ᠡᠷᠢᠶᠡᠨ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2020/12/29

     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠡᠷᠢᠶᠡᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ ᠮᠥᠴᠢᠷ ᠨᠢ ᠠᠵᠢᠯ ᠶᠠᠪᠤᠳᠠᠯ ᠭᠦᠢᠴᠡᠳᠭᠡᠬᠦ ᠳᠤ ᠳᠠᠪᠲᠠᠮᠵᠢ ᠪᠠᠷ ᠥᠨᠳᠥᠷ᠂ ᠬᠠᠮᠤᠷᠬᠤ ᠬᠡᠪᠴᠢᠶ᠎ᠡ ᠪᠠᠷ ᠥᠷᠭᠡᠨ ᠪᠠᠶᠢᠯᠭᠠᠬᠤ ᠵᠠᠷᠴᠢᠮ ᠢ ᠪᠠᠷᠢᠮᠲᠠᠯᠠᠨ᠂ ᠡᠯ᠎ᠡ ᠲᠥᠷᠥᠯ ᠤᠨ ᠬᠢᠨᠠᠨ ᠵᠥᠪᠰᠢᠶᠡᠷᠡᠯᠲᠡ ᠪᠠ ᠨᠡᠶᠢᠭᠡᠮ ᠤᠨ ᠦᠢᠯᠡᠴᠢᠯᠡᠭᠡᠨ ᠤ ᠵᠦᠢᠯᠡᠰ ᠢ ᠨᠠᠷᠢᠨ ᠬᠢᠨᠠᠮᠠᠭᠠᠶ ᠡᠮᠬᠢᠯᠡᠵᠦ᠂ ᠠᠵᠤ ᠠᠬᠤᠶᠢᠯᠠᠯ ᠣᠯᠠᠨ ᠲᠦᠮᠡᠨ ᠤ ︽ᠨᠢᠭᠡ ᠶᠠᠪᠤᠳᠠᠯ︾ ᠭᠡᠵᠦ ᠦᠵᠡᠳᠡᠭ ᠵᠦᠢᠯᠡᠰ ᠲᠤ ᠬᠤᠯᠪᠤᠭᠳᠠᠭᠰᠠᠨ ᠭᠤᠭᠴᠤᠭ᠎ᠠ ᠶᠢ ᠡᠮᠬᠢᠯᠡᠨ ᠨᠡᠶᠢᠯᠡᠭᠦᠯᠦᠭᠡᠳ᠂ ︽ᠪᠢ ᠭᠠᠷ ᠤᠲᠠᠰᠤ ᠰᠡᠯᠪᠢᠨ ᠵᠠᠰᠠᠬᠤ ᠳᠡᠯᠭᠡᠭᠦᠷ ᠡᠷᠬᠢᠯᠡᠬᠦ︾ ︽ᠪᠢ ᠵᠢᠵᠢᠭ ᠬᠤᠭᠤᠯᠠᠨ ᠬᠡᠷ ᠡᠷᠬᠢᠯᠡᠬᠦ︾ ᠭᠡᠬᠦ ᠵᠡᠷᠭᠡ 18 ᠭᠤᠤᠯ ᠰᠡᠳᠦᠪᠲᠦ ᠵᠦᠢᠯᠡᠰ ᠢ ᠰᠦᠯᠵᠢᠶᠡᠨ ᠠᠴᠠ ᠭᠠᠳᠠᠨ᠎ᠠ ᠴᠣᠩᠬᠤᠪᠴᠢ ᠪᠠᠷ ᠬᠦᠢᠴᠡᠳᠭᠡᠬᠦ ᠶᠢ ᠵᠢᠩᠬᠢᠨᠢ ᠪᠠᠷ ᠡᠬᠢᠯᠡᠨ ᠠᠵᠢᠯᠯᠠᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠦᠢᠯᠡᠴᠢᠯᠡᠭᠡᠨ ᠤ ᠴᠣᠩᠬᠤ ᠭᠠᠷᠭᠠᠨ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠭᠠᠷᠴᠠᠭ ᠤᠨ ᠨᠠᠷᠢᠨ ᠳᠠᠩᠰᠠ ᠵᠢᠴᠢ ᠬᠦᠢᠴᠡᠳᠭᠡᠬᠦ ᠴᠣᠪᠤᠷᠠᠯ ᠢ ᠨᠡᠶᠢᠲᠡᠯᠡᠭᠡᠳ᠂

︽ᠨᠢᠭᠡ ᠯᠠ ᠤᠳᠠᠭ᠎ᠠ ᠮᠡᠳᠡᠭᠳᠡᠬᠦ᠂ ᠨᠢᠭᠡ ᠯᠠ ᠦᠢᠯᠡᠴᠢᠯᠡᠭᠡᠨ ᠤ ᠴᠣᠩᠬᠤᠨ ᠳᠤ ᠭᠥᠯᠢᠶᠡᠨ ᠠᠪᠴᠤ ᠰᠢᠢᠳᠪᠦᠷᠢᠯᠡᠬᠦ︾᠎ ᠶᠢ ᠬᠡᠷᠡᠭᠵᠢᠭᠦᠯᠵᠡᠢ᠃ ᠭᠤᠶᠤᠴᠢᠯᠠᠭᠴᠢ ᠵᠥᠪᠬᠡᠨ ᠨᠢᠭᠡ ᠯᠡ ᠤᠳᠠᠭ᠎ᠠ ᠣᠴᠢᠵᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠦᠢᠯᠡᠴᠢᠯᠡᠭᠡᠨ ᠤ ᠴᠣᠩᠬᠤᠨ ᠳᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠪᠠᠯ᠂ ᠲᠢᠩᠬᠢᠮ ᠤᠨ ᠠᠵᠢᠯᠲᠠᠳ ᠨᠢ ᠬᠠᠷᠢᠭᠤᠴᠠᠨ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠭᠦᠢᠴᠡᠳᠬᠡᠨ ᠥᠭᠴᠦ᠂ ᠭᠤᠶᠤᠴᠢᠯᠠᠭᠴᠢ ᠬᠡᠪ ᠤᠨ ᠡᠵᠡᠩᠨᠡᠯᠲᠡ ᠪᠠᠨ ᠬᠢᠬᠦ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠲᠤᠩ ᠳᠦᠬᠦᠮ ᠦᠵᠡᠭᠦᠯᠵᠡᠢ᠃ ᠡᠨᠡᠬᠦ ᠶᠠᠪᠤᠳᠠᠯ ᠨᠢ ᠡᠷᠢᠶᠡᠨ ᠬᠤᠲᠠ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢ ᠠᠵᠢᠯ ᠪᠥᠬᠦ ᠲᠠᠯ᠎ᠠ ᠪᠠᠷ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃

ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ