ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠡᠷᠢᠶᠡᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠯᠠᠭ᠎ᠠ | ᠮᠥᠴᠢᠷ ᠨᠢ ᠠᠵᠢᠯ ᠶᠠᠪᠤᠳᠠᠯ ᠭᠦᠢᠴᠡᠳᠭᠡᠬᠦ ᠳᠤ ᠳᠠᠪᠲᠠᠮᠵᠢ ᠪᠠᠷ ᠥᠨᠳᠥᠷ᠂ ᠬᠠᠮᠤᠷᠬᠤ ᠬᠡᠪᠴᠢᠶ᠎ᠡ ᠪᠠᠷ ᠥᠷᠭᠡᠨ | ᠪᠠᠶᠢᠯᠭᠠᠬᠤ ᠵᠠᠷᠴᠢᠮ ᠢ ᠪᠠᠷᠢᠮᠲᠠᠯᠠᠨ᠂ ᠡᠯ᠎ᠡ ᠲᠥᠷᠥᠯ ᠤᠨ ᠬᠢᠨᠠᠨ ᠵᠥᠪᠰᠢᠶᠡᠷᠡᠯᠲᠡ ᠪᠠ ᠨᠡᠶᠢᠭᠡᠮ ᠤᠨ | ᠦᠢᠯᠡᠴᠢᠯᠡᠭᠡᠨ ᠤ ᠵᠦᠢᠯᠡᠰ ᠢ ᠨᠠᠷᠢᠨ ᠬᠢᠨᠠᠮᠠᠭᠠᠶ ᠡᠮᠬᠢᠯᠡᠵᠦ᠂ ᠠᠵᠤ ᠠᠬᠤᠶᠢᠯᠠᠯ ᠣᠯᠠᠨ ᠲᠦᠮᠡᠨ ᠤ ︽ᠨᠢᠭᠡ ᠶᠠᠪᠤᠳᠠᠯ︾ | ᠭᠡᠵᠦ ᠦᠵᠡᠳᠡᠭ ᠵᠦᠢᠯᠡᠰ ᠲᠤ ᠬᠤᠯᠪᠤᠭᠳᠠᠭᠰᠠᠨ ᠭᠤᠭᠴᠤᠭ᠎ᠠ ᠶᠢ ᠡᠮᠬᠢᠯᠡᠨ ᠨᠡᠶᠢᠯᠡᠭᠦᠯᠦᠭᠡᠳ᠂ ︽ᠪᠢ ᠭᠠᠷ | ᠤᠲᠠᠰᠤ ᠰᠡᠯᠪᠢᠨ ᠵᠠᠰᠠᠬᠤ ᠳᠡᠯᠭᠡᠭᠦᠷ ᠡᠷᠬᠢᠯᠡᠬᠦ︾ ︽ᠪᠢ ᠵᠢᠵᠢᠭ ᠬᠤᠭᠤᠯᠠᠨ ᠬᠡᠷ ᠡᠷᠬᠢᠯᠡᠬᠦ︾ ᠭᠡᠬᠦ ᠵᠡᠷᠭᠡ 18 | ᠭᠤᠤᠯ ᠰᠡᠳᠦᠪᠲᠦ ᠵᠦᠢᠯᠡᠰ ᠢ ᠰᠦᠯᠵᠢᠶᠡᠨ ᠠᠴᠠ ᠭᠠᠳᠠᠨ᠎ᠠ ᠴᠣᠩᠬᠤᠪᠴᠢ ᠪᠠᠷ ᠬᠦᠢᠴᠡᠳᠭᠡᠬᠦ ᠶᠢ ᠵᠢᠩᠬᠢᠨᠢ ᠪᠠᠷ | ᠡᠬᠢᠯᠡᠨ ᠠᠵᠢᠯᠯᠠᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ︽ᠨᠢᠭᠡ ᠶᠠᠪᠤᠳᠠᠯ ᠢ ᠨᠢᠭᠡ | ᠯᠡ ᠤᠳᠠᠭ᠎ᠠ ᠳᠤ ᠭᠦᠢᠴᠡᠳᠭᠡᠬᠦ︾ ᠦᠢᠯᠡᠴᠢᠯᠡᠭᠡᠨ ᠤ ᠴᠣᠩᠬᠤ ᠭᠠᠷᠭᠠᠨ᠂ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠭᠡᠬᠦ︾ ᠭᠠᠷᠴᠠᠭ ᠤᠨ ᠨᠠᠷᠢᠨ ᠳᠠᠩᠰᠠ ᠵᠢᠴᠢ ᠬᠦᠢᠴᠡᠳᠭᠡᠬᠦ ᠴᠣᠪᠤᠷᠠᠯ ᠢ ᠨᠡᠶᠢᠲᠡᠯᠡᠭᠡᠳ᠂ | ︽ᠨᠢᠭᠡ ᠯᠠ ᠤᠳᠠᠭ᠎ᠠ ᠮᠡᠳᠡᠭᠳᠡᠬᠦ᠂ ᠨᠢᠭᠡ ᠯᠠ ᠦᠢᠯᠡᠴᠢᠯᠡᠭᠡᠨ ᠤ ᠴᠣᠩᠬᠤᠨ ᠳᠤ ᠭᠥᠯᠢᠶᠡᠨ ᠠᠪᠴᠤ ᠰᠢᠢᠳᠪᠦᠷᠢᠯᠡᠬᠦ︾ | ᠶᠢ ᠬᠡᠷᠡᠭᠵᠢᠭᠦᠯᠵᠡᠢ᠃ ᠭᠤᠶᠤᠴᠢᠯᠠᠭᠴᠢ ᠵᠥᠪᠬᠡᠨ ᠨᠢᠭᠡ ᠯᠡ ᠤᠳᠠᠭ᠎ᠠ ᠣᠴᠢᠵᠤ᠂ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠭᠡᠬᠦ︾ ᠦᠢᠯᠡᠴᠢᠯᠡᠭᠡᠨ ᠤ ᠴᠣᠩᠬᠤᠨ ᠳᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠪᠠᠯ᠂ | ᠲᠢᠩᠬᠢᠮ ᠤᠨ ᠠᠵᠢᠯᠲᠠᠳ ᠨᠢ ᠬᠠᠷᠢᠭᠤᠴᠠᠨ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠭᠦᠢᠴᠡᠳᠬᠡᠨ ᠥᠭᠴᠦ᠂ | ᠭᠤᠶᠤᠴᠢᠯᠠᠭᠴᠢ ᠬᠡᠪ ᠤᠨ ᠡᠵᠡᠩᠨᠡᠯᠲᠡ ᠪᠠᠨ ᠬᠢᠬᠦ᠂ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠠ ᠣᠯᠠᠨ | ᠲᠦᠮᠡᠨ ᠳᠤ ᠲᠤᠩ ᠳᠦᠬᠦᠮ ᠦᠵᠡᠭᠦᠯᠵᠡᠢ᠃ ᠡᠨᠡᠬᠦ ᠶᠠᠪᠤᠳᠠᠯ ᠨᠢ ᠡᠷᠢᠶᠡᠨ ᠬᠤᠲᠠ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠭᠡᠬᠦ︾ ᠥᠭᠡᠷᠡᠴᠢᠯᠡᠯᠲᠡ ᠶᠢ ᠠᠵᠢᠯ ᠪᠥᠬᠦ ᠲᠠᠯ᠎ᠠ ᠪᠠᠷ ᠡᠬᠢᠯᠡᠭᠦᠯᠦᠭᠰᠡᠨ ᠢ ᠬᠠᠷᠠᠭᠤᠯᠵᠤ | ᠪᠠᠶᠢᠨ᠎ᠠ᠃ |