠤᠭᠤᠯᠵᠤ᠂ ᠬᠤᠷᠠᠯ ᠠᠴᠠ ᠤᠯᠤᠰ ᠨᠢ ᠴᠢᠬᠤᠯᠠ ᠶᠡᠭᠡ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠶᠢ ᠡᠭᠦᠳᠬᠦ ᠵᠤᠬᠢᠶᠠᠨ ᠪᠠᠶᠢᠭᠤᠯᠤᠭᠴᠢ ᠪᠤᠯᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠬᠡᠷᠡᠭᠴᠡᠭᠡ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠭᠯᠡᠯ ᠪᠠ ᠭᠤᠤᠯᠳᠠᠯᠭ᠎ᠠ ᠶᠢ ᠲᠤᠭᠳᠠᠭᠠᠵᠤ᠂ | ᠤᠯᠤᠰ ᠤᠨ ᠬᠦᠭᠵᠢᠯᠳᠡ ᠪᠠ ᠠᠮᠤᠷ ᠲᠦᠪᠰᠢᠨ ᠢ ᠬᠢᠵᠠᠭᠠᠷᠯᠠᠵᠤ ᠪᠠᠶᠢᠭ᠎ᠠ ᠴᠢᠬᠤᠯᠠ ᠶᠡᠭᠡ ᠬᠦᠴᠢᠷ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠴᠢᠳᠠᠪᠤᠷᠢᠲᠠᠨ ᠪᠠ ᠲᠣᠭᠲᠠᠴᠠ ᠭᠡᠬᠦ ᠬᠤᠶᠠᠷ ᠵᠠᠩᠭᠢᠯᠠᠭ᠎ᠠ ᠶᠢᠨ ᠴᠡᠭ ᠢ ᠰᠠᠶᠢᠲᠤᠷ | ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠠᠮᠤᠷ ᠲᠣᠭᠲᠠᠭᠤᠨ ᠪᠠᠶᠢᠯᠭᠠᠬᠤ ᠪᠣᠯ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠰᠠᠭᠤᠷᠢ ᠮᠥᠨ᠃ ᠬᠤᠷᠠᠯ ᠠᠴᠠ᠂ ᠵᠠᠩᠭᠢᠯᠠᠭ᠎ᠠ ᠶᠢᠨ ᠭᠤᠤᠯᠯᠠᠭᠴᠢ | ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠰᠠᠶᠢᠳᠤᠷ ᠬᠡᠷᠡᠭᠵᠢᠭᠦᠯᠵᠤ᠂ ᠨᠢᠭᠡ ᠪᠦᠯᠦᠭ ︽ᠪᠤᠭᠤᠮᠢ︾ | ᠪᠤᠯᠵᠦ ᠪᠠᠶᠢᠭ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠤ᠂ ᠠᠵᠤ ᠦᠢᠯᠡᠰ ᠤᠨ ᠳᠠᠪᠠᠭᠤᠯᠢᠭ ᠬᠦᠷᠢᠶᠡᠨ ᠳᠤ | ᠠᠵᠢᠯ ᠢᠶᠠᠨ ᠨᠠᠷᠢᠯᠢᠭ ᠬᠢᠵᠤ᠂ ᠨᠡᠩ ᠤᠯᠠᠨ ᠭᠤᠴᠤ ᠮᠡᠷᠭᠡᠵᠢᠯ ᠢ ᠡᠭᠦᠳᠬᠦ ᠬᠡᠷᠡᠭᠳᠠᠢ ᠁ ᠳᠤᠲᠠᠭᠤᠳᠠᠯ | ᠲᠠᠯ᠎ᠠ ᠪᠠᠨ ᠨᠥᠬᠦᠪᠥᠷᠢᠯᠡᠨ ᠳᠠᠪᠠᠭᠤᠯᠢᠭ ᠲᠠᠯ᠎ᠠ ᠪᠠᠨ ᠳᠠᠪᠲᠠᠨ ᠪᠣᠯᠪᠠᠰᠤᠷᠠᠭᠤᠯᠵᠤ᠂ ᠣᠨᠤᠪᠴᠢᠲᠠᠢ ᠪᠠᠷ ᠠᠷᠭ᠎ᠠ | ᠪᠤᠳᠤᠯᠭ᠎ᠠ ᠬᠡᠷᠡᠭᠵᠢᠭᠦᠯᠬᠦ ᠬᠡᠷᠡᠭᠲᠡᠢ ᠭᠡᠵᠦ ᠳᠤᠷᠠᠳᠪᠠ᠃ | | | | | ︽ᠦᠷ᠎ᠡ ᠪᠠ ᠲᠠᠷᠢᠶᠠᠨ ᠭᠠᠵᠠᠷ ᠤᠨ ᠠᠰᠠᠭᠤᠳᠠᠯ︾ ᠢ ᠤᠷᠢᠳᠤ ᠭᠠᠷᠤᠭ᠎ᠠ ᠤᠢᠭᠡᠢ ᠴᠢᠬᠤᠯᠠᠴᠢᠯᠠᠨ ᠦᠵᠡᠪᠡ᠃ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠲᠠᠯ᠎ᠠ ᠠᠴᠠ᠂ ᠬᠤᠷᠠᠯ ᠠᠴᠠ | ᠦᠷ᠎ᠡ ᠶᠢᠨ ᠡᠬᠢ ᠰᠤᠷᠪᠤᠯᠵᠢ ᠶᠢᠨ ︽ᠪᠤᠭᠤᠮᠢ︾ ᠪᠤᠯᠵᠦ ᠪᠠᠶᠢᠭ᠎ᠠ ᠮᠡᠷᠭᠡᠵᠢᠯ ᠤᠨ ᠰᠢᠪᠳᠤᠯᠤᠯᠳᠠ ᠶᠢ ᠦᠷᠨᠢᠭᠦᠯᠵᠤ᠂ | ᠦᠷ᠎ᠠ ᠶᠢᠨ ᠦᠢᠯᠡᠰ ᠤᠨ ᠬᠤᠪᠢᠰᠤᠯᠲᠠ ᠶᠢᠨ ᠲᠠᠶᠢᠨ ᠢ ᠵᠤᠷᠢᠭᠳᠠᠢ ᠬᠢᠬᠦ ᠬᠡᠷᠡᠭᠳᠠᠢ᠂ 18 ᠳ᠋ᠦᠩᠰᠢᠭᠤᠷ ᠮᠦ | ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠳᠤ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ︾ | ᠪᠣᠯᠭᠠᠬᠤ ᠶᠢ ᠡᠷᠡᠰ ᠬᠤᠷᠢᠭᠯᠠᠨ᠂ ︽ᠠᠮᠤ ᠪᠤᠳᠠᠭᠠᠨ ᠤ ᠪᠤᠰᠤ︾ ᠪᠤᠯᠭᠠᠬᠤ ᠶᠢ ᠡᠷᠡᠰ ᠰᠡᠷᠭᠡᠶᠢᠯᠡᠵᠤ᠂ ᠲᠠᠷᠢᠶᠠᠨ | ᠭᠠᠵᠠᠷ ᠤᠨ ᠡᠵᠡᠯᠡᠯᠲᠡ ᠨᠦᠬᠦᠪᠦᠷᠢ ᠶᠢ ᠲᠡᠩᠴᠡᠭᠦᠷᠢᠳᠠᠢ ᠪᠤᠯᠭᠠᠬᠤ ᠶᠢ ᠵᠢᠷᠤᠮᠵᠢᠭᠤᠯᠬᠤ ᠬᠡᠷᠡᠭᠳᠠᠢ ᠭᠡᠵᠦ | ᠴᠢᠬᠤᠯᠠᠴᠢᠯᠠᠪᠠ᠃ | ︽ᠭᠠᠭᠴᠠᠭᠠᠷ ᠡᠵᠡᠮᠰᠢᠯ ᠢ ᠡᠰᠡᠷᠭᠦᠴᠡᠬᠦ ᠪᠠ ᠬᠦᠷᠦᠩᠭᠡ ᠶᠢᠨ ᠡᠮᠬᠢ ᠵᠠᠮᠪᠠᠷᠠᠭ᠎ᠠ ᠦᠭᠡᠢ ᠦᠷᠭᠡᠳᠬᠦ ᠶᠢ | ᠬᠤᠷᠢᠭᠯᠠᠨ ᠵᠣᠭᠰᠤᠭᠠᠬᠤ ᠶᠢ ᠴᠢᠩᠭᠠᠳᠬᠠᠬᠤ︾ ᠨᠢ ᠠᠯᠤᠰ ᠬᠡᠲᠦ ᠶᠢᠨ ᠬᠤᠯᠪᠤᠭᠳᠠᠯ ᠲᠠᠢ ᠪᠠᠶᠢᠵᠤ᠂ ᠤᠯᠠᠨ ᠤ | ᠠᠩᠬᠠᠷᠤᠯ ᠢ ᠥᠷᠭᠡᠨ ᠢᠶᠠᠷ ᠲᠠᠲᠠᠵᠤ ᠪᠠᠶᠢᠨ᠎ᠠ᠃ ᠬᠤᠷᠠᠯ ᠠᠴᠠ᠂ ᠭᠠᠭᠴᠠᠭᠠᠷ ᠡᠵᠡᠮᠰᠢᠯ ᠢ ᠡᠰᠡᠷᠭᠦᠴᠡᠬᠦ᠂ ᠲᠦᠪ | ᠪᠤᠰᠤ ᠦᠷᠢᠰᠦᠯᠲᠦᠭᠡᠡ ᠢ ᠡᠰᠡᠷᠭᠦᠴᠡᠬᠦ ᠪᠤᠯ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠦ ᠠᠬᠤᠢ ᠶᠢᠨ | ᠪᠠᠶᠢᠭᠤᠯᠤᠮᠵᠢ ᠶᠢ ᠪᠦᠷᠢᠨᠰᠢᠭᠦᠯᠵᠤ᠂ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠲᠤᠲᠤᠭᠠᠲᠤ ᠱᠠᠭᠠᠷᠲᠠᠯᠭ᠎ᠠ | ᠮᠦᠨ ᠭᠡᠵᠦ ᠲᠣᠳᠤᠷᠬᠠᠢ ᠵᠢᠭᠠᠵᠤ ᠭᠠᠷᠭᠠᠪᠠ᠃ ᠤᠯᠤᠰ ᠠᠴᠠ ᠲᠠᠪᠴᠠᠩᠳᠦ ᠠᠵᠦ ᠠᠬᠤᠢᠢᠯᠠᠯ ᠤᠨ ᠰᠢᠨ᠎ᠠ ᠶᠢ | ᠡᠭᠦᠳᠴᠤ ᠬᠦᠭᠵᠢᠬᠦ ᠶᠢ ᠨᠢ ᠳᠡᠮᠵᠢᠬᠦ᠂ ᠤᠯᠠᠠ ᠤᠯᠤᠰ ᠤᠨ ᠦᠷᠢᠰᠦᠯᠲᠦᠬᠦ ᠬᠦᠴᠦᠨ ᠢ ᠴᠢᠩᠭᠠᠳᠬᠠᠬᠤ ᠶᠢ | ᠲᠣᠳᠤᠷᠬᠠᠶᠢᠯᠠᠭᠰᠠᠨ ᠤ ᠬᠠᠮᠲᠤ ᠳᠦᠷᠢᠮ ᠲᠤᠭᠲᠠᠭᠠᠯ ᠢ ᠴᠢᠩᠭᠠᠳᠬᠠᠠ᠂ ᠬᠢᠨᠠᠯᠲᠠ ᠬᠠᠮᠢᠶᠠᠷᠤᠯᠲᠠ ᠶᠢᠨ ᠴᠢᠲᠠᠪᠤᠷᠢ ᠶᠢ | ᠲᠡᠭᠡᠭᠰᠢᠯᠡᠭᠦᠯᠵᠦ᠂ ᠭᠠᠭᠴᠠᠭᠠᠷ ᠡᠵᠡᠮᠰᠢᠯ ᠪᠠ ᠲᠦᠪ ᠪᠤᠰᠤ ᠦᠷᠢᠰᠦᠯᠲᠦᠭᠡᠡ ᠤ ᠠᠵᠢᠯᠯᠠᠭ᠎ᠠ ᠶᠢ ᠡᠷᠡᠰ | ᠡᠰᠡᠷᠭᠦᠴᠡᠬᠦ ᠶᠢ ᠴᠢᠩᠭᠠᠳᠬᠠᠬᠤ ᠬᠡᠷᠡᠭᠲᠡᠢ ᠭᠡᠪᠡ᠃ | ︽ᠶᠡᠭᠡ ᠬᠤᠳᠠ ᠶᠢᠨ ᠣᠷᠣᠨ ᠰᠠᠭᠤᠴᠠ ᠶᠢᠨ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ︾ ᠨᠢ | ᠠᠷᠠᠳ ᠤᠯᠠᠨ ᠤ ᠪᠤᠶᠠᠨ ᠵᠢᠷᠭᠠᠯ ᠲᠠᠢ ᠬᠤᠯᠪᠣᠭᠳᠠᠨ᠎ᠠ᠃ ᠡᠨᠡ ᠤᠳᠠᠭ᠎ᠠ ᠶᠢᠨ ᠬᠤᠷᠠᠯ ᠠᠴᠠ ︽ᠭᠡᠷ ᠪᠠᠶᠢᠰᠢᠩ ᠨᠢ | ᠰᠠᠭᠤᠬᠤ ᠳᠤ ᠵᠣᠷᠢᠭᠤᠯᠤᠭᠰᠠᠨ ᠶᠤᠮ᠂ ᠰᠠᠷᠢᠭᠠᠯᠠᠬᠤ ᠳᠤ ᠵᠣᠷᠢᠭᠤᠯᠤᠭᠰᠠᠨ ᠪᠢᠰᠢ︾ ᠭᠡᠳᠡᠭ ᠲᠦᠷᠦ ᠶᠢᠨ | ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠬᠤ ᠶᠢᠨ ᠬᠠᠮᠲᠤ ᠤᠢᠢᠷ᠎ᠠ ᠶᠢᠨ ᠬᠤᠭᠤᠴᠠᠭᠠᠨ ᠤ ︽ᠳ᠋ᠠᠨ ᠺᠧ | ᠨᠡᠶᠢᠲᠡ ᠶᠢᠨ ᠰᠠᠭᠤᠴᠠ︾ ᠵᠡᠷᠭᠡ ᠠᠰᠠᠭᠤᠳᠠᠯ ᠳᠤ ᠣᠨᠤᠪᠴᠢᠲᠠᠢ ᠴᠢᠭᠯᠡᠭᠦᠯᠵᠦ᠂ ᠭᠡᠷ ᠪᠠᠶᠢᠰᠢᠩ ᠢ ︽ᠤᠷᠲᠤ | ᠬᠤᠭᠤᠴᠠᠭ᠎ᠠ ᠪᠠᠷ ᠲᠦᠷᠢᠶᠡᠰᠦᠯᠡᠬᠦ ᠲᠦᠷᠦ ᠶᠢᠨ ᠪᠤᠲᠤᠯᠭ᠎ᠠ ᠶᠢ ᠲᠦᠷᠭᠡᠡ ᠪᠦᠷᠢᠨᠰᠢᠭᠦᠯᠵᠦ᠂ ᠲᠦᠷᠢᠶᠡᠰᠦᠯᠡᠬᠦ | ᠬᠤᠲᠠᠯᠲᠤᠨ ᠠᠪᠬᠤ ᠤᠷᠤᠨ ᠰᠠᠭᠤᠴᠠ ᠶᠢ ᠠᠯᠬᠤᠮ ᠠᠯᠬᠤᠮ ᠢᠶᠠᠷ ᠤᠯᠠᠠ ᠨᠡᠶᠢᠲᠡ ᠶᠢᠨ ᠦᠢᠯᠡᠴᠢᠯᠡᠭᠡ ᠶᠢ ᠡᠳ᠋ᠯᠡᠬᠦ | ᠲᠠᠯ᠎ᠠ ᠪᠠᠷ ᠡᠷᠭᠡ ᠲᠡᠭᠰᠢ ᠡᠷᠭᠡ ᠲᠠᠢ ᠪᠤᠯᠭᠠᠵᠦ᠂ ᠤᠷᠲᠤ ᠬᠤᠭᠤᠴᠠᠭ᠎ᠠ ᠪᠠᠷ ᠲᠦᠷᠢᠶᠡᠰᠦᠯᠡᠬᠦ ᠭᠡᠷ ᠪᠠᠶᠢᠰᠢᠩ ᠤᠨ | ᠵᠠᠬ᠎ᠠ ᠲᠡᠯᠭᠡᠬᠦᠷ ᠤᠨ ᠬᠦᠭᠵᠢᠯᠲᠠ ᠶᠢ ᠵᠢᠷᠤᠮᠵᠢᠭᠤᠯᠬᠤ ᠭᠡᠷᠡᠭᠲᠡᠢ︾ ᠭᠡᠵᠦ ᠲᠣᠳᠤᠷᠬᠠᠢ ᠳᠤᠷᠠᠳᠤᠨ ᠭᠠᠷᠭᠠᠪᠠ᠃ | ᠳᠣᠲᠣᠭᠠᠳᠤ ᠬᠡᠷᠡᠭᠴᠡᠭᠡ ᠶᠢ ᠥᠷᠭᠡᠳᠬᠡᠬᠦ ᠡᠨᠡ ᠬᠦ ᠪᠠᠶᠢᠯᠳᠤᠬᠤ ᠪᠤᠳᠤᠯᠭ᠎ᠠ ᠶᠢᠨ ᠰᠠᠭᠤᠷᠢ ᠴᠡᠭ ᠢ | ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠭᠦᠷᠡᠰᠦᠲᠥ᠋ᠷᠥᠭᠴᠢ ᠶᠢ | ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ | | | | | ᠡᠳᠡᠭᠡᠷ ᠠᠯᠢ ᠤᠯᠠᠨ ᠭᠤᠣᠯᠳᠠᠯᠭ᠎ᠠ ᠲᠠᠢ ᠡᠭᠦᠷᠭᠡ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠡᠷᠴᠢᠮᠲᠡᠢ ᠬᠠᠷᠢᠭᠤᠯᠲᠠ ᠥᠭᠴᠡᠢ᠃ | ᠳᠤᠭᠤᠶᠢᠯᠠᠩ ᠬᠤᠪᠢᠶᠠᠨ ᠶᠠᠷᠢᠯᠴᠠᠬᠤ ᠳᠤᠮᠳᠠ᠂ ᠬᠤᠷᠠᠯ ᠳᠤ ᠣᠷᠣᠯᠴᠠᠭᠰᠠᠨ ᠨᠥᠬᠦᠳ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠠᠶᠢᠷᠢᠯᠠᠭᠤᠯᠤᠯᠲᠠ ᠡᠭᠦᠷᠭᠡ ᠶᠢᠨ ᠲᠣᠭᠤᠷᠢᠨ ᠳᠤ ᠢᠳᠡᠪᠬᠢᠲᠡᠶ ᠪᠠᠷ | ᠶᠠᠷᠢᠶ᠎ᠠ ᠲᠠᠯᠪᠢᠵᠤ᠂ ᠲᠣᠰ ᠲᠣᠰ ᠤᠨ ᠲᠤᠰᠬᠠᠶ ᠮᠡᠷᠭᠡᠵᠢᠯ ᠤᠨ ᠬᠠᠷᠠᠭᠠᠰᠤ ᠡᠴᠠᠲ᠋ᠠᠷᠠᠭᠠ ᠵᠢᠯ ᠤᠨ ᠠᠵᠤ ᠠᠬᠤᠶ ᠶᠢᠨ | ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠬᠡᠷᠬᠢᠨ ᠰᠠᠶᠢᠲᠤᠷ ᠨᠠᠶᠢᠳᠠᠪᠤᠷᠢᠵᠢᠭᠤᠯᠬᠤ ᠲᠤᠬᠠᠶ ᠠᠭᠤᠵᠢᠷᠠᠲᠠᠯ᠎ᠠ | ᠶᠠᠷᠢᠯᠴᠠᠵᠤ᠂ ᠬᠤᠷᠠᠯ ᠤᠨ ᠲᠠᠯᠠᠪᠠᠶ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ | ᠬᠤᠷᠠᠯ ᠳᠤ ᠣᠷᠣᠯᠴᠠᠭᠰᠠᠨ ᠨᠥᠬᠦᠳ ᠠᠴᠠ ᠢᠯᠡᠳᠬᠡᠬᠦ ᠳᠤ ᠪᠠᠨ ᠶᠡᠷᠦᠩᠬᠡᠶ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠨᠢ ᠨᠠᠷᠢᠨ ᠪᠤᠳᠤᠯᠢᠶᠠᠨᠲᠠᠶ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠡᠵᠡᠮᠳᠡᠯ᠂ | ᠬᠥᠭᠵᠢᠯᠲᠡ ᠶᠢᠨ ᠵᠢᠮ᠎ᠡ ᠶᠣᠰᠣ ᠶᠢᠨ ᠲᠤᠬᠠᠢ ᠭᠦᠨᠵᠡᠭᠡᠶ ᠠᠵᠢᠭᠯᠠᠯᠲᠠ᠂ ᠬᠥᠭᠵᠢᠯᠲᠡ ᠶᠢᠨ ᠬᠠᠷᠠᠯᠲᠠ ᠶᠢᠨ ᠲᠤᠬᠠᠢ | ᠣᠨᠤᠪᠴᠢᠲᠠᠢ ᠲᠦᠯᠦᠪᠯᠡᠭᠡ ᠶᠢ ᠲᠤᠰᠬᠠᠵᠤ᠂ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠳᠤ | ᠦᠨᠳᠦᠰᠦᠨ ᠵᠢᠷᠤᠮᠯᠠᠯ ᠬᠠᠩᠭᠠᠵᠤ᠂ ᠳᠠᠷᠠᠭ᠎ᠠ ᠵᠢᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ︽ | ᠠᠩᠬᠠᠨ ᠤ ᠠᠯᠬᠤᠮ ᠢ ᠰᠠᠶᠢᠲᠤᠷ ᠠᠯᠬᠤᠵᠤ᠂ ᠰᠢᠨ᠎ᠡ ᠳᠦᠷᠰᠦ ᠪᠠᠶᠢᠳᠠᠯ ᠢ ᠨᠡᠭᠡᠭᠡᠬᠦ︾ ᠴᠢᠭᠯᠡᠯ ᠢ ᠲᠣᠳᠣᠷᠬᠠᠶ | ᠵᠢᠭᠠᠵᠤ ᠥᠭᠴᠡᠶ ᠭᠡᠪᠡ᠃ | | | | | ᠭᠤᠣᠯ ᠲᠤᠯᠭᠠᠭᠤᠷᠢᠯᠠᠬᠤ ᠬᠦᠴᠦᠨ— ᠲᠦᠭ ᠲᠦᠮᠡᠨ ᠢᠶᠠᠷ ᠢᠶᠠᠨ ᠰᠡᠳᠬᠢᠯ ᠠᠯᠬᠤᠭ᠎ᠠ ᠪᠠᠨ ᠨᠢᠭᠡᠳᠬᠡᠵᠦ᠂ | ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠦᠨᠡᠨ ᠬᠦ | ᠠᠳᠬᠤᠵᠤ ᠰᠢᠷᠭᠠᠭᠤ ᠠᠵᠢᠯᠯᠠᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠠᠵᠤ | ᠠᠬᠤᠢ ᠶᠢᠨ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ | ᠰᠢᠨ᠎ᠡ ᠠᠶᠠᠯᠠᠯ ᠢ ᠡᠬᠢᠯᠡᠭᠦᠯᠬᠦ ᠳᠤ ᠶᠠᠭᠤᠨ ᠳᠤ ᠲᠥᠰᠢᠭᠯᠡᠵᠦ᠂ ᠲᠤᠬᠰᠢᠨ ᠳᠠᠪᠠᠯᠭᠠᠨ ᠰᠢᠷᠦᠭᠦᠨ | ᠤᠷᠤᠰᠬᠠᠯ ᠢ ᠠᠷᠭᠠᠴᠠᠭᠠᠵᠤ ᠴᠤᠴᠠᠯᠲᠠ ᠦᠭᠡᠢ ᠤᠷᠤᠭᠰᠢᠯᠠᠬᠤ ᠪᠤᠢ︖ | ᠨᠠᠮ ᠤᠨ ᠤᠳᠤᠷᠢᠳᠤᠯᠭ᠎ᠠ ᠪᠣᠯ ᠨᠠᠮ ᠪᠠ ᠤᠯᠤᠰ ᠣᠷᠣᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ | ᠦᠨᠳᠦᠰᠦᠨ ᠪᠠᠲᠤᠯᠠᠭ᠎ᠠ ᠮᠥᠨ᠂ ᠠᠯᠢᠪᠠ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢ ᠢᠯᠠᠨ ᠳᠠᠪᠠᠭ᠋ᠤ ᠶᠢᠨ ︽ | ᠷᠢᠳᠢ ᠰᠢᠳᠢ︾ ᠮᠥᠨ᠃ | ᠶᠡᠷᠦᠩᠬᠡᠢ ᠱᠦᠵᠢ ᠰᠢ ᠶᠢᠨ ᠫᠢᠩ ᠡᠨᠡ ᠤᠳᠠᠭ᠎ᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠰᠢᠨ᠎ᠡ | ᠬᠥᠭᠵᠢᠯᠲᠡ ᠶᠢᠨ ᠱᠠᠲᠤᠨ ᠳᠤ ᠵᠣᠬᠢᠴᠠᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ | ᠴᠢᠩᠭᠠᠳᠬᠠᠵᠤ᠂ ᠨᠠᠮ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠯ ᠲᠣᠭᠲᠠᠴᠠ ᠶᠢ | ᠪᠠᠷᠢᠮᠲᠠᠯᠠᠨ ᠪᠦᠷᠢᠨᠰᠢᠭᠦᠯᠵᠦ᠂ ᠪᠦᠬᠦ ᠨᠠᠮ ᠤᠨ ᠠᠯᠬᠤᠭ᠎ᠠ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠠ᠃ | ᠠᠵᠤ ᠠᠬᠤᠢ ᠶᠢᠨ ᠠᠵᠢᠯ ᠢ ᠰᠠᠶᠢᠲᠤᠷ ᠬᠢᠬᠦ ᠪᠣᠯ ᠮᠠᠨ ᠤ ᠨᠠᠮ ᠤᠨ ᠲᠦᠷᠦ ᠶᠢ ᠵᠠᠰᠠᠬᠤ ᠶᠢᠨ ᠴᠢᠬᠤᠯᠠ ᠶᠡᠭᠡ | ᠡᠭᠦᠷᠭᠡ ᠮᠥᠨ᠃ | ︽ᠨᠠᠮ ᠤᠨ ᠤᠳᠤᠷᠢᠳᠤᠯᠭ᠎ᠠ ᠲᠤᠬᠰᠢᠨ ᠳᠠᠪᠠᠯᠭᠠᠨ ᠰᠢᠷᠦᠭᠦᠨ ᠤᠷᠤᠰᠬᠠᠯ ᠤᠨ ᠳᠤᠮᠳᠠ ᠬᠠᠳᠠ ᠴᠢᠯᠠᠭᠤ | ᠮᠡᠲᠦ ᠪᠠᠲᠤ ᠪᠠᠬᠢ ᠶᠤᠮ︾ ︽ᠶᠡᠷᠦ ᠪᠤᠰᠤ ᠶᠢᠨ ᠠᠮᠵᠢᠯᠲᠠ ᠪᠦᠲᠦᠮᠵᠢ ᠶᠢᠨ ᠠᠷᠤ ᠳᠤ ᠪᠦᠬᠦ ᠤᠯᠤᠰ ᠤᠨ ᠠᠷᠠᠳ | ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠶᠢᠨ᠎ᠠ᠂ ᠨᠠᠮ ᠤᠨ ᠤᠳᠤᠷᠢᠳᠤᠯᠭ᠎ᠠ ᠳᠣᠣᠷ᠎ᠠ ᠬᠦᠴᠦᠷᠬᠡᠭ ᠶᠡᠭᠡ ᠲᠠᠶᠢᠴᠢᠨ | ᠬᠦᠴᠦᠨ ᠢ ᠪᠦᠷᠢᠯᠳᠦᠭᠦᠯᠵᠡᠢ︾ ︽︿ᠳᠤᠮᠳᠠᠳᠤ ᠤᠯᠤᠰ ᠤᠨ ᠵᠠᠰᠠᠯᠲᠠ﹀ ᠶᠢᠨ ᠢᠯᠡᠳᠲᠡ ᠳᠠᠪᠠᠭᠤᠯᠢᠭ ᠢ ᠪᠦᠬᠦ | ᠲᠠᠯ᠎ᠠ ᠪᠠᠷ ᠲᠤᠰᠬᠠᠪᠠ︾ ᠁ ᠬᠤᠷᠠᠯ ᠤᠨ ᠬᠤᠭᠤᠴᠠᠭᠠᠨ ᠳᠤ᠂ ︽ᠨᠠᠮ ᠤᠨ ᠠᠵᠤ ᠠᠬᠤᠢ ᠶᠢᠨ ᠠᠵᠢᠯ ᠳᠠᠬᠢ | ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ︾ ᠨᠢ ᠡᠯ᠎ᠡ ᠳᠤᠭᠤᠶᠢᠯᠠᠩ ᠤᠨ ᠶᠠᠷᠢᠯᠴᠠᠭᠠᠨ ᠤ ᠬᠠᠮᠲᠤ ᠶᠢᠨ | ᠲᠠᠨᠢᠯᠲᠠ ᠪᠣᠯᠪᠠ᠃ | | | | | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠪᠠᠷᠠᠯᠠᠨ᠂ ᠬᠤᠶᠠᠳᠤᠭᠠᠷ ᠵᠠᠭᠤᠨ ᠵᠢᠯ | ᠤᠨ ᠲᠡᠮᠡᠴᠡᠬᠦ ᠬᠠᠷᠠᠯᠲᠠ ᠶᠢ ᠬᠠᠷᠠᠬᠤᠶ᠎ᠠ᠂ ᠪᠢᠳᠡ ᠦᠷᠭᠦᠯᠵᠢᠯᠡᠨ ᠡᠷᠡᠮᠡᠬᠡᠶᠢᠯᠡᠨ ᠲᠡᠮᠡᠴᠡᠵᠦ᠂ ᠰᠢᠨ᠎ᠡ ᠶᠢ ᠡᠭᠦᠳᠦᠨ | ᠤᠷᠤᠭᠰᠢᠯᠠᠬᠤ ᠴᠢᠬᠤᠯᠠᠲᠠᠢ ᠪᠠᠶᠢᠨ᠎ᠠ᠃ ᠪᠠᠶᠢᠳᠠᠯ ᠬᠡᠳᠦᠢ ᠨᠠᠷᠢᠨ ᠪᠤᠳᠤᠯᠢᠶᠠᠨᠲᠠᠢ ᠡᠭᠦᠷᠭᠡ ᠬᠡᠳᠦᠢ ᠪᠡᠷᠬᠡ | ᠬᠠᠲᠠᠭᠤᠵᠢᠯᠲᠠᠢ ᠪᠣᠯᠬᠤ ᠳᠣᠲᠣᠮ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠨᠡ ᠬᠦ ᠴᠢᠭᠯᠡᠯ ᠵᠢᠭᠠᠭᠰᠠᠨ | ᠵᠦᠭᠯᠡᠭᠦᠷ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠲᠦᠰᠢᠭ ᠲᠤᠯᠭᠠᠭᠤᠷᠢ ᠠᠴᠠ ᠤᠯᠠᠮ ᠰᠠᠯᠵᠤ | ᠪᠣᠯᠬᠤ ᠦᠭᠡᠢ ᠪᠦᠭᠡᠳ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠤᠯᠠᠮ ᠪᠠᠷᠢᠮᠲᠠᠯᠠᠨ ᠴᠢᠩᠭᠠᠳᠬᠠᠬᠤ | ᠬᠡᠷᠡᠭᠲᠡᠢ᠃ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ | ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠂ | ᠠᠯᠢᠪᠠ ᠢᠳᠡᠪᠬᠢ ᠬᠦᠴᠦᠨ ᠵᠦᠶᠯ ᠢ ᠭᠦᠶᠴᠡᠳ ᠳᠠᠶᠢᠴᠢᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ | ᠥᠷᠭᠡᠨ ᠢᠶᠠᠷ ᠪᠦᠯᠬᠦᠮᠳᠡᠵᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ | ᠪᠦᠷᠢᠯᠳᠦᠭᠦᠯᠬᠦ ᠬᠡᠷᠡᠭᠲᠡᠶ ᠭᠡᠪᠠ᠃ | ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ | ᠤᠯᠤᠰ ᠲᠦᠷᠦ ᠶᠢᠨ ᠤᠬᠠᠮᠰᠠᠷ ᠢᠶᠠᠨ ᠪᠠᠲᠤᠳᠬᠠᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ | ᠬᠡᠷᠡᠭᠲᠡᠢ — | ᠡᠨᠡ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠴᠢᠬᠤᠯᠠᠴᠢᠯᠠᠭᠰᠠᠨ ᠨᠢ᠂ ︽ | ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠵᠤ ᠠᠬᠤᠢ ᠶᠢᠨ ᠠᠵᠢᠯ ᠢ ᠴᠢᠬᠤᠯᠠᠴᠢᠯᠠᠬᠤ ᠬᠡᠷᠡᠭᠲᠡᠢ︾ ︽ | ᠤᠯᠤᠰ ᠲᠦᠷᠦ ᠶᠢᠨ ᠬᠠᠷᠠᠴᠠ ᠪᠠᠷ ᠠᠵᠤ ᠠᠬᠤᠢ ᠨᠡᠶᠢᠭᠡᠮ ᠤᠨ ᠠᠰᠠᠭᠤᠳᠠᠯ ᠢ ᠠᠵᠢᠭᠯᠠᠬᠤ ᠪᠠ ᠵᠠᠳᠠᠯᠬᠤ ᠳᠤ | ᠴᠢᠳᠠᠮᠠᠭᠠᠢ ᠪᠠᠶᠢᠬᠤ ᠬᠡᠷᠡᠭᠲᠡᠢ︾ ︽ᠤᠯᠤᠰ ᠲᠦᠷᠦ ᠶᠢᠨ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ | ᠲᠠᠨᠢᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ ᠠᠵᠢᠯᠯᠠᠭᠠᠨ ᠤ ᠤᠯᠤᠰ ᠲᠦᠷᠦ ᠶᠢᠨ ᠦᠷ᠎ᠡ ᠳ᠋ᠦᠩ | ᠢ ᠴᠢᠳᠠᠮᠠᠭᠠᠢ ᠠᠵᠢᠭᠯᠠᠬᠤ ᠬᠡᠷᠡᠭᠲᠡᠢ︾ ᠭᠡᠪᠠ᠃ | ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠤᠯᠠᠷᠠᠭᠤᠯᠤᠯ ᠦᠭᠡᠢ ᠴᠢᠩᠭ᠎ᠠ ᠠᠳᠬᠤᠵᠤ | ᠡᠷᠴᠢᠮᠲᠡᠢ ᠨᠠᠶᠢᠳᠠᠪᠤᠷᠢᠵᠢᠭᠤᠯᠬᠤ ᠬᠡᠷᠡᠭᠲᠡᠢ᠂ ᠬᠤᠭᠤᠰᠣᠨ ᠤᠷᠢᠶ᠎ᠠ ᠬᠠᠰᠬᠢᠷᠤᠭᠠᠳ ᠨᠠᠶᠢᠳᠠᠪᠤᠷᠢᠵᠢᠭᠤᠯᠬᠤ ᠦᠭᠡᠢ | ᠪᠠᠶᠢᠵᠤ ᠪᠣᠯᠬᠤ ᠦᠭᠡᠢ᠂ ᠨᠡᠩ ᠴᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠭᠠᠷᠭᠠᠵᠤ ᠪᠣᠯᠬᠤ ᠦᠭᠡᠢ᠃ ᠨᠠᠮ | ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠴᠢᠬᠤᠯᠠ ᠪᠦᠬᠦᠢ ᠰᠢᠮᠳᠠᠭᠤᠯᠤᠨ ᠪᠠᠶᠢᠴᠠᠭᠠᠵᠤ᠂ ᠰᠢᠮᠳᠠᠭᠤᠯᠤᠨ | ᠵᠢᠯᠣᠭᠤᠳᠬᠤ ᠠᠵᠢᠯ ᠢ ᠥᠷᠨᠢᠭᠦᠯᠬᠦ ᠬᠡᠷᠡᠭᠲᠡᠢ᠂ ᠭᠡᠪᠡᠴᠦ ᠬᠤᠯᠪᠣᠭᠳᠠᠯ ᠪᠦᠬᠦᠢ ᠠᠵᠢᠯ ᠢ ᠵᠢᠷᠤᠮᠵᠢᠭᠤᠨ ᠬᠢᠵᠦ᠂ | ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ | ᠨᠠᠮ ᠤᠨ ᠠᠵᠤ ᠠᠬᠤᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ | ᠲᠤᠰᠬᠠᠶᠢᠵᠢᠭᠰᠠᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠤᠳᠤᠷᠢᠳᠤᠨ | ᠪᠠᠶᠢᠭᠤᠯᠬᠤ ᠮᠡᠷᠭᠡᠵᠢᠯᠲᠡᠨ ᠪᠣᠯᠬᠤ ᠪᠠᠷ ᠴᠢᠷᠮᠠᠶᠢᠬᠤ ᠬᠡᠷᠡᠭᠲᠡᠢ — | | | | | ᠴᠢᠳᠠᠪᠤᠷᠢᠲᠠᠨ ᠴᠤᠭᠯᠠᠷᠠᠪᠠᠯ ᠨᠠᠮ ᠰᠠᠶ᠋ᠢ ᠬᠥᠭᠵᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠤᠯᠲᠠ ᠶᠢᠨ ᠬᠤᠷᠳᠤᠴᠠ ᠮᠠᠰᠢ ᠲᠦᠷᠭᠡᠰᠴᠦ᠂ ᠠᠵᠤ ᠠᠬᠤᠢ ᠨᠡᠶᠢᠭᠡᠮ ᠤᠨ ᠠᠵᠢᠯᠯᠠᠭᠠᠨ ᠤ ᠪᠤᠳᠤᠯᠢᠶᠠᠨᠲᠤ | ᠴᠢᠨᠠᠷ ᠪᠦᠬᠦ ᠲᠠᠯ᠎ᠠ ᠪᠠᠷ ᠳᠡᠭᠡᠭᠰᠢᠯᠡᠨ᠎ᠡ᠂ ᠬᠡᠷᠪᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠷᠠᠯᠲᠠ ᠶᠢᠨ | ᠬᠠᠨᠳᠤᠰᠢ ᠶᠢ ᠡᠵᠡᠮᠰᠢᠬᠦ ᠦᠭᠡᠢ᠂ ᠰᠢᠨ᠎ᠡ ᠪᠠᠷ ᠬᠥᠭᠵᠢᠭᠰᠡᠨ ᠬᠦᠷᠢᠶ᠎ᠡ ᠴᠠᠷᠠᠭ᠎ᠠ ᠶᠢᠨ ᠪᠠᠶᠢᠳᠠᠯ ᠢ ᠣᠶᠢᠯᠠᠭᠠᠬᠤ ᠦᠭᠡᠢ᠂ | ᠤᠯᠠᠨ ᠲᠦᠮᠡᠨ ᠤ ᠬᠦᠰᠡᠯ ᠡᠷᠡᠮᠡᠯᠵᠡᠯ ᠪᠠ ᠬᠦᠰᠡᠯ ᠱᠠᠭᠠᠷᠳᠠᠯᠭ᠎ᠠ ᠶᠢᠨ ᠬᠤᠪᠢᠷᠠᠯᠲᠠ ᠳᠤ ᠰᠡᠷᠡᠭᠳᠡᠯ ᠦᠭᠡᠢ ᠪᠣᠯ | ᠠᠵᠤ ᠠᠬᠤᠢ ᠶᠢᠨ ᠠᠵᠢᠯ ᠢ ᠰᠠᠶᠢᠲᠤᠷ ᠵᠢᠯᠣᠭᠤᠳᠬᠤ ᠶᠢᠨ ᠠᠷᠭ᠎ᠠ ᠦᠭᠡᠢ ᠪᠥᠭᠡᠳ ᠣᠳᠣᠬᠢᠴᠢᠯᠠᠭᠰᠠᠨ ᠪᠦᠳᠦᠭᠡᠨ | ᠪᠠᠶᠢᠭᠤᠯᠤᠯᠲᠠ ᠶᠢ ᠴᠤ ᠤᠳᠤᠷᠢᠳᠬᠤ ᠶᠢᠨ ᠠᠷᠭ᠎ᠠ ᠦᠭᠡᠢ ᠶᠤᠮ᠃ | ᠠᠵᠤ ᠠᠬᠤᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ | ᠬᠥᠭᠵᠢᠯᠲᠡ ᠪᠠ ᠠᠮᠤᠷ ᠲᠦᠪᠰᠢᠨ ᠤ ᠬᠤᠶᠠᠷ ᠶᠡᠭᠡ ᠶᠠᠪᠤᠳᠠᠯ ᠢ ᠰᠠᠶᠢᠲᠤᠷ ᠠᠳᠬᠤᠬᠤ ᠬᠡᠷᠡᠭᠲᠡᠢ— | ᠰᠢᠨ᠎ᠡ ᠠᠶᠠᠨ ᠢ ᠡᠬᠢᠯᠡᠭᠦᠯᠵᠦ᠂ ᠮᠠᠨ ᠤ ᠤᠯᠤᠰ ᠤᠨ ᠬᠥᠭᠵᠢᠯᠲᠡ ᠠᠶᠤᠯ ᠲᠦᠭᠰᠢᠭᠦᠷᠢ ᠠᠮᠠᠷᠬᠠᠨ ᠡᠭᠦᠰᠬᠦ | ᠤᠯᠠᠨ ᠡᠭᠦᠰᠬᠦ ᠬᠤᠭᠤᠴᠠᠭᠠᠨ ᠳᠤ ᠣᠷᠣᠪᠠᠯ᠂ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠬᠠᠷᠢᠯᠴᠠᠨ | ᠰᠣᠯᠪᠢᠴᠠᠬᠤ ᠪᠣᠯᠣᠨ᠎ᠠ᠂ ᠠᠮᠤᠷ ᠲᠦᠪᠰᠢᠨ ᠬᠥᠭᠵᠢᠯᠲᠡ ᠶᠢᠨ ᠬᠥᠪᠴᠢ ᠶᠢ ᠴᠢᠩᠭᠠᠯᠠᠬᠤ ᠬᠡᠷᠡᠭᠲᠡᠢ᠃ | ᠤᠷᠤᠭᠰᠢᠯᠠᠯᠲᠠ ᠶᠢᠨ ᠵᠠᠮ ᠳᠡᠭᠡᠷᠡᠬᠢ ᠰᠢᠨ᠎ᠡ ᠥᠷᠢᠰᠥᠯᠳᠦᠭᠡᠨ ᠤ ᠡᠮᠦᠨ᠎ᠡ᠂ ᠡᠯ᠎ᠡ ᠱᠠᠲᠤᠨ ᠤ ᠨᠠᠮ ᠤᠨ | ᠬᠤᠷᠢᠶ᠎ᠠ ᠪᠣᠯᠤᠨ ᠵᠠᠰᠠᠭ ᠤᠨ ᠣᠷᠳᠣᠨ ᠶᠡᠭᠡ ᠬᠠᠨᠳᠤᠰᠢ ᠶᠢ ᠪᠠᠶᠢᠩᠭᠤ ᠠᠵᠢᠭᠯᠠᠨ᠂ ᠶᠡᠭᠡ ᠲᠠᠯ᠎ᠠ ᠶᠢ ᠪᠠᠶᠢᠩᠭᠤ | ᠪᠣᠳᠣᠯᠬᠢᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠰᠠᠨᠠᠭᠠᠰᠢᠷᠠᠬᠤ ᠤᠬᠠᠮᠰᠠᠷ ᠢᠶᠠᠨ | ᠴᠢᠩᠭᠠᠳᠬᠠᠵᠤ᠂ ︽ᠰᠠᠯᠬᠢ ᠰᠥᠷᠴᠦ ᠣᠩᠭᠤᠴᠠ ᠰᠡᠯᠢᠬᠦ︾ ᠦᠵᠡᠯ ᠰᠠᠨᠠᠭ᠎ᠠ ᠪᠣᠯᠤᠨ ᠠᠵᠢᠯ ᠤᠨ ᠪᠡᠯᠡᠳᠬᠡᠯ ᠢ | ᠰᠠᠶᠢᠲᠤᠷ ᠬᠢᠵᠦ᠂ ᠤᠷᠢᠳᠴᠢᠯᠠᠵᠤ ᠪᠡᠯᠡᠳᠬᠡᠨ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠬᠦ ᠬᠡᠷᠡᠭᠲᠡᠢ᠃ ᠵᠠᠷᠢᠮ | ᠭᠤᠣᠯᠳᠠᠯᠭ᠎ᠠ ᠲᠠᠢ ᠬᠦᠷᠢᠶᠡᠨ ᠳᠠᠬᠢ ᠨᠦᠯᠦᠭᠡᠯᠡᠯ ᠶᠡᠬᠡᠲᠡᠢ ᠳᠠᠯᠳᠠ ᠬᠢᠮᠤᠷᠠᠯ ᠪᠠ ᠲᠥᠰᠥᠭᠡᠯᠡᠬᠦᠶ᠎ᠡ ᠪᠡᠷᠬᠡ ᠮᠦᠷᠲᠡᠭᠡᠨ | ᠶᠡᠷᠦ ᠪᠣᠰᠤ ᠶᠢᠨ ᠬᠡᠷᠡᠭ ᠢ ᠴᠢᠩᠭ᠎ᠠ ᠰᠡᠷᠭᠡᠶᠢᠯᠡᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ | ᠰᠡᠷᠭᠡᠶᠢᠯᠡᠨ ᠠᠷᠢᠯᠭᠠᠬᠤ ︽ᠪᠤᠯᠤᠳ ᠬᠡᠷᠡᠮ ᠲᠡᠮᠦᠷ ᠬᠠᠨ᠎ᠠ︾ ᠶᠢ ᠪᠠᠲᠤ ᠴᠣᠭᠴᠠᠯᠠᠬᠤ ᠬᠡᠷᠡᠭᠲᠡᠢ᠃ | | | | | ᠵᠢᠯ ᠤᠨ ᠡᠴᠦᠰ ᠣᠨ ᠤ ᠡᠬᠢᠨ ᠪᠣᠯᠬᠤ ᠳᠤ᠂ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ ᠪᠣᠳᠠᠲᠠᠢ | ᠠᠳᠬᠤᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ︽ᠭᠠᠳᠠᠨ᠎ᠠ ᠠᠴᠠ | ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠲᠠᠬᠢᠨ ᠡᠭᠦᠰᠬᠦ ᠶᠢ ᠰᠡᠷᠭᠡᠶᠢᠯᠡᠬᠦ︾ | ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠴᠢᠩᠭ᠎ᠠ ᠰᠡᠷᠭᠡᠶᠢᠯᠡᠨ ᠰᠠᠬᠢᠵᠤ᠂ | ᠬᠡᠪᠴᠢᠶᠡᠲᠦ ᠴᠢᠨᠠᠷᠲᠠᠢ ᠪᠠᠷ ᠬᠠᠯᠳᠠᠪᠤᠷᠢᠯᠠᠨ ᠣᠷᠣᠵᠤ ᠢᠷᠡᠬᠦ ᠪᠠ ᠲᠠᠬᠢᠨ ᠳᠡᠯᠭᠡᠷᠡᠬᠦ ᠪᠠᠶᠢᠳᠠᠯ ᠭᠠᠷᠬᠤ ᠦᠭᠡᠢ ᠪᠠᠶᠢᠬᠤ | ᠶᠢ ᠦᠨᠡᠨ ᠬᠦ ᠪᠠᠲᠤᠯᠠᠬᠤ ᠬᠡᠷᠡᠭᠲᠡᠢ︔ ᠬᠤᠶᠠᠷ ᠪᠠᠶᠠᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢ | ᠰᠠᠶᠢᠲᠤᠷ ᠲᠤᠬᠢᠷᠠᠭᠤᠯᠵᠤ᠂ ᠠᠷᠠᠳ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠂ ᠬᠦᠴᠢᠷᠳᠡᠯᠲᠡᠢ ᠬᠥᠮᠦᠰ | ᠤᠨ ᠦᠨᠳᠦᠰᠦᠨ ᠵᠦᠢᠯ ᠢ ᠪᠠᠲᠤᠯᠠᠨ ᠳᠠᠭᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ ᠁ | ᠳᠤᠮᠳᠠᠳᠤ ᠤᠯᠤᠰ ᠤᠨ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠳᠤ ᠪᠠᠶᠢᠨ᠎ᠠ᠂ ᠬᠥᠮᠦᠨ ᠳᠤ | ᠪᠠᠶᠢᠨ᠎ᠠ᠃ | ᠰᠢᠨ᠎ᠡ ᠠᠶᠠᠨ ᠤ ᠤᠷᠤᠭᠰᠢᠯᠠᠯᠲᠠ ᠶᠢᠨ ᠪᠦᠷᠢᠶ᠎ᠡ ᠨᠢᠭᠡᠨᠲᠡ ᠬᠠᠩᠭᠢᠨᠠᠯ᠎ᠠ᠃ ᠢᠷᠡᠬᠦ ᠵᠢᠯ ᠤᠨ ᠠᠵᠤ ᠠᠬᠤᠢ | ᠶᠢᠨ ᠠᠵᠢᠯ ᠢ ᠰᠠᠶᠢᠲᠤᠷ ᠬᠢᠬᠦ ᠡᠭᠦᠷᠭᠡ ᠮᠠᠰᠢ ᠬᠦᠨᠳᠦ ᠪᠠᠶᠢᠨ᠎ᠠ᠂ ᠪᠦᠬᠦ ᠨᠠᠮ ᠢᠶᠠᠷ ᠢᠶᠠᠨ ᠰᠢ ᠶᠢᠨ ᠫᠢᠩ ᠨᠥᠬᠦᠷ | ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ 14 | ᠳ᠋ᠦᠩᠰᠢᠭᠤᠷ ᠳᠤᠮᠳᠠᠳᠤ ᠤᠯᠤᠰ ᠤᠨ ᠠᠷᠠᠳ ᠲᠦᠮᠡᠨ ᠤ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠤᠨ᠂ | ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ | ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠥᠬᠦᠷᠡᠰᠢ ᠦᠭᠡᠢ | ᠲᠡᠮᠡᠴᠡᠵᠡᠭᠡᠶ᠎ᠡ︕ |