ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠎ ᠤᠨ ᠲᠥᠯᠥᠪᠵᠢᠭᠦᠯᠭᠡ ᠶᠢᠨ ︽ᠬᠥᠲᠥᠯᠪᠦᠷᠢ ᠶᠢᠨ ᠲᠥᠰᠦᠯ︾᠎ ᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/28
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ︽ᠬᠥᠲᠥᠯᠪᠦᠷᠢ ᠶᠢᠨ ᠲᠥᠰᠦᠯ︾᠎ ᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ ᠣᠳᠣᠬᠠᠨ ᠤ ᠪᠠ ᠠᠯᠤᠰ ᠬᠡᠳᠦ ᠶᠢᠨ ᠬᠢ ᠶᠢ ᠬᠠᠮᠲᠤ ᠳᠤ ᠨᠢ ᠬᠠᠷᠠᠭᠠᠯᠵᠠᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ ᠦᠶᠯᠡᠳᠦᠯᠭᠡ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠬᠤ ᠬᠡᠷᠡᠭᠲᠡᠶ ᠭᠡᠵᠦ ᠴᠢᠬᠤᠯᠠᠴᠢᠯᠠᠪᠠ  ᠬᠠᠨ ᠵᠧᠩ ᠬᠤᠷᠠᠯ ᠳᠤ ᠣᠷᠣᠯᠴᠠᠪᠠ      12 ᠳ᠋ᠤᠭᠠᠷ ᠰᠠᠷ᠎ᠠ ᠶᠢᠨ 23᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠎ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ︽ᠬᠥᠲᠥᠯᠪᠦᠷᠢ ᠶᠢᠨ ᠲᠥᠰᠦᠯ︾᠎ ᠢ ᠨᠠᠶᠢᠷᠠᠭᠤᠯᠤᠨ ᠵᠣᠬᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠳᠠᠬᠢᠨᠲᠠ ᠰᠣᠨᠣᠰᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠬᠤᠷᠠᠯ ᠎ ᠳᠤ ᠣᠷᠣᠯᠴᠠᠪᠠ᠃
     ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠨᠥᠬᠦᠳ ᠰᠤᠳᠤᠯᠤᠨ ᠶᠠᠷᠢᠯᠴᠠᠵᠠᠭᠠᠪᠠ᠃ ᠯᠢ ᠺᠧ ᠴᠢᠶᠠᠩ ᠬᠡᠯᠡᠭᠰᠡᠨ ᠨᠢ᠂ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠴᠢᠬᠤᠯᠠ ᠠᠬᠢᠴᠠ ᠲᠠᠢ ᠪᠣᠯᠪᠠ᠂ ᠤᠯᠠᠨ ᠪᠦᠭᠦᠳᠡ ᠪᠠᠷ ᠢᠶᠠᠨ ᠦᠷᠭᠦᠯᠵᠢᠯᠡᠨ ᠤᠶᠤᠨ ᠤᠬᠠᠭᠠᠨ ᠢᠶᠠᠨ ᠲᠥᠪᠯᠡᠷᠡᠭᠦᠯᠦᠨ᠂ ᠭᠦᠨᠵᠡᠭᠡᠢ ᠰᠤᠳᠤᠯᠤᠨ ᠨᠤᠲᠠᠯᠠᠵᠤ᠂ ᠨᠢᠭᠲᠠ ᠠᠴᠠ ᠨᠢᠭᠲᠠ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠎ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠎ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ᠂ ᠪᠥᠬᠦᠳᠡ ᠬᠤᠷᠠᠯ ᠤᠨ ︽ᠰᠠᠨᠠᠭᠤᠯᠭ᠎ᠠ︾ ᠶᠣᠰᠣᠭᠠᠷ᠂ ᠬᠥᠲᠥᠯᠪᠦᠷᠢ ᠶᠢᠨ ᠲᠥᠰᠦᠯ ᠢ ᠨᠠᠷᠢᠨ ᠨᠢᠮᠪᠠᠶ ᠨᠠᠶᠢᠷᠠᠭᠤᠯᠤᠨ ᠵᠣᠬᠢᠶᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠬᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠳᠤ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠣᠳᠠᠲᠠᠢ ᠠᠵᠢᠯ ᠳᠤᠮᠳᠠ ᠦᠵᠡᠭᠦᠯᠬᠦ ᠲᠥᠯᠥᠪᠵᠢᠭᠦᠯᠭᠡ ᠶᠢᠨ ᠬᠥᠲᠥᠯᠪᠦᠷᠢ ᠶᠢᠨ ᠪᠠᠷᠠᠯᠠᠯᠲᠠ ᠵᠢᠯᠣᠭᠤᠳᠤᠯᠭ᠎ᠠ ᠶᠢᠨ ᠦᠶᠯᠡᠳᠦᠯ ᠢ ᠨᠢ ᠦᠨᠡᠨ ᠬᠦ ᠪᠠᠳᠠᠷᠠᠭᠤᠯᠵᠤ᠂ ᠦᠶᠯᠡᠳᠦᠯᠭᠡ ᠪᠠ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠯᠭᠠᠬᠤ ᠬᠡᠷᠡᠭᠲᠡᠶ ᠭᠡᠪᠡ᠃      ᠯᠢ ᠺᠧ ᠴᠢᠶᠠᠩ ᠵᠢᠭᠠᠵᠤ ᠭᠠᠷᠭᠠᠭᠰᠠᠨ ᠨᠢ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠣᠳᠣᠬᠠᠨ ᠤ ᠪᠠ ᠠᠯᠤᠰ ᠬᠡᠳᠦ ᠶᠢᠨ ᠬᠢ ᠶᠢ ᠬᠠᠮᠲᠤ ᠳᠤ ᠨᠢ ᠬᠠᠷᠠᠭᠠᠯᠵᠠᠬᠤ ᠬᠡᠷᠡᠭᠲᠡᠶ᠃ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ︽ᠰᠠᠨᠠᠭᠤᠯᠭ᠎ᠠ︾᠎ ᠳᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠳᠤ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠬᠢᠭᠰᠡᠨ ᠪᠥᠭᠡᠳ ᠪᠠᠰᠠ 2035 ᠣᠨ ᠤ ᠠᠯᠤᠰ ᠤᠨ ᠬᠠᠷᠠᠯᠲᠠ ᠶᠢ ᠳᠤᠷᠠᠳᠴᠠᠶ᠃ ᠡᠨᠡ ᠵᠢᠯ ᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠨᠢ ᠢᠷᠡᠬᠦ ᠵᠢᠯ ᠴᠢᠨᠠᠭᠰᠢᠯᠠᠪᠠᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠪᠦᠬᠦᠶᠢᠯᠡ ᠬᠤᠭᠤᠴᠠᠭ᠎ᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠬᠤᠶᠢᠰᠢᠳᠠ ᠶᠢᠨ ᠬᠤᠶᠠᠷ ᠵᠢᠯ ᠤᠨ ᠠᠵᠤ ᠠᠬᠤᠶ ᠶᠢᠨ ᠠᠵᠢᠯ ᠢ ᠭᠤᠤᠯᠳᠠᠯᠭ᠎ᠠ ᠲᠠᠢ ᠪᠠᠶᠢᠷᠢᠯᠠᠭᠤᠯᠪᠠ᠃ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠪᠠᠨ ᠢᠷᠡᠭᠡᠳᠦᠢ ᠶᠢᠨ ᠲᠠᠪᠤᠨ ᠵᠢᠯ ᠤᠨ ᠬᠥᠭᠵᠢᠯᠲᠡ ᠶᠢ ᠪᠥᠬᠦ ᠲᠠᠯ᠎ᠠ ᠪᠠᠷ ᠪᠣᠳᠣᠯᠬᠢᠯᠠᠵᠤ᠂ 2035 ᠣᠨ ᠤ ᠠᠯᠤᠰ ᠤᠨ ᠬᠠᠷᠠᠯᠲᠠ ᠲᠠᠢ ᠵᠣᠯᠭᠠᠯᠳᠤᠭᠤᠯᠬᠤ ᠪᠠᠷ ᠪᠠᠷᠠᠬᠤ ᠥᠭᠡᠢ ᠪᠠᠰᠠ ᠬᠤᠶᠢᠰᠢᠳᠠ ᠶᠢᠨ ᠬᠤᠶᠠᠷ ᠵᠢᠯ ᠤᠨ ᠠᠵᠤ ᠠᠬᠤᠢ ᠎ ᠶᠢᠨ ᠬᠡᠪ ᠤᠨ ᠨᠡᠮᠡᠭᠳᠡᠯ ᠤᠨ ᠰᠡᠷᠭᠦᠯᠲᠡ ᠶᠢ ᠠᠬᠢᠭᠤᠯᠬᠤ᠂ ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠣᠨᠴᠠᠭᠠᠢ ᠪᠠᠶᠢᠳᠠᠯ ᠳᠤ ᠴᠢᠭᠯᠡᠭᠦᠯᠦᠨ ᠨᠢᠭᠡᠳᠦᠯᠲᠡᠢ ᠲᠥᠯᠥᠪᠯᠡᠨ ᠲᠤᠬᠢᠷᠠᠭᠤᠯᠬᠤ ᠬᠡᠷᠡᠭᠲᠡᠢ ᠭᠡᠪᠡ᠃
     ᠯᠢ ᠺᠧ ᠴᠢᠶᠠᠩ ᠬᠡᠯᠡᠭᠰᠡᠨ ᠨᠢ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠳᠤ ᠦᠨᠡᠨ ᠎ ᠠᠴᠠ ᠵᠥᠪ ᠢ ᠡᠷᠢᠬᠦ ᠶᠢ ᠪᠠᠷᠢᠮᠲᠠᠯᠠᠵᠤ᠂ ᠵᠢᠮ᠎ᠡ ᠶᠣᠰᠣ ᠶᠢ ᠵᠢᠷᠤᠮᠯᠠᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠬᠥᠮᠦᠰ ᠢ ᠵᠣᠷᠢᠭᠵᠢᠭᠤᠯᠬᠤ ᠪᠥᠭᠡᠳ ᠪᠠᠰᠠ ᠣᠷᠣᠨ ᠵᠠᠶ ᠦᠯᠡᠳᠡᠭᠡᠵᠦ᠂ ᠪᠥᠬᠦ ᠨᠡᠶᠢᠭᠡᠮ ᠢ ᠬᠠᠮᠲᠤ ᠶᠢᠨ ᠲᠠᠨᠢᠯᠲᠠ ᠲᠠᠢ ᠪᠣᠯᠭᠠᠬᠤ ᠬᠡᠷᠡᠭᠲᠡᠶ᠃ ᠮᠠᠨ ᠤ ᠤᠯᠤᠰ ᠤᠨ ᠠᠵᠤ ᠠᠬᠤᠢ ᠶᠢᠨ ᠰᠠᠭᠤᠷᠢ ᠲᠤᠭ᠎ᠠ ᠨᠢᠭᠡᠨᠲᠡ ᠨᠡᠯᠢᠶᠡᠳ ᠶᠡᠭᠡ ᠪᠤᠯᠵᠤ᠂ ᠢᠷᠡᠭᠡᠳᠦᠢ ᠶᠢᠨ ᠲᠠᠪᠤᠨ ᠵᠢᠯ ᠳᠤ ᠵᠣᠬᠢᠰᠲᠠᠢ ᠬᠤᠷᠳᠤᠴᠠ ᠪᠠᠷ ᠲᠣᠭᠲᠠᠭᠤᠨ ᠨᠡᠮᠡᠭᠳᠡᠬᠦ ᠪᠣᠯᠣᠨ᠎ᠠ᠂ ᠬᠤᠷᠠᠮᠳᠤᠭᠤᠯᠤᠭᠠᠳ ᠠᠪᠤᠪᠠᠯ ᠬᠢᠯᠪᠠᠷ ᠪᠤᠰᠤ ᠠᠮᠵᠢᠯᠲᠠ ᠪᠣᠯᠬᠤ ᠶᠤᠮ᠃ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠰᠠᠭᠤᠷᠢ ᠪᠡᠯᠡᠳᠬᠡᠮᠵᠢ ᠶᠢ ᠴᠢᠩᠭᠠᠳᠬᠠᠬᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠬᠦ ᠵᠡᠷᠭᠡ ᠡᠭᠦᠷᠭᠡ ᠪᠠ ᠠᠷᠭ᠎ᠠ ᠬᠡᠮᠵᠢᠶ᠎ᠡ ᠶᠢ ᠳᠤᠷᠠᠳᠬᠤ ᠳᠤ ᠪᠠᠨ ᠴᠥᠮ ᠭᠤᠣᠯᠳᠠᠯᠭ᠎ᠠ ᠶᠢ ᠳᠤᠪᠤᠶᠢᠯᠭᠠᠵᠤ᠂ ᠴᠢᠳᠠᠯ ᠢᠶᠠᠷ ᠢᠶᠠᠨ ᠴᠢᠷᠮᠠᠶᠢᠬᠤ ᠮᠥᠷᠲᠡᠭᠡᠨ ᠴᠢᠳᠠᠯ ᠤᠨ ᠢᠶᠠᠨ ᠬᠢᠷᠢ ᠪᠠᠷ ᠬᠢᠵᠦ᠂ ᠰᠣᠬᠤᠷ ᠪᠠᠯᠠᠢ ᠎ ᠪᠠᠷ ᠪᠦᠲᠦᠭᠡᠨ ᠪᠠᠶᠢᠭᠤᠯᠬᠤ ᠦᠭᠡᠢ ᠪᠠᠶᠢᠵᠤ᠂ ᠳᠤᠷᠠᠳᠤᠭᠰᠠᠨ ᠪᠦᠬᠦᠨ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠥᠲᠥᠯᠪᠦᠷᠢ ᠶᠢᠨ ᠲᠥᠰᠦᠯ ᠢ ᠡᠯ᠎ᠡ ᠲᠤᠰᠬᠠᠶ ᠲᠥᠯᠥᠪᠵᠢᠭᠦᠯᠭᠡ᠂ ᠣᠷᠣᠨ ᠨᠤᠲᠤᠭ ᠤᠨ ᠲᠥᠯᠥᠪᠵᠢᠭᠦᠯᠭᠡ ᠯᠦᠭᠡ ᠵᠣᠯᠭᠠᠯᠳᠤᠭᠤᠯᠬᠤ ᠶᠢ ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠬᠦᠷᠢᠶᠡᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠷᠡᠭᠴᠡᠭᠡ ᠪᠠᠨ ᠦᠨᠳᠦᠰᠦᠯᠡᠬᠦ ᠮᠦᠷᠲᠡᠭᠡᠨ ᠪᠠᠰᠠ ᠪᠣᠯᠤᠯᠴᠠᠭ᠎ᠠ ᠶᠢ ᠪᠣᠳᠣᠯᠬᠢᠯᠠᠵᠤ᠂ ᠬᠠᠷᠠᠯᠲᠠ ᠪᠣᠯᠤᠨ ᠡᠭᠦᠷᠭᠡ ᠪᠠᠨ ᠰᠠᠶᠢᠲᠤᠷ ᠡᠵᠡᠮᠰᠢᠬᠦ ᠬᠡᠷᠡᠭᠲᠡᠶ︔ ᠡᠭᠦᠨ ᠎ ᠤ ᠬᠠᠮᠲᠤ ᠡᠯ᠎ᠡ ᠭᠠᠵᠠᠷ ᠤᠨ ᠣᠷᠣᠨ ᠨᠤᠲᠤᠭ ᠤᠨ ᠲᠥᠯᠥᠪᠵᠢᠭᠦᠯᠭᠡ ᠪᠠᠨ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠶᠢ ᠨᠢ ᠬᠥᠲᠥᠯᠥᠨ ᠵᠢᠯᠣᠭᠤᠳᠴᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠯᠢ ᠺᠧ ᠴᠢᠶᠠᠩ ᠵᠢᠭᠠᠵᠤ ᠭᠠᠷᠭᠠᠭᠰᠠᠨ ᠨᠢ᠂ ᠬᠥᠲᠥᠯᠪᠦᠷᠢ ᠶᠢᠨ ᠲᠥᠰᠦᠯ ᠢ ᠨᠠᠶᠢᠷᠠᠭᠤᠯᠤᠨ ᠵᠣᠬᠢᠶᠠᠬᠤ ᠎ ᠳᠤ ᠪᠠᠨ ᠥᠭᠡᠷᠡᠴᠢᠯᠡᠯᠲᠡ ᠨᠡᠬᠡᠬᠡᠯᠳᠡ ᠶᠢ ᠭᠦᠨᠵᠡᠭᠡᠶᠢᠷᠡᠭᠦᠯᠬᠦ ᠶᠢ ᠲᠤᠰᠬᠠᠵᠤ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠬᠡᠬᠡᠯᠳᠡ ᠶᠢ ᠡᠷᠡᠰ ᠠᠬᠢᠭᠤᠯᠬᠤ ᠡᠷᠴᠢ ᠵᠣᠷᠢᠭ ᠢ ᠢᠯᠡᠷᠡᠭᠦᠯᠬᠦ ᠬᠡᠷᠡᠭᠲᠡᠢ᠃ ᠡᠬᠢ ᠪᠠᠶᠠᠯᠢᠭ ᠤᠨ ᠲᠤᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠬᠥᠲᠥᠯᠪᠦᠷᠢ ᠎ ᠶᠢᠨ ᠲᠥᠰᠦᠯ ᠳᠤ ᠥᠭᠡᠷᠡᠴᠢᠯᠡᠯᠲᠡ ᠶᠢᠨ ᠰᠡᠳᠬᠢᠮᠵᠢ ᠪᠣᠯᠤᠨ ᠠᠷᠭ᠎ᠠ ᠶᠢ ᠲᠣᠪᠣᠶᠢᠮ᠎ᠠ ᠬᠡᠷᠡᠭᠯᠡᠬᠦ ᠬᠡᠷᠡᠭᠲᠡᠶ᠃ ᠠᠵᠢᠯ ᠣᠯᠭᠤᠯᠲᠠ ᠶᠢ ᠨᠡᠮᠡᠭᠳᠡᠭᠦᠯᠬᠦ᠂ ᠰᠢᠨ᠎ᠡ ᠶᠢ ᠡᠭᠦᠳᠬᠦ ᠶᠢ ᠠᠬᠢᠭᠤᠯᠬᠤ᠂ ᠡᠳ᠋ ᠪᠠᠶᠠᠯᠢᠭ ᠢ ᠡᠭᠦᠳᠬᠦ᠂ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠴᠥᠮ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠴᠢᠳᠠᠪᠤᠷᠢ ᠶᠢ ᠨᠡᠩ ᠶᠡᠭᠡ ᠪᠠᠷ ᠬᠥᠭᠵᠢᠭᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠬᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠵᠡᠷᠭᠡ ᠲᠠᠯ᠎ᠠ ᠪᠠᠷ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠪᠡᠯᠡ ᠮᠥᠩᠭᠦ ᠎ ᠶᠢᠨ ᠬᠥᠰᠢᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠶᠢᠭᠡᠮ ᠤᠨ ᠬᠥᠷᠥᠩᠭᠡ ᠶᠢᠨ ᠬᠠᠮᠲᠤ ᠪᠠᠷ ᠣᠷᠣᠯᠴᠠᠬᠤ ᠶᠢ ᠬᠥᠲᠥᠯᠥᠨ ᠵᠢᠯᠣᠭᠤᠳᠬᠤ ᠬᠡᠷᠡᠭᠲᠡᠶ᠃ ᠭᠠᠳᠠᠭᠠᠳᠤ ᠨᠡᠬᠡᠬᠡᠯᠳᠡ ᠶᠢ ᠥᠷᠭᠡᠳᠬᠡᠬᠦ ᠲᠠᠯ᠎ᠠ ᠪᠠᠷ ᠨᠡᠩ ᠤᠯᠠᠨ ᠳᠦᠷᠢᠮ ᠤᠨ ᠬᠡᠯᠪᠡᠷᠢ ᠶᠢᠨ ᠨᠡᠬᠡᠬᠡᠯᠳᠡ ᠶᠢᠨ ᠰᠢᠨ᠎ᠡ ᠠᠷᠭ᠎ᠠ ᠬᠡᠮᠵᠢᠶ᠎ᠡ ᠶᠢ ᠳᠤᠷᠠᠳᠴᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠣᠷᠴᠢᠨ ᠨᠦᠭᠦᠴᠡᠯ ᠢ ᠰᠠᠶᠢᠵᠢᠷᠠᠭᠤᠯᠵᠤ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
     ᠯᠢ ᠺᠧ ᠴᠢᠶᠠᠩ ᠬᠡᠯᠡᠭᠰᠡᠨ ᠨᠢ᠂ ᠥᠭᠡᠷᠡᠴᠢᠯᠡᠯᠲᠡ ᠨᠡᠭᠡᠭᠡᠯᠳᠠ ᠬᠢᠭᠰᠡᠨ ᠳᠥᠴᠢ ᠭᠠᠷᠤᠢ ᠵᠢᠯ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠦᠬᠦ ᠠᠷᠠᠳ ᠲᠦᠮᠡᠨ ᠰᠢᠷᠭᠠᠭᠤ ᠬᠠᠲᠠᠭᠤᠵᠢᠯᠲᠠᠢ ᠲᠡᠮᠡᠴᠡᠵᠦ ᠪᠠᠶᠢᠭᠠᠳ ᠣᠯᠤᠭᠰᠠᠨ ᠶᠤᠮ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠷᠭᠦᠯᠵᠢᠯᠡᠨ ᠯᠠᠪᠳᠠᠭᠤᠨ ᠪᠠᠲᠤᠲᠠᠢ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃ ᠢᠷᠡᠬᠦ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠡᠬᠢᠯᠡᠯᠲᠡ ᠶᠢᠨ ᠵᠢᠯ ᠮᠦᠨ᠂ ᠲᠤᠶᠢᠯ ᠎ ᠤᠨ ᠵᠠᠩᠭᠢᠯᠠᠭ᠎ᠠ ᠪᠣᠯᠤᠨ᠎ᠠ᠂ ᠠᠵᠤ ᠠᠬᠤᠶ ᠶᠢᠨ ᠲᠣᠭᠲᠠᠭᠤᠨ ᠰᠡᠷᠭᠦᠯᠲᠡ ᠶᠢᠨ ᠪᠠᠶᠢᠳᠠᠯ ᠢ ᠬᠦᠴᠦᠯᠡᠨ ᠪᠠᠬᠢᠵᠢᠭᠦᠯᠵᠦ᠂ ᠠᠵᠤ ᠠᠬᠤᠶ ᠶᠢᠨ ᠠᠵᠢᠯᠯᠠᠭᠠᠨ ᠢ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠬᠡᠷᠡᠭᠲᠡᠶ ᠭᠡᠪᠡ᠃      ᠰᠦᠨ ᠴᠦᠨ ᠯᠠᠨ᠂ ᠬᠤ᠋ ᠴᠦᠨ ᠬᠤᠸᠠ᠂ ᠸᠧᠢ ᠹᠧᠩ ᠡᡁᠧ᠂ ᠸᠠᠩ ᠶᠦᠩ᠂ ᠸᠠᠩ ᠢ᠂ ᠰᠢᠶᠤᠤ ᠵᠢᠶᠧ᠂ ᠵᠤᠤ ᠺᠧ ᡁᠢ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号