ᠥᠪᠥᠷ ᠵᠠᠰᠠᠭ ᠠᠯᠪᠠᠨ ᠲᠠᠷᠬᠠᠭᠠᠭᠰᠠᠨ ﹇2020 ﹈ 32 ᠳ᠋ᠤᠭᠠᠷ ᠲᠣᠭᠠᠲᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ︾ ︽ᠰᠤᠷᠭᠠᠨ ᠬᠥᠮᠦᠵᠢᠯ ᠤᠨ ᠬᠦᠷᠢᠶᠡᠨ ᠳᠠᠬᠢ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠲᠥᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | | | 2020 ᠣᠨ ᠤ 9 ᠳ᠋ᠦ᠋ᠭᠡᠷ ᠰᠠᠷ᠎ᠠ ᠶᠢᠨ 30 ᠤ ᠡᠳᠦᠷ | | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ | | | ︽ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠲᠥᠪ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018 ﹈ 67 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ | ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ | ᠬᠡᠷᠡᠭᠵᠢᠭᠦᠯᠬᠦ ᠲᠥᠰᠦᠯ ᠢ ᠲᠠᠷᠤᠮᠠᠯᠯᠠᠨ ᠶᠠᠪᠤᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ | ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ | ︽ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇ | 2018 ﹈ 46 ᠳ᠋ᠤᠭᠠᠷ ᠲᠣᠭᠠᠲᠤ︶ ᠵᠡᠷᠭᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠡᠳᠦᠭᠡ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠳᠤ ᠳᠣᠤᠷᠠᠬᠢ ᠮᠡᠲᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠣᠳᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠲᠦᠷᠭᠡᠳᠬᠡᠨ ᠪᠠᠶᠢᠭᠤᠯᠬᠤ ᠶᠢ | ᠪᠠᠷᠢᠮᠲᠠᠯᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ | ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ᠂ ︽︿ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ 2030﹀ ᠶᠢᠨ | ᠬᠡᠷᠡᠭᠵᠢᠭᠦᠯᠬᠦ ᠲᠥᠰᠦᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ | ᠲᠥᠯᠥᠪᠯᠡᠭᠡ ︵2017 — 2025 ᠣᠨ︶︾ ᠬᠡᠷᠡᠭᠵᠢᠭᠦᠯᠬᠦ ᠶᠢ ᠬᠦᠴᠦᠲᠡᠢ ᠳᠡᠮᠵᠢᠵᠦ᠂ ᠲᠥᠪ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠶᠡᠷᠦᠩᠬᠡᠶ ᠪᠠᠶᠢᠷᠢᠯᠠᠭᠤᠯᠤᠯᠲᠠ ᠶᠢᠨ ᠶᠣᠰᠣᠭᠠᠷ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠪᠠᠨ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠂ ᠦᠷᠭᠦᠯᠵᠢᠯᠡᠬᠦ ᠡᠳ᠋ ᠤᠨ ᠵᠠᠰᠠᠭ ᠤᠨ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ | ᠪᠠᠶᠢᠭᠤᠯᠬᠤ ᠶᠢᠨ ᠬᠠᠮᠲᠤ ᠲᠣᠭᠲᠠᠭᠤᠨ ᠢᠶᠠᠷ ᠶᠠᠪᠤᠭᠳᠠᠬᠤ ᠶᠢ ᠨᠢ ᠠᠬᠢᠭᠤᠯᠤᠨ᠎ᠠ᠃ ᠥᠭᠡᠷᠡᠴᠢᠯᠡᠯᠲᠡ ᠪᠠᠷ ᠳᠠᠮᠵᠢᠭᠤᠯᠵᠤ᠂ ᠲᠥᠪ ᠠᠴᠠ ᠤᠳᠤᠷᠢᠳᠤᠭᠰᠠᠨ᠂ ᠡᠷᠬᠡ | ᠬᠠᠷᠢᠭᠤᠴᠠᠯᠭ᠎ᠠ ᠨᠢ ᠲᠣᠳᠣᠷᠬᠠᠶ᠂ ᠬᠠᠤᠯᠢ ᠶᠣᠰᠣᠭᠠᠷ ᠵᠢᠷᠤᠮᠵᠢᠭᠤᠯᠤᠭᠰᠠᠨ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ | ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠵᠠᠭᠪᠤᠷ ᠢ ᠪᠦᠷᠢᠯᠳᠦᠭᠦᠯᠵᠦ᠂ ᠪᠦᠬᠦ | ᠣᠷᠣᠨ ᠤ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | — ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠵᠤ᠂ ᠬᠥᠮᠦᠨ ᠪᠦᠬᠦᠨ ᠤ ᠡᠷᠬᠡ ᠲᠡᠭᠰᠢ ᠪᠠᠷ ᠬᠦᠷᠲᠡᠬᠦ ᠶᠢ ᠠᠬᠢᠭᠤᠯᠤᠨ᠎ᠠ᠃ ᠵᠠᠰᠠᠭ ᠤᠨ | ᠣᠷᠳᠣᠨ᠂ ᠨᠡᠶᠢᠭᠡᠮ ᠪᠠ ᠬᠤᠪᠢ ᠬᠥᠮᠦᠨ ᠤ ᠣᠷᠣᠭᠤᠯᠤᠯᠲᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠦᠨᠳᠦᠰᠦᠨ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠠᠵᠢᠯ ᠳᠠᠬᠢ ᠵᠠᠰᠠᠭ ᠤᠨ ᠣᠷᠳᠣᠨ ᠤ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠵᠠᠰᠠᠭ ᠤᠨ ᠣᠷᠳᠣᠨ ᠠᠴᠠ | ᠡᠷᠡᠭᠦᠯ ᠬᠠᠮᠠᠭᠠᠯᠠᠯ ᠤᠨ ᠲᠠᠯ᠎ᠠ ᠳᠤ ᠣᠷᠣᠭᠤᠯᠤᠯᠲᠠ ᠬᠢᠬᠦ ᠲᠣᠭᠲᠠᠴᠠ ᠶᠢ ᠲᠡᠭᠦᠯᠳᠡᠷᠵᠢᠭᠦᠯᠬᠦ ᠶᠢᠨ ᠬᠠᠮᠲᠤ ᠣᠷᠣᠭᠤᠯᠤᠯᠲᠠ ᠶᠢ ᠨᠢ ᠠᠯᠬᠤᠮ ᠠᠯᠬᠤᠮ ᠢᠶᠠᠷ | ᠨᠡᠮᠡᠭᠳᠡᠭᠦᠯᠦᠨ᠎ᠡ᠃ ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ ᠪᠠᠷᠢᠮᠲᠠᠯᠠᠬᠤ ᠪᠠ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠪᠠᠨ | ᠤᠶᠠᠯᠳᠤᠭᠤᠯᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ ᠡᠮᠴᠢᠯᠡᠭᠡ ᠡᠷᠡᠭᠦᠯ ᠬᠠᠮᠠᠭᠠᠯᠠᠯ ᠤᠨ | ᠬᠦᠷᠢᠶᠡᠨ ᠳᠠᠬᠢ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ | — ᠵᠢᠮ᠎ᠡ ᠶᠣᠰᠣ ᠶᠢ ᠨᠢ ᠵᠢᠷᠤᠮᠯᠠᠬᠤ ᠶᠢ ᠪᠠᠷᠢᠮᠲᠠᠯᠠᠵᠤ᠂ ᠡᠷᠬᠡ ᠪᠠ ᠬᠠᠷᠢᠭᠤᠴᠠᠯᠭ᠎ᠠ ᠪᠠᠨ ᠵᠤᠬᠢᠴᠠᠯᠳᠤᠭᠤᠯᠤᠨ ᠨᠢᠭᠡᠳᠬᠡᠬᠦ ᠶᠢ ᠪᠡᠶᠡᠯᠡᠭᠦᠯᠦᠨ᠎ᠡ᠃ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠡᠩ ᠤᠨ ᠵᠢᠮ᠎ᠡ ᠶᠣᠰᠣ ᠶᠢ ᠵᠢᠷᠤᠮᠯᠠᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠤᠪᠢᠳᠠᠨ ᠡᠭᠦᠷᠭᠡᠯᠡᠬᠦ ᠬᠠᠷᠢᠴᠠᠯ ᠢ | ᠤᠯᠠᠮ ᠨᠢᠭᠡ ᠠᠯᠬᠤᠮ ᠲᠣᠳᠣᠷᠬᠠᠢ ᠲᠣᠭᠲᠠᠭᠠᠨ᠂ ᠡᠯ᠎ᠡ ᠱᠠᠲᠤᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠯᠤᠭᠤᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ | ᠬᠤᠭᠤᠷᠣᠨᠳᠣᠬᠢ ᠡᠷᠬᠡ᠂ ᠬᠠᠷᠢᠭᠤᠴᠠᠯᠭ᠎ᠠ᠂ ᠠᠰᠢᠭ ᠤᠨ ᠵᠣᠬᠢᠴᠠᠯᠳᠤᠩᠭᠤᠢ ᠪᠠᠶᠢᠬᠤ ᠶᠢ ᠪᠡᠶᠡᠯᠡᠭᠦᠯᠦᠨ᠎ᠡ᠃ | — ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠨᠡᠶᠢᠲᠡ ᠳᠤ ᠨᠢ ᠬᠠᠷᠠᠭᠠᠯᠵᠠᠵᠤ ᠭᠤᠤᠯᠳᠠᠯᠭ᠎ᠠ ᠶᠢ ᠨᠢ | ᠳᠣᠪᠤᠶᠢᠯᠭᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠭᠤᠣᠯᠳᠠᠯᠭ᠎ᠠ ᠲᠠᠢ ᠬᠦᠴᠢᠷ ᠠᠰᠠᠭᠤᠳᠠᠯ ᠪᠠ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠡᠳ᠋ ᠤᠨ ᠵᠠᠰᠠᠭ ᠤᠨ ᠡᠷᠬᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠨᠡᠶᠢᠳᠡᠮ ᠬᠠᠮᠤᠷᠠᠭᠤᠯᠬᠤ ᠶᠢ ᠪᠠᠷᠢᠮᠲᠠᠯᠠᠨ᠂ ᠬᠤᠪᠢᠶᠠᠷᠢᠯᠠᠬᠤ ᠰᠢᠰᠲ᠋ᠧᠮᠵᠢ ᠶᠢᠨ | ᠪᠦᠷᠢᠨ ᠪᠦᠲᠦᠨ ᠴᠢᠨᠠᠷ ᠢ ᠳᠡᠭᠡᠭᠰᠢᠯᠡᠭᠦᠯᠦᠨ᠎ᠡ︔ ᠡᠯ᠎ᠡ ᠵᠦᠢᠯ ᠤᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠨᠵᠢ ᠴᠢᠨᠠᠷ ᠪᠠ | ᠣᠨᠴᠠᠯᠢᠭ ᠢ ᠭᠦᠨᠵᠡᠭᠡᠶ ᠵᠠᠳᠠᠯᠵᠤ᠂ ᠬᠤᠪᠢᠶᠠᠷᠢᠯᠠᠬᠤ ᠰᠢᠰᠲ᠋ᠧᠮᠵᠢ ᠶᠢᠨ ᠰᠢᠨᠵᠢᠯᠡᠬᠦ ᠤᠬᠠᠭᠠᠨᠴᠢ ᠴᠢᠨᠠᠷ ᠢ ᠳᠡᠭᠡᠭᠰᠢᠯᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠳᠠᠨ ᠡᠭᠦᠷᠭᠡᠯᠡᠬᠦ ᠠᠷᠭ᠎ᠠ ᠬᠡᠯᠪᠡᠷᠢ ᠶᠢ ᠵᠣᠬᠢᠰᠲᠠᠶ ᠲᠣᠭᠲᠠᠭᠠᠵᠤ᠂ ᠬᠤᠪᠢᠶᠠᠷᠢᠯᠠᠬᠤ ᠰᠢᠰᠲ᠋ᠧᠮᠵᠢ ᠶᠢᠨ | ᠵᠢᠷᠤᠮᠵᠢᠯᠠᠬᠤ ᠴᠢᠨᠠᠷ ᠢ ᠳᠡᠭᠡᠭᠰᠢᠯᠡᠭᠦᠯᠦᠨ᠎ᠡ︔ ᠲᠥᠷᠥᠯ ᠵᠦᠢᠯ ᠤᠨ ᠪᠡᠯᠡ ᠮᠥᠩᠭᠦ ᠶᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠪᠠᠨ ᠨᠢᠭᠡᠳᠦᠯᠲᠡᠶ ᠲᠥᠯᠥᠪᠯᠡᠨ | ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠨᠢ ᠳᠡᠭᠡᠭᠰᠢᠯᠡᠭᠦᠯᠦᠨ᠎ᠡ᠃ | — ᠢᠳᠡᠪᠬᠢᠲᠡᠢ ᠪᠥᠭᠡᠳ ᠲᠣᠭᠲᠠᠭᠤᠨ ᠪᠠᠶᠢᠯᠭᠠᠬᠤ ᠶᠢ ᠪᠠᠷᠢᠮᠲᠠᠯᠠᠵᠤ᠂ ᠲᠦᠷᠦᠯ ᠬᠤᠪᠢᠶᠠᠨ ᠪᠤᠳᠤᠯᠭ᠎ᠠ ᠬᠡᠷᠡᠭᠵᠢᠭᠦᠯᠬᠦ ᠶᠢ ᠯᠠᠪᠳᠠᠭᠤᠨ ᠪᠠᠲᠤᠲᠠᠢ | ᠠᠬᠢᠭᠤᠯᠤᠨ᠎ᠠ᠃ ᠮᠠᠨ ᠤ ᠣᠷᠣᠨ ᠤ ᠣᠳᠣ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠪᠣᠷᠣ ᠲᠥᠯᠥᠪ | ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠵᠤ᠂ ᠢᠳᠡᠪᠬᠢᠲᠡᠶ ᠪᠥᠭᠡᠳ ᠲᠣᠭᠲᠠᠭᠤᠨ ᠪᠠᠶᠢᠯᠭᠠᠵᠤ᠂ ᠨᠠᠷᠢᠯᠢᠭ ᠣᠨᠣᠴᠠᠲᠠᠶ ᠪᠠᠷ ᠲᠦᠷᠦᠯ ᠬᠤᠪᠢᠶᠠᠨ᠂ | ᠲᠥᠪ ᠠᠴᠠ ᠲᠣᠳᠣᠷᠬᠠᠶ ᠲᠣᠭᠲᠠᠭᠠᠭᠰᠠᠨ ᠠᠵᠢᠯ ᠶᠠᠪᠤᠳᠠᠯ ᠤᠨ ᠡᠷᠬᠡ ᠶᠢ ᠡᠷᠡᠰ ᠲᠤᠭᠤᠰᠢᠯᠠᠭᠤᠯᠤᠨ᠎ᠠ︔ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠨᠢ | ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠣᠬᠢᠰᠲᠠᠶ ᠪᠠᠶᠢᠭ᠎ᠠ ᠵᠦᠢᠯᠡᠰ ᠢ ᠨᠤᠲᠠᠯᠠᠨ ᠲᠣᠭᠲᠠᠭᠠᠨ᠎ᠠ︔ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠨᠢ | ᠰᠢᠨᠵᠢᠯᠡᠬᠦ ᠤᠬᠠᠭᠠᠨᠴᠢ ᠪᠤᠰᠤ ᠪᠣᠯᠪᠠᠴᠤ ᠥᠭᠡᠷᠡᠴᠢᠯᠡᠯᠲᠡ ᠬᠢᠬᠦ ᠨᠥᠬᠦᠴᠡᠯ ᠨᠢ ᠪᠦᠷᠢᠯᠳᠦᠭᠰᠡᠨ ᠵᠦᠢᠯᠡᠰ ᠲᠤ ᠲᠣᠬᠢᠷᠠᠭᠤᠯᠤᠯᠲᠠ ᠬᠢᠨ᠎ᠡ︔ ᠥᠭᠡᠷᠡᠴᠢᠯᠡᠯᠲᠡ ᠬᠢᠬᠦ | ᠨᠥᠬᠦᠴᠡᠯ ᠨᠢ ᠬᠠᠷᠠᠬᠠᠨ ᠪᠦᠷᠢᠯᠳᠦᠭᠡᠳᠦᠶ ᠵᠦᠢᠯᠡᠰ ᠲᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠶᠢᠨ ᠪᠠᠶᠢᠳᠠᠯ ᠢ ᠨᠢ ᠲᠦᠷ ᠦᠷᠭᠦᠯᠵᠢᠯᠡᠭᠦᠯᠬᠦ ᠶᠢᠨ | ᠬᠠᠮᠲᠤ᠂ ᠬᠠᠮᠢᠶ᠎ᠠ ᠪᠥᠬᠦᠶ ᠬᠦᠷᠢᠶᠡᠨ ᠳᠠᠬᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠦᠨᠳᠦᠰᠦᠯᠡᠨ ᠴᠠᠭ ᠲᠤᠬᠠᠶ ᠳᠤ ᠨᠢ | ᠵᠣᠬᠢᠬᠤ ᠲᠣᠬᠢᠷᠠᠭᠤᠯᠤᠯᠲᠠ ᠬᠢᠨ᠎ᠠ᠃ | ᠭᠤᠷᠪᠠ᠂ ᠭᠤᠤᠯ ᠠᠭᠤᠯᠭ᠎ᠠ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡᠨ ᠤ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠴᠢᠳᠠᠪᠤᠷᠢ ᠶᠢᠨ ᠪᠠᠶᠢᠭᠤᠯᠤᠯᠲᠠ ᠵᠡᠷᠭᠡ ᠳᠥᠷᠪᠡᠨ | ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠨ᠎ᠠ᠃ | ︵ᠨᠢᠭᠡ︶ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠠᠯ᠎ᠠ ᠳᠤ᠃ ᠡᠭᠦᠨ ᠳᠤ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ | ᠪᠠ ᠤᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠᠭᠲᠠᠨ᠎ᠠ᠃ | 1. ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ᠃ ᠡᠭᠦᠨ ᠳᠤ ᠡᠷᠡᠭᠦᠯ ᠮᠡᠨᠳᠦ ᠶᠢᠨ ᠬᠥᠮᠦᠵᠢᠯ᠂ ᠰᠡᠷᠭᠡᠶᠢᠯᠡᠬᠦ ᠲᠠᠷᠢᠯᠭ᠎ᠠ᠂ | ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠤᠤᠯ ᠤᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠠᠭᠤᠯᠭ᠎ᠠ᠂ ᠵᠢᠴᠢ ᠤᠤᠯ ᠤᠨ ᠣᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ ᠲᠥᠯᠥᠪᠯᠡᠭᠡᠲᠦ ᠦᠷᠡᠵᠢᠯ ᠤᠨ ᠲᠥᠷᠥᠯ | ᠵᠦᠢᠯ ᠠᠴᠠ ᠬᠤᠪᠢᠶᠠᠵᠤ ᠣᠷᠣᠭᠤᠯᠤᠭᠰᠠᠨ ᠡᠪᠡᠳᠴᠢᠨ ᠡᠮᠭᠡᠭ ᠢ ᠰᠡᠷᠭᠡᠶᠢᠯᠡᠨ ᠳᠠᠷᠤᠬᠤ᠂ ᠡᠬᠡ ᠨᠢᠯᠬᠠᠰ ᠤᠨ ᠡᠷᠡᠭᠦᠯ ᠬᠠᠮᠠᠭᠠᠯᠠᠯ᠂ ᠨᠠᠰᠤᠲᠠᠶᠢᠴᠤᠳ ᠤᠨ ᠡᠷᠡᠭᠦᠯ | ᠮᠡᠨᠳᠦ ᠶᠢᠨ ᠦᠢᠯᠡᠴᠢᠯᠡᠭᠡ᠂ ᠡᠮᠴᠢᠯᠡᠭᠡ ᠪᠠ ᠨᠠᠰᠤᠵᠢᠯ ᠢ ᠤᠶᠠᠯᠳᠤᠭᠤᠯᠬᠤ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ᠂ ᠵᠢᠷᠮᠦᠰᠦᠯᠡᠬᠦ ᠠᠴᠠ ᠡᠮᠦᠨᠡᠬᠢ | ᠪᠠᠶᠢᠴᠠᠭᠠᠯᠲᠠ ᠵᠡᠷᠭᠡ ᠠᠭᠤᠯᠭ᠎ᠠ ᠪᠠᠭᠲᠠᠨ᠎ᠠ᠃ ᠡᠭᠦᠨ ᠳᠤ᠂ ᠤᠤᠯ ᠤᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ | ᠵᠦᠢᠯ ᠤᠨ ᠠᠭᠤᠯᠭ᠎ᠠ᠂ ᠪᠠᠯᠠ ᠮᠥᠩᠭᠦ᠂ ᠬᠡᠷᠡᠭᠯᠡᠬᠦ ᠭᠤᠤᠯ ᠴᠣᠭᠴᠠ ᠵᠡᠷᠭᠡ ᠶᠢᠨ ᠬᠠᠷᠢᠴᠠᠩᠭᠤᠶ ᠪᠠᠷ ᠪᠡᠶ᠎ᠡ ᠪᠠᠨ ᠳᠠᠭᠠᠭᠠᠵᠤ ᠪᠠᠶᠢᠬᠤ ᠪᠠ ᠲᠣᠭᠲᠠᠭᠤᠨ ᠪᠠᠶᠢᠯᠭᠠᠬᠤ ᠶᠢ | ᠪᠠᠲᠤᠯᠠᠵᠤ᠂ ᠵᠣᠬᠢᠬᠤ ᠦᠢᠯᠡᠴᠢᠯᠡᠭᠡᠨ ᠤ ᠵᠢᠷᠤᠮᠵᠢᠯ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠳᠤ ᠰᠢᠨ᠎ᠡ ᠪᠠᠷ ᠬᠤᠪᠢᠶᠠᠵᠤ ᠣᠷᠣᠭᠤᠯᠤᠭᠰᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠵᠢᠯᠣᠭᠤᠳᠤᠯᠭ᠎ᠠ ᠳᠣᠤᠷ᠎ᠠ ᠡᠯ᠎ᠡ ᠠᠶᠢᠮᠠᠭ ᠬᠤᠲᠠ ᠨᠢ | ᠪᠣᠳᠠᠲᠠᠢ ᠲᠠᠢ ᠪᠠᠨ ᠤᠶᠠᠯᠳᠤᠭᠤᠯᠵᠤ ᠪᠠᠶᠢᠭᠠᠳ ᠪᠡᠶ᠎ᠡ ᠪᠠᠨ ᠳᠠᠭᠠᠭᠠᠨ ᠲᠣᠬᠢᠷᠠᠭᠤᠯᠵᠤ᠂ ᠪᠡᠯᠡ ᠮᠥᠩᠭᠦ ᠶᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠬᠡᠷᠡᠭᠯᠡᠭᠦᠯᠬᠦ ᠪᠠᠷ ᠬᠢᠵᠠᠭᠠᠷᠯᠠᠬᠤ ᠦᠭᠡᠢ᠃ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠨᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠳᠤ ᠪᠠᠭᠳᠠᠵᠦ᠂ ᠥᠪᠡᠷᠲᠡᠭᠡᠨ ᠵᠠᠰᠠᠬᠤ ᠣᠷᠣᠨ ᠪᠠ | ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠳᠡᠰ | ᠬᠤᠪᠢᠶᠠᠨ ᠨᠥᠬᠦᠪᠥᠷᠢ ᠥᠭᠬᠦ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠪᠣᠳᠠᠲᠠᠶ | ᠬᠡᠷᠡᠭᠵᠢᠭᠦᠯᠦᠨ᠎ᠡ᠃ | 2. ᠤᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡ᠃ ᠪᠦᠬᠦ ᠤᠯᠤᠰ ᠤᠨ ᠴᠢᠨᠠᠷᠲᠠᠶ ᠪᠤᠶᠤ ᠣᠷᠣᠨ ᠪᠦᠰᠡ ᠠᠯᠤᠰᠯᠠᠭᠰᠠᠨ | ᠬᠦᠨᠳᠦ ᠬᠡᠴᠡᠭᠦᠦ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠳᠠᠷᠤᠬᠤ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡ᠂ | ᠭᠤᠤᠯᠳᠠᠭᠤ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠳᠤ ᠣᠷᠣᠭᠤᠯᠤᠭᠰᠠᠨ ᠡᠩ ᠤᠨ ᠡᠭᠡᠯᠢᠯᠡᠭᠡ ᠵᠢᠴᠢ ᠤᠯᠤᠰ ᠤᠨ ᠲᠣᠭᠲᠠᠭᠠᠭᠰᠠᠨ ᠨᠡᠶᠢᠲᠡ ᠴᠣᠭᠴᠠ ᠶᠢᠨ | ᠴᠢᠨᠠᠷᠲᠠᠶ ᠰᠡᠷᠭᠡᠶᠢᠯᠡᠬᠦ ᠲᠠᠷᠢᠯᠭ᠎ᠠ ᠪᠠ ᠭᠤᠤᠯᠳᠠᠯᠭ᠎ᠠ ᠲᠠᠢ ᠬᠥᠮᠦᠰ ᠤᠨ ᠪᠠᠴᠢᠮ ᠪᠠᠶᠢᠳᠠᠯ ᠢ ᠠᠷᠭᠠᠴᠠᠭᠠᠬᠤ ᠲᠠᠷᠢᠯᠭ᠎ᠠ ᠳᠤ ᠬᠡᠷᠡᠭᠰᠡᠬᠦ ᠸᠠᠺᠼᠢᠨ ᠪᠣᠯᠤᠨ ᠲᠠᠷᠢᠯᠭ᠎ᠠ ᠶᠢᠨ | ᠪᠠᠭᠠᠵᠢ ᠬᠤᠳᠠᠯᠳᠤᠨ ᠠᠪᠬᠤ᠂ ᠠᠶᠢᠽ ᠡᠪᠡᠳᠴᠢᠨ᠂ ᠰᠦᠷᠢᠶ᠎ᠡ ᠡᠪᠡᠳᠴᠢᠨ᠂ ᠴᠢᠰᠤ ᠰᠤᠷᠤᠭᠴᠢ ᠬᠤᠷᠣᠬᠠᠶ ᠶᠢᠨ ᠡᠪᠡᠳᠴᠢᠨ᠂ ᠪᠡᠳᠡᠬᠢ ᠬᠤᠷᠤᠬᠠᠶᠢᠳᠤ | ᠡᠪᠡᠳᠴᠢᠨ ᠢ ᠰᠡᠷᠭᠡᠶᠢᠯᠡᠨ ᠳᠠᠷᠤᠬᠤ ᠵᠡᠷᠭᠡ ᠶᠢ ᠪᠠᠭᠲᠠᠭᠠᠭᠰᠠᠨ᠂ ᠣᠶᠤᠨ ᠮᠡᠳᠡᠷᠡᠯ ᠰᠡᠳᠬᠢᠴᠡ ᠶᠢᠨ ᠡᠪᠡᠳᠴᠢᠨ ᠤ ᠶᠡᠷᠦᠩᠬᠡᠶᠢᠯᠡᠭᠰᠡᠨ ᠬᠠᠮᠢᠶᠠᠷᠤᠯᠲᠠ᠂ ᠬᠦᠨᠳᠦ ᠶᠡᠭᠡ | ᠤᠵᠢᠭ ᠡᠪᠡᠳᠴᠢᠨ ᠢ ᠰᠡᠷᠭᠡᠶᠢᠯᠡᠨ ᠡᠮᠨᠡᠬᠦ ᠬᠠᠮᠢᠶᠠᠷᠤᠯᠲᠠ ᠶᠢᠨ ᠵᠠᠭᠪᠤᠷ ᠪᠠ ᠵᠤᠬᠢᠯᠳᠤᠬᠤ ᠮᠡᠷᠭᠡᠵᠢᠯ ᠤᠨ ᠰᠥᠪᠡᠭᠴᠢᠯᠡᠯᠲᠡ ᠵᠡᠷᠭᠡ ᠠᠭᠤᠯᠭ᠎ᠠ ᠨᠢ ᠲᠥᠪ ᠤᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠵᠤ ᠬᠤᠪᠢᠶᠠᠷᠢᠯᠠᠭᠳᠠᠭᠰᠠᠨ ᠪᠠᠶᠢᠪᠠᠯ᠂ ᠲᠥᠪ ᠤᠨ ᠡᠳ᠋ ᠤᠨ ᠵᠠᠰᠠᠭ ᠠᠴᠠ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ ᠤᠤᠯ ᠤᠨ ᠣᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠳᠠᠬᠢ ᠬᠢᠲᠠᠳ ᠡᠮ ᠡᠮᠨᠡᠯᠭᠡ ᠶᠢᠨ ᠦᠢᠯᠡᠰ ᠤᠨ | ᠤᠯᠠᠮᠵᠢᠯᠠᠯ ᠬᠢᠭᠡᠳ ᠬᠥᠭᠵᠢᠯᠲᠡ ᠶᠢ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ ᠬᠤᠪᠢᠶᠠᠷᠢᠯᠠᠨ ᠣᠷᠣᠭᠤᠯᠤᠨ᠎ᠠ᠃ ᠳᠡᠭᠡᠷ᠎ᠡ ᠳᠤᠷᠠᠳᠤᠭᠰᠠᠨ ᠲᠥᠷᠥᠯ | ᠵᠦᠢᠯ ᠠᠴᠠ ᠭᠠᠳᠠᠨ᠎ᠠ ᠤᠤᠯ ᠤᠨ ᠣᠯᠠᠨ ᠨᠡᠶᠢᠲᠡ ᠶᠢᠨ ᠭᠦᠨᠳᠦ ᠬᠡᠴᠡᠬᠦᠦ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠣᠯᠠᠨ ᠨᠡᠶᠢᠲᠡ ᠶᠢᠨ | ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠢᠭᠡᠳᠦᠯᠲᠡᠶ ᠲᠣᠬᠢᠷᠠᠭᠤᠯᠤᠯᠲᠠ ᠳᠤ ᠣᠷᠣᠭᠤᠯᠤᠨ᠎ᠠ᠃ | ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠲᠠᠯ᠎ᠠ ᠳᠤ᠃ ᠡᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ | ᠳᠠᠭᠠᠳᠬᠠᠯ ᠤᠨ ᠨᠥᠬᠦᠪᠥᠷᠢ ᠪᠠ ᠡᠮᠴᠢᠯᠡᠭᠡᠨ ᠤ ᠠᠪᠤᠷᠠᠨ ᠲᠤᠰᠠᠯᠠᠬᠤ ᠪᠠᠭᠲᠠᠨ᠎ᠠ᠃ | 1. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠳᠠᠭᠠᠳᠬᠠᠯ ᠤᠨ ᠨᠥᠬᠦᠪᠥᠷᠢ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ | ᠬᠤᠲᠠ ᠶᠢᠨ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠦᠨᠳᠦᠰᠦᠨ ᠳᠠᠭᠠᠳᠬᠠᠯ ᠲᠤᠰᠢᠶᠠᠬᠤ | ᠰᠦᠢᠳᠭᠡᠯ ᠤᠨ ᠨᠥᠬᠦᠪᠥᠷᠢ ᠣᠯᠭᠤᠨ᠎ᠠ᠃ 6 ᠲᠦᠮᠡᠨ ᠭᠦᠮᠦᠨ ᠠᠴᠠ ᠲᠤᠷᠤᠨᠨᠰᠢᠬᠢ ᠮᠠᠯᠵᠢᠬᠤ ᠬᠤᠰᠢᠭᠤ ᠰᠢᠶᠠᠨ ᠤ ᠳᠠᠭᠠᠳᠬᠠᠯ ᠳᠤ ᠣᠷᠣᠯᠴᠠᠭᠰᠠᠨ ᠮᠠᠯᠴᠢᠨ | ᠲᠠᠷᠢᠶᠠᠴᠢᠳ ᠲᠤ ᠵᠢᠯ ᠪᠦᠷᠢ ᠬᠥᠮᠦᠨ ᠪᠦᠷᠢ ᠳᠤ ᠨᠥᠬᠦᠪᠥᠷᠢ ᠶᠢ ᠨᠢ 20 ᠲᠥᠭᠦᠷᠢᠭ ᠨᠡᠮᠡᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠳᠡᠰ | ᠬᠤᠪᠢᠶᠠᠨ ᠨᠥᠬᠦᠪᠥᠷᠢᠯᠡᠬᠦ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠪᠣᠳᠠᠲᠠᠶ | ᠬᠡᠷᠡᠭᠵᠢᠭᠦᠯᠦᠨ᠎ᠡ᠃ | 2. ᠡᠮᠴᠢᠯᠡᠭᠡᠨ ᠤ ᠠᠪᠤᠷᠠᠨ ᠲᠤᠰᠠᠯᠠᠬᠤ᠃ ᠡᠭᠦᠨ ᠳᠤ ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠬᠤ ᠪᠠ ᠡᠪᠡᠳᠴᠢᠨ ᠡᠮᠭᠡᠭ ᠤᠨ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠪᠠ ᠡᠳ᠋ ᠤᠨ | ᠬᠦᠴᠦᠨ ᠤ ᠪᠠᠶᠢᠳᠠᠯ ᠵᠡᠷᠭᠡ ᠡᠯᠧᠮᠧᠨ᠋ᠲ ᠢ ᠦᠨᠳᠦᠰᠦᠯᠡᠨ ᠪᠡᠯᠡ ᠮᠥᠩᠭᠦ ︵ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠪᠠᠭᠲᠠᠨ᠎ᠠ︶ ᠶᠢ ᠨᠢᠭᠡᠳᠦᠯᠲᠡᠢ | ᠲᠥᠯᠥᠪᠯᠡᠨ ᠲᠣᠬᠢᠷᠠᠭᠤᠯᠬᠤ ᠶᠢᠨ ᠬᠠᠮᠲᠤ᠂ ᠲᠥᠪ ᠤᠨ ᠨᠥᠬᠦᠪᠥᠷᠢ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠵᠦ᠂ ᠡᠯ᠎ᠡ ᠭᠠᠵᠠᠷ ᠣᠷᠣᠨ ᠤ ᠡᠳ᠋ ᠤᠨ | ᠬᠦᠴᠦᠨ ᠤ ᠪᠠᠶᠢᠳᠠᠯ᠂ ᠪᠠᠲᠤᠯᠠᠭ᠎ᠠ ᠬᠦᠷᠲᠡᠭᠰᠡᠳ ᠤᠨ ᠲᠤᠭ᠎ᠠ ᠵᠡᠷᠭᠡ ᠡᠯᠧᠮᠧᠨ᠋ᠲ ᠢ ᠦᠨᠳᠦᠰᠦᠯᠡᠨ ᠬᠤᠪᠢᠶᠠᠷᠢᠯᠠᠬᠤ ᠲᠤᠭ᠎ᠠ ᠬᠡᠮᠵᠢᠶ᠎ᠡ ᠶᠢ ᠲᠣᠭᠲᠠᠭᠠᠵᠤ᠂ ᠠᠶᠢᠮᠠᠭ | ᠬᠤᠲᠠ ᠶᠢᠨ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠨᠥᠬᠦᠪᠥᠷᠢ ᠶᠢᠨ ᠪᠡᠯᠡ ᠮᠥᠩᠭᠦ ᠶᠢ ᠲᠣᠬᠢᠷᠠᠭᠤᠯᠤᠨ᠎ᠠ᠃ | ︵ᠭᠤᠷᠪᠠ︶ ᠲᠥᠯᠥᠪᠯᠡᠭᠡᠲᠦ ᠦᠷᠡᠵᠢᠯ ᠤᠨ ᠲᠠᠯ᠎ᠠ ᠳᠤ᠃ ᠡᠭᠦᠨ ᠳᠤ ᠬᠥᠳᠡᠭᠡ ᠲᠣᠰᠬᠤᠨ ᠤ ᠬᠡᠰᠡᠭ ᠲᠥᠯᠥᠪᠯᠡᠭᠡ ᠲᠠᠢ ᠪᠠᠷ ᠬᠡᠤᠬᠡᠳ ᠠᠪᠤᠭᠰᠠᠨ ᠭᠡᠷ | ᠪᠦᠯᠢ ᠶᠢ ᠱᠠᠩᠨᠠᠨ ᠬᠦᠬᠢᠭᠦᠯᠵᠦ ᠲᠡᠳᠭᠦᠬᠦ᠂ ᠲᠥᠯᠥᠪᠯᠡᠭᠡ ᠲᠠᠢ ᠪᠠᠷ ᠬᠡᠤᠬᠡᠳ ᠠᠪᠤᠭᠰᠠᠨ ᠭᠡᠷ ᠪᠦᠯᠢ ᠶᠢ ᠣᠨᠴᠠᠭᠠᠶᠢᠯᠠᠨ ᠲᠡᠳᠬᠦᠬᠦ ᠪᠠ ᠲᠥᠯᠥᠪᠯᠡᠭᠡᠲᠦ ᠦᠷᠡᠵᠢᠯ ᠤᠨ | ︽ᠴᠥᠭᠡᠨ ᠬᠡᠦᠬᠡᠳ ᠠᠪᠴᠤ ᠲᠦᠷᠭᠡᠨ ᠪᠠᠶᠠᠵᠢᠬᠤ︾ ᠢᠨᠵᠧᠨᠧᠷᠢᠩ ᠳᠠᠬᠢ ᠲᠥᠯᠥᠪᠯᠡᠭᠡ ᠲᠠᠢ ᠪᠠᠷ ᠬᠡᠤᠬᠡᠳ ᠠᠪᠬᠤ ᠶᠢ ᠲᠡᠳᠬᠦᠬᠦ 3 ᠪᠠᠲᠤᠯᠠᠭ᠎ᠠ ᠶᠢᠨ ᠲᠥᠷᠥᠯ | ᠵᠦᠢᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠪᠠᠭᠲᠠᠭᠠᠬᠤ ᠪᠠᠷ ᠲᠣᠳᠣᠷᠬᠠᠢ | ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ | ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠳᠡᠰ ᠬᠤᠪᠢᠶᠠᠨ ᠨᠥᠬᠦᠪᠥᠷᠢ ᠥᠭᠬᠦ ᠶᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ ᠪᠣᠳᠠᠲᠠᠶ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠵᠦ ᠪᠠᠶᠢᠭ᠎ᠠ | ᠲᠥᠯᠥᠪᠯᠡᠭᠡ ᠲᠠᠢ ᠪᠠᠷ ᠬᠡᠦᠬᠡᠳ ᠠᠪᠤᠭᠰᠠᠨ ᠭᠡᠷ ᠪᠦᠯᠢ ᠶᠢᠨ ᠨᠥᠬᠦᠪᠦᠷᠢ ᠶᠢᠨ ᠲᠥᠷᠥᠯ ᠵᠦᠢᠯ ︵ᠭᠠᠭᠴᠠᠬᠠᠨ ᠦᠷ᠎ᠡ ᠬᠡᠦᠬᠡᠳ ᠲᠠᠢ ᠡᠴᠢᠭᠡ ᠡᠬᠡᠴᠦᠦᠯ ᠢ ᠱᠠᠩᠨᠠᠬᠤ | ᠵᠠᠷᠤᠳᠠᠯ︶ ᠪᠤᠶᠤ ᠨᠡᠶᠢᠲᠡᠯᠡᠭᠰᠡᠨ ᠲᠥᠯᠥᠪᠯᠡᠭᠡᠲᠦ ᠦᠷᠡᠵᠢᠯ ᠤᠨ ᠲᠡᠳᠬᠦᠮᠵᠢ ᠶᠢᠨ ᠮᠥᠩᠭᠦᠨ ᠤ ᠪᠠᠷᠢᠮᠵᠢᠶ᠎ᠠ ᠳᠠᠬᠢ ᠤᠯᠤᠰ ᠤᠨ ᠲᠡᠳᠬᠦᠮᠵᠢ ᠶᠢᠨ ᠮᠥᠩᠭᠦᠨ ᠤ | ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠲᠤ ᠬᠡᠷᠡᠭᠰᠡᠬᠦ ᠵᠠᠷᠤᠳᠠᠯ ᠢ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠢᠶᠠᠷ | ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ | ︵ᠳᠥᠷᠪᠡ︶ ᠴᠢᠳᠠᠪᠤᠷᠢ ᠶᠢᠨ ᠪᠠᠶᠢᠭᠤᠯᠤᠯᠲᠠ ᠶᠢᠨ ᠲᠠᠯ᠎ᠠ ᠳᠤ᠃ ᠡᠭᠦᠨ ᠳᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ | ᠬᠥᠭᠵᠢᠯᠲᠡ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢ ᠶᠢᠨ ᠳᠡᠭᠡᠭᠰᠢᠯᠡᠯᠲᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠶᠠᠪᠤᠳᠠᠯ᠂ ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠯ ᠬᠢᠭᠡᠳ ᠬᠥᠭᠵᠢᠯᠲᠡ ᠪᠠ ᠮᠣᠩᠭᠤᠯ | ᠡᠮ ᠡᠮᠨᠡᠯᠭᠡ ᠶᠢᠨ ᠦᠢᠯᠡᠰ ᠢ ᠭᠦᠭᠵᠢᠬᠦᠯᠦᠨ ᠮᠠᠨᠳᠤᠭᠤᠯᠬᠤ ᠪᠠᠭᠲᠠᠨ᠎ᠠ᠃ | 1. ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠠᠶᠢᠭᠤᠯᠤᠯᠲᠠ᠃ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠪᠠᠶᠢᠭᠤᠯᠤᠯᠲᠠ ᠶᠢᠨ ᠨᠥᠬᠦᠪᠥᠷᠢ ᠶᠢ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠰ ᠲᠣᠰ ᠲᠣᠳᠣᠷᠬᠠᠢ | ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ | ᠲᠥᠯᠥᠪᠵᠢᠭᠦᠯᠭᠡ ᠳᠤ ᠨᠡᠶᠢᠴᠡᠭᠰᠡᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ | ᠬᠥᠭᠵᠢᠯᠲᠡ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ | ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ᠂ ᠪᠠᠴᠢᠮ ᠠᠪᠤᠷᠠᠨ ᠡᠮᠨᠡᠬᠦ᠂ ᠭᠠᠳᠠᠭᠰᠢ ᠲᠤᠰᠠᠯᠠᠬᠤ᠂ ᠲᠠᠷᠢᠶᠠᠯᠠᠩ ᠢ ᠳᠡᠮᠵᠢᠬᠦ᠂ ᠬᠢᠯᠢ ᠬᠢᠵᠠᠭᠠᠷ ᠣᠷᠣᠨ ᠢ ᠳᠡᠮᠵᠢᠬᠦ ᠵᠡᠷᠭᠡ ᠡᠭᠦᠷᠭᠡ ᠶᠢ | ᠡᠭᠦᠷᠭᠡᠯᠡᠭᠰᠡᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠣᠬᠢᠰᠲᠠᠶ ᠨᠥᠬᠦᠪᠦᠷᠢ ᠣᠯᠭᠤᠨ᠎ᠠ᠃ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ | ᠲᠥᠯᠥᠪᠵᠢᠭᠦᠯᠭᠡ ᠳᠤ ᠨᠡᠶᠢᠴᠡᠭᠰᠡᠨ ᠠᠶᠢᠮᠠᠭ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ | ᠪᠠᠶᠢᠭᠤᠯᠤᠯᠲᠠ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠢᠮᠠᠭ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ | ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠡᠭᠦᠷᠭᠡ ᠶᠢ ᠡᠭᠦᠷᠭᠡᠯᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ | ᠵᠣᠬᠢᠰᠲᠠᠶ ᠨᠥᠬᠦᠪᠥᠷᠢ ᠣᠯᠭᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠤᠭᠤᠴᠠᠭᠠᠨ ᠳᠤ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠶᠢᠮᠠᠭ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠠᠬᠢᠭᠤᠯᠬᠤ᠂ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠬᠡᠷᠡᠭᠵᠢᠭᠦᠯᠬᠦ᠂ ᠬᠦᠴᠢᠷᠳᠡᠯᠲᠡᠶ ᠭᠠᠵᠠᠷ ᠣᠷᠣᠨ ᠤ ᠦᠢᠯᠡᠴᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠳᠤ ᠲᠣᠭᠲᠠᠭᠠᠯ ᠶᠣᠰᠣᠭᠠᠷ ᠨᠥᠬᠦᠪᠦᠷᠢ ᠣᠯᠭᠤᠨ᠎ᠠ᠃ ᠨᠡᠶᠢᠭᠡᠮ ᠤᠨ ᠬᠦᠴᠦᠨ ᠤ ᠡᠮᠨᠡᠯᠭᠡ ᠡᠷᠬᠢᠯᠡᠬᠦ ᠶᠢ ᠵᠣᠷᠢᠭᠵᠢᠭᠤᠯᠬᠤ ᠪᠠ | ᠬᠥᠲᠥᠯᠥᠨ ᠵᠢᠯᠣᠭᠤᠳᠴᠤ᠂ ᠡᠯ᠎ᠡ ᠱᠠᠲᠤᠨ ᠤ ᠡᠳ᠋ ᠤᠨ ᠵᠠᠰᠠᠭ ᠨᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ | 2. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢ ᠶᠢᠨ ᠳᠡᠭᠡᠭᠰᠢᠯᠡᠯᠲᠡ᠃ ᠡᠭᠦᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ᠂ ᠭᠤᠣᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠪᠠᠭᠲᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠭᠡ ᠶᠢ ᠦᠨᠳᠦᠰᠦᠯᠡᠨ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ᠂ ᠭᠤᠤᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ | ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠵᠢᠯ ᠤᠨ ᠡᠭᠦᠷᠭᠡ ᠶᠢᠨ | ᠬᠡᠮᠵᠢᠶ᠎ᠡ᠂ ᠨᠥᠬᠦᠪᠥᠷᠢ ᠶᠢᠨ ᠪᠠᠷᠢᠮᠵᠢᠶ᠎ᠠ᠂ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠡᠷᠭᠡ ᠪᠠᠶᠢᠳᠠᠯ ᠢ ᠦᠨᠳᠦᠰᠦᠯᠡᠵᠦ ᠰᠢᠯᠵᠢᠭᠦᠯᠦᠨ ᠦᠭᠬᠦ ᠪᠡᠯᠡ ᠮᠥᠩᠭᠦ ᠶᠢ | ᠬᠤᠪᠢᠶᠠᠷᠢᠯᠠᠨ ᠲᠤᠬᠢᠷᠠᠭᠤᠯᠤᠨ᠎ᠠ᠃ ᠠᠶᠢᠮᠠᠭ ᠬᠤᠲᠠ ᠶᠢᠨ ᠪᠡᠶ᠎ᠡ ᠪᠠᠨ ᠳᠠᠭᠠᠭᠠᠨ ᠬᠡᠷᠡᠭᠵᠢᠭᠦᠯᠵᠦ ᠪᠠᠶᠢᠭ᠎ᠠ ᠴᠢᠳᠠᠪᠤᠷᠢ ᠶᠢᠨ ᠳᠡᠭᠡᠭᠰᠢᠯᠡᠭᠦᠯᠬᠦ ᠲᠥᠷᠥᠯ ᠵᠦᠢᠯ ᠢ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠭᠰᠠᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | 3. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠶᠠᠪᠤᠳᠠᠯ᠃ ᠡᠭᠦᠨ ᠳᠤ ᠪᠠᠶᠢᠯᠳᠤᠬᠤ ᠪᠣᠳᠣᠯᠭ᠎ᠠ ᠶᠢᠨ ᠲᠦᠯᠦᠪᠵᠢᠬᠦᠯᠬᠡ᠂ ᠶᠡᠷᠦᠩᠬᠡᠶᠢᠯᠡᠨ | ᠬᠢᠨᠠᠵᠤ ᠬᠠᠮᠢᠶᠠᠷᠬᠤ᠂ ᠤᠬᠠᠭᠤᠯᠵᠤ ᠬᠦᠲᠦᠯᠦᠨ ᠵᠢᠯᠣᠭᠤᠳᠬᠤ᠂ ᠡᠷᠡᠭᠦᠯ ᠮᠡᠨᠳᠦ ᠶᠢ ᠠᠬᠢᠭᠤᠯᠬᠤ᠂ ᠦᠨᠳᠦᠰᠦᠨ ᠡᠮ ᠤᠨ ᠵᠦᠢᠯ ᠪᠠ ᠳᠤᠲᠠᠭᠳᠠᠵᠤ ᠪᠠᠶᠢᠭ᠎ᠠ ᠡᠮ ᠤᠨ | ᠵᠦᠢᠯ ᠢ ᠬᠢᠨᠠᠨ ᠰᠢᠨᠵᠢᠬᠦ᠂ ᠡᠷᠡᠭᠦᠯ ᠮᠡᠨᠳᠦ ᠶᠢᠨ ᠬᠦᠨᠳᠦ ᠶᠡᠭᠡ ᠠᠶᠤᠯ ᠬᠤᠤᠷ ᠤᠨ ᠡᠯᠧᠮᠧᠨ᠋ᠲ ᠪᠠ ᠬᠦᠨᠳᠦ ᠶᠡᠭᠡ ᠡᠪᠡᠳᠴᠢᠨ ᠡᠮᠭᠡᠭ ᠢ ᠬᠢᠨᠠᠨ ᠰᠢᠨᠵᠢᠬᠦ᠂ ᠡᠬᠡ | ᠨᠢᠯᠬᠠᠰ ᠤᠨ ᠡᠷᠡᠭᠦᠯ ᠬᠠᠮᠠᠭᠠᠯᠠᠯ ᠢ ᠬᠢᠨᠠᠨ ᠰᠢᠨᠵᠢᠬᠦ ᠵᠡᠷᠭᠡ ᠶᠢ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ | ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠠᠶᠢᠮᠠᠭ ᠬᠤᠲᠠ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠳᠤ ᠪᠠᠭᠲᠠᠭᠠᠵᠤ ᠲᠤᠰ ᠲᠤᠰ ᠲᠣᠳᠣᠷᠬᠠᠢ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ | ᠡᠭᠦᠷᠭᠡᠯᠡᠨ᠎ᠡ᠃ | 4. ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ᠃ ᠡᠭᠦᠨ ᠳᠤ ᠪᠠᠶᠢᠯᠳᠤᠬᠤ ᠪᠣᠳᠣᠯᠭ᠎ᠠ ᠶᠢᠨ ᠲᠦᠯᠦᠪᠵᠢᠭᠦᠯᠬᠡ᠂ ᠶᠡᠷᠦᠩᠬᠡᠶᠢᠯᠡᠨ ᠬᠢᠨᠠᠵᠤ | ᠬᠠᠮᠢᠶᠠᠷᠬᠤ᠂ ᠤᠬᠠᠭᠤᠯᠵᠤ ᠬᠦᠲᠦᠯᠦᠨ ᠵᠢᠯᠣᠭᠤᠳᠬᠤ᠂ ᠭᠠᠷᠲᠠᠨ ᠭᠦᠢᠴᠡᠳᠬᠡᠵᠦ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠮᠡᠳᠡᠭᠡ ᠵᠠᠩᠭᠢᠴᠢᠯᠠᠯᠲᠠ ᠶᠢᠨ | ᠪᠠᠶᠢᠭᠤᠯᠤᠯᠲᠠ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠶᠢ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠵᠢᠴᠢ ᠲᠡᠳᠡᠭᠡᠷ ᠤᠨ ᠬᠠᠷᠢᠶ᠎ᠠ ᠪᠠᠶᠢᠭᠤᠯᠤᠮᠵᠢ ᠶᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠲᠣᠰ ᠲᠣᠰ ᠪᠠᠭᠲᠠᠭᠠᠭᠰᠠᠨ ᠪᠠᠶᠢᠪᠠᠯ᠂ ᠠᠳᠠᠯᠢ ᠱᠠᠲᠤᠨ ᠤ | ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢᠨ | ᠪᠠᠶᠢᠭᠤᠯᠤᠯᠲᠠ ᠳᠤ ᠲᠣᠭᠲᠠᠭᠠᠯ ᠶᠣᠰᠣᠭᠠᠷ ᠨᠥᠬᠦᠪᠦᠷᠢ ᠣᠯᠭᠤᠨ᠎ᠠ᠃ | 5. ᠬᠢᠲᠠᠳ ᠡᠮ ᠡᠮᠨᠡᠯᠭᠡ ᠶᠢᠨ ᠦᠢᠯᠡᠰ ᠤᠨ ᠤᠯᠠᠮᠵᠢᠯᠠᠯ ᠪᠠ ᠬᠥᠭᠵᠢᠯᠲᠡ᠃ ᠡᠭᠦᠨ ᠳᠤ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠳᠠᠪᠠᠭᠤᠯᠢᠭ ᠢ ᠪᠣᠢ | ᠪᠣᠯᠭᠠᠬᠤ᠂ ᠬᠢᠲᠠᠳ ᠡᠮ ᠡᠮᠨᠡᠯᠭᠡ ᠶᠢ ᠤᠯᠠᠮᠵᠢᠯᠠᠬᠤ ᠬᠢᠬᠡᠳ ᠰᠢᠨ᠎ᠡ ᠶᠢ ᠡᠭᠦᠳᠬᠦ᠂ ᠬᠢᠲᠠᠳ ᠡᠮ ᠡᠮᠨᠡᠯᠭᠡ ᠶᠢᠨ ᠤᠯᠠᠮᠵᠢᠯᠠᠯᠲᠤ ᠮᠡᠳᠡᠯᠭᠡ ᠶᠢ ᠬᠠᠮᠠᠭᠠᠯᠠᠬᠤ ᠬᠢᠬᠡᠳ | ᠠᠭᠤᠳᠠᠯᠬᠤ᠂ ᠬᠢᠲᠠᠳ ᠡᠮ ᠡᠮᠨᠡᠯᠭᠡ ᠶᠢᠨ ︽ᠡᠪᠡᠳᠴᠢᠯᠡᠬᠦ ᠠᠴᠠ ᠤᠷᠢᠳ ᠰᠡᠷᠭᠡᠶᠢᠯᠡᠨ ᠡᠮᠨᠡᠬᠦ︾ ᠮᠡᠷᠭᠡᠵᠢᠯ ᠤᠨ ᠵᠢᠷᠤᠮᠵᠢᠯ ᠬᠢᠭᠡᠳ ᠳᠡᠯᠭᠡᠷᠡᠭᠦᠯᠦᠯᠲᠡ᠂ ᠬᠢᠲᠠᠳ | ᠡᠮᠨᠡᠯᠭᠡ ᠶᠢᠨ ᠬᠤᠷᠢᠶᠠᠨ ᠤ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮᠨᠡᠯᠭᠡ ᠶᠢᠨ ᠭᠤᠤᠯᠳᠠᠯᠭ᠎ᠠ ᠲᠠᠢ ᠲᠤᠰᠬᠠᠶ ᠡᠪᠡᠳᠴᠢᠨ ᠢ ᠡᠮᠨᠡᠬᠦ ᠲᠤᠰᠬᠠᠶ ᠰᠠᠯᠠᠭ᠎ᠠ᠂ | ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠦᠢᠯᠡᠴᠢᠯᠡᠬᠦ ᠴᠢᠳᠠᠪᠤᠷᠢ ᠶᠢᠨ ᠪᠠᠶᠢᠭᠤᠯᠤᠯᠲᠠ ᠵᠡᠷᠭᠡ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠪᠠᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ | ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠯ ᠶᠣᠰᠣᠭᠠᠷ ᠨᠢᠭᠡᠳᠦᠯᠲᠡᠶ | ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠬᠢᠲᠠᠳ ᠡᠮ ᠨᠠᠶᠢᠷᠠᠬᠤ ᠴᠢᠳᠠᠪᠤᠷᠢ ᠶᠢᠨ ᠪᠠᠶᠢᠭᠤᠯᠤᠯᠲᠠ᠂ ᠬᠢᠲᠠᠳ ᠡᠮ ᠡᠮᠨᠡᠯᠭᠡ ᠶᠢᠨ ᠲᠡᠷᠢᠭᠦᠨ ᠤ ᠭᠤᠤᠯᠳᠠᠯᠭ᠎ᠠ ᠲᠠᠢ | ᠰᠢᠨᠵᠢᠯᠡᠭᠡᠨ᠂ ᠬᠢᠲᠠᠳ ᠡᠮᠨᠡᠯᠭᠡ ᠶᠢᠨ ᠣᠨᠴᠠᠯᠢᠭᠲᠤ ᠲᠤᠰᠬᠠᠶ ᠮᠡᠷᠭᠡᠵᠢᠯ᠂ ᠥᠪᠡᠷᠲᠡᠭᠡᠨ ᠵᠠᠰᠠᠬᠤ ᠣᠷᠣᠨ ᠤ ᠲᠡᠰ ᠤᠨ ᠨᠡᠷᠡᠲᠡᠢ ᠠᠬᠠᠮᠠᠳ ᠬᠢᠲᠠᠳ ᠡᠮ ᠤᠨ ᠲᠤᠰᠬᠠᠶ | ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠲᠤᠷᠰᠢᠯᠭ᠎ᠠ ᠶᠢ ᠵᠠᠯᠭᠠᠮᠵᠢᠯᠠᠬᠤ ᠵᠡᠷᠭᠡ ᠨᠢ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠᠷ ᠲᠣᠳᠣᠷᠬᠠᠢ ᠲᠣᠭᠲᠠᠭᠠᠭᠳᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | 6. ᠮᠣᠩᠭᠤᠯ ᠡᠮ ᠡᠮᠨᠡᠯᠭᠡ ᠶᠢᠨ ᠦᠢᠯᠡᠰ ᠢ ᠭᠦᠭᠵᠢᠬᠦᠯᠦᠨ ᠮᠠᠨᠳᠤᠭᠤᠯᠤᠨ᠎ᠠ᠃ ᠳᠡᠭᠡᠷ᠎ᠡ ᠳᠤᠷᠠᠳᠤᠭᠰᠠᠨ ᠬᠢᠲᠠᠳ ᠡᠮ ᠡᠮᠨᠡᠯᠭᠡ ᠶᠢ ᠤᠯᠠᠮᠵᠢᠯᠠᠬᠤ ᠪᠠ | ᠬᠥᠭᠵᠢᠭᠦᠯᠬᠦ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠳᠤ ᠮᠣᠩᠭᠤᠯ ᠡᠮ ᠡᠮᠨᠡᠯᠭᠡ ᠶᠢᠨ ᠠᠭᠤᠯᠭ᠎ᠠ ᠶᠢ ᠬᠠᠮᠲᠤ ᠳᠤ ᠨᠢ ᠪᠠᠭᠲᠠᠭᠠᠭᠰᠠᠨ ᠪᠣᠯᠬᠤᠷ | ᠲᠡᠭᠦᠨ ᠢᠶᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢᠨ | ᠶᠣᠰᠣᠭᠠᠷ ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠮᠣᠩᠭᠤᠯ ᠡᠮ ᠡᠮᠨᠡᠯᠭᠡ ᠶᠢᠨ ᠪᠠᠷᠢᠮᠵᠢᠶᠠᠵᠢᠯᠳᠠ᠂ ᠮᠣᠩᠭᠤᠯ ᠡᠮ ᠢ ᠰᠤᠳᠤᠯᠤᠨ ᠨᠡᠭᠡᠭᠡᠬᠦ ᠴᠢᠬᠤᠯᠠ | ᠶᠡᠭᠡ ᠲᠤᠰᠬᠠᠶ ᠵᠦᠢᠯ᠂ ᠮᠣᠩᠭᠤᠯ ᠡᠮ ᠡᠮᠨᠡᠯᠭᠡ ᠶᠢᠨ ᠡᠮᠴᠢᠯᠡᠭᠡᠨ ᠤ ᠰᠤᠳᠤᠯᠬᠤ ᠴᠢᠳᠠᠪᠤᠷᠢ ᠶᠢᠨ ᠪᠠᠶᠢᠭᠤᠯᠤᠯᠲᠠ᠂ ᠮᠣᠩᠭᠤᠯ ᠡᠮ ᠡᠮᠨᠡᠯᠭᠡ ᠶᠢᠨ ᠵᠤᠬᠢᠯᠳᠤᠬᠤ | ᠮᠡᠷᠭᠡᠵᠢᠯ ᠢ ᠳᠡᠯᠭᠡᠷᠡᠭᠦᠯᠬᠦ ᠴᠢᠳᠠᠪᠤᠷᠢ ᠶᠢᠨ ᠪᠠᠶᠢᠭᠤᠯᠤᠯᠲᠠ᠂ ᠮᠣᠩᠭᠤᠯ ᠡᠮ ᠡᠮᠨᠡᠯᠭᠡ ᠶᠢᠨ ᠭᠠᠳᠠᠭᠠᠳᠤ ᠯᠤᠭ᠎ᠠ ᠶᠢᠨ ᠰᠣᠯᠢᠯᠴᠠᠭ᠎ᠠ ᠵᠡᠷᠭᠡ ᠶᠢ ᠥᠪᠡᠷᠲᠡᠭᠡᠨ ᠵᠠᠰᠠᠬᠤ | ᠣᠷᠣᠨ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ | ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠵᠢᠭᠰᠠᠭᠠᠭᠰᠠᠨ ᠦᠭᠡᠢ ᠪᠤᠰᠤᠳ ᠵᠦᠢᠯᠡᠰ ᠢ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠪᠠ | ᠵᠦᠢᠯᠡᠰ ᠤᠨ ᠣᠨᠴᠠᠯᠢᠭ ᠶᠣᠰᠣᠭᠠᠷ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶ ᠲᠣᠭᠲᠠᠭᠠᠨ᠎ᠠ᠃ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠠᠮᠢᠶ᠎ᠠ ᠪᠥᠬᠦᠶ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ ᠯᠠᠪᠯᠠᠯᠲᠠ ᠪᠣᠯᠭᠠᠨ ᠬᠦᠷᠲᠡᠵᠦ | ᠪᠣᠯᠬᠤ ᠪᠠᠷ ᠲᠣᠳᠣᠷᠬᠠᠶ ᠲᠣᠭᠲᠠᠭᠠᠭᠰᠠᠨ ᠭᠠᠵᠠᠷ ᠣᠷᠣᠨ ᠨᠢ ᠬᠠᠮᠢᠶ᠎ᠠ ᠪᠥᠬᠦᠶ ᠲᠣᠭᠲᠠᠭᠠᠯ ᠶᠣᠰᠣᠭᠠᠷ ᠦᠷᠭᠦᠯᠵᠢᠯᠡᠨ ᠬᠡᠷᠡᠭᠵᠢᠭᠦᠯᠦᠨ᠎ᠡ᠃ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠵᠠᠷᠤᠯᠭ᠎ᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠴᠡᠷᠢᠭ ᠠᠩᠭᠢ᠂ | ᠤᠯᠤᠰ ᠤᠨ ᠥᠮᠴᠢᠯᠡᠯᠲᠦ ᠪᠠ ᠬᠠᠮᠲᠤ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠶᠢᠨ ᠡᠷᠬᠢᠯᠡᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠨᠢ ᠣᠳᠣ ᠶᠢᠨ ᠪᠠᠶᠢᠭᠤᠯᠤᠯ ᠪᠠ ᠬᠠᠮᠢᠶ᠎ᠠ ᠪᠦᠬᠦᠢ ᠬᠦᠷᠢᠶᠡᠨ ᠳᠠᠬᠢ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ ᠵᠠᠷᠤᠳᠠᠯ ᠢ ᠨᠢ ᠪᠠᠲᠤᠯᠠᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ ᠴᠤ ᠠᠶᠢᠮᠠᠭ ᠬᠤᠲᠠ ᠳᠤ ᠨᠠᠶᠢᠳᠠᠵᠤ | ᠶᠠᠪᠤᠭᠳᠠᠭᠤᠯᠬᠤ ᠴᠢᠬᠤᠯᠠᠲᠠᠢ ᠵᠦᠢᠯᠡᠰ ᠢ ᠠᠶᠢᠮᠠᠭ ᠬᠤᠲᠠ ᠨᠢ ᠨᠠᠶᠢᠳᠠᠭᠰᠠᠨ ᠬᠡᠪᠴᠢᠶᠡᠨ ᠳᠤ᠂ ᠨᠠᠶᠢᠳᠠᠭᠰᠠᠨ ᠨᠢᠭᠡᠴᠢ ᠶᠢᠨ ᠨᠡᠷ᠎ᠡ ᠪᠠᠷ ᠡᠷᠬᠡ ᠲᠤᠰᠢᠶᠠᠯ ᠢᠶᠠᠨ | ᠬᠡᠷᠡᠭᠵᠢᠭᠦᠯᠵᠦ᠂ ᠵᠣᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠨᠠᠶᠢᠳᠠᠭᠰᠠᠨ ᠨᠢᠭᠡᠴᠢ ᠶᠢᠨ ᠬᠢᠨᠠᠯᠲᠠ ᠲᠠᠯᠪᠢᠯᠳᠠ ᠶᠢ ᠬᠦᠯᠢᠶᠡᠨ᠎ᠡ᠃ | ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠳᠣᠷᠬᠠᠢ ᠲᠣᠭᠲᠠᠭᠠᠭᠰᠠᠨ | ᠵᠦᠢᠯᠡᠰ ᠲᠤ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠲᠥᠯᠥᠪᠯᠡᠭᠡᠲᠦ | ᠦᠷᠡᠵᠢᠯ ᠳᠤ ᠲᠡᠳᠬᠦᠬᠦ ᠪᠠᠲᠤᠯᠠᠭ᠎ᠠ ᠵᠡᠷᠭᠡ ᠲᠠᠯ᠎ᠠ ᠪᠠᠷ ᠬᠢ ᠪᠥᠬᠦ ᠣᠷᠣᠨ ᠤ ᠰᠠᠭᠤᠷᠢ ᠪᠠᠷᠢᠮᠵᠢᠶᠠᠨ ᠤ ᠵᠦᠢᠯᠡᠰ ᠢ ᠡᠯ᠎ᠡ ᠠᠶᠢᠮᠠᠭ ᠬᠤᠲᠠ ᠨᠢ ᠪᠥᠬᠦ ᠣᠷᠣᠨ ᠤ ᠰᠠᠭᠤᠷᠢ | ᠪᠠᠷᠢᠮᠵᠢᠶ᠎ᠠ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠪᠠᠲᠤᠯᠠᠭ᠎ᠠ ᠶᠢᠨ ᠠᠭᠤᠯᠭ᠎ᠠ ᠶᠢ ᠵᠣᠬᠢᠰᠲᠠᠶ ᠨᠡᠮᠡᠭᠳᠡᠭᠦᠯᠬᠦ | ᠪᠤᠶᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠪᠣᠯᠬᠤ ᠪᠥᠭᠡᠳ ᠬᠡᠲᠦᠷᠡᠵᠦ ᠭᠠᠷᠤᠭᠰᠠᠨ ᠬᠡᠰᠡᠭ ᠢ ᠨᠢ ᠠᠳᠠᠯᠢ ᠱᠠᠲᠤᠨ ᠤ ᠡᠳ᠋ ᠤᠨ ᠵᠠᠰᠠᠭ ᠨᠢ ᠲᠣᠭᠲᠠᠭᠠᠯ | ᠶᠣᠰᠣᠭᠠᠷ ᠡᠭᠦᠷᠭᠡᠯᠡᠨ᠎ᠡ᠃ ᠡᠮᠴᠢᠯᠡᠭᠡᠨ ᠤ ᠠᠪᠤᠷᠠᠨ ᠲᠤᠰᠠᠯᠠᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ᠂ | ᠭᠤᠤᠯᠳᠠᠯᠭ᠎ᠠ ᠲᠠᠢ ᠰᠢᠨᠵᠢᠯᠡᠭᠡᠨ ᠤ ᠬᠥᠭᠵᠢᠯᠲᠡ ᠵᠡᠷᠭᠡ ᠤᠯᠤᠰ ᠤᠨ ᠰᠠᠭᠤᠷᠢ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠬᠤ ᠨᠥᠬᠦᠴᠡᠯ ᠢ ᠪᠦᠷᠢᠯᠳᠦᠭᠦᠯᠬᠦ ᠳᠤ ᠬᠢᠯᠪᠠᠷ | ᠪᠤᠰᠤ ᠪᠤᠶᠤ ᠲᠦᠷ ᠪᠦᠷᠢᠯᠳᠦᠭᠦᠯᠦᠭᠡᠳᠦᠶ ᠵᠦᠢᠯᠡᠰ ᠢ ᠪᠣᠯ᠂ ᠥᠪᠡᠷᠲᠡᠭᠡᠨ ᠵᠠᠰᠠᠬᠤ ᠣᠷᠣᠨ ᠠᠴᠠ ᠵᠠᠷᠴᠢᠮ ᠤᠨ ᠱᠠᠭᠠᠷᠳᠠᠯᠭ᠎ᠠ ᠳᠤᠷᠠᠳᠬᠤ ᠶᠢᠨ ᠬᠠᠮᠲᠤ ᠠᠮᠵᠢᠯᠲᠠ | ᠪᠦᠲᠦᠮᠵᠢ ᠶᠢᠨ ᠬᠠᠷᠠᠯᠲᠠ ᠲᠣᠭᠲᠠᠭᠠᠨ᠂ ᠠᠶᠢᠮᠠᠭ ᠬᠤᠲᠠ ᠨᠢ ᠲᠡᠭᠦᠨ ᠢ ᠦᠨᠳᠦᠰᠦᠯᠡᠨ ᠲᠣᠰ ᠭᠠᠵᠠᠷ ᠣᠷᠣᠨ ᠤ ᠪᠠᠨ ᠪᠠᠷᠢᠮᠵᠢᠶ᠎ᠠ ᠶᠢ ᠪᠡᠶ᠎ᠡ ᠪᠠᠨ ᠳᠠᠭᠠᠭᠠᠨ | ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠵᠣᠬᠢᠬᠤ ᠨᠥᠬᠦᠪᠦᠷᠢ ᠣᠯᠭᠤᠨ᠎ᠠ᠃ ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ | ᠪᠠᠷᠢᠮᠵᠢᠶ᠎ᠠ ᠶᠢ ᠲᠣᠭᠲᠠᠭᠠᠨ ᠨᠡᠶᠢᠲᠡᠯᠡᠬᠦ ᠳᠤ ᠪᠠᠨ ᠣᠷᠣᠨ ᠪᠦᠰᠡ ᠶᠢᠨ ᠬᠤᠭᠤᠷᠣᠨᠳᠣᠬᠢ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠡᠷᠬᠡ | ᠲᠡᠭᠰᠢ ᠴᠢᠨᠠᠷ᠂ ᠲᠤᠰ ᠭᠠᠵᠠᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠭᠦᠢᠴᠡᠳ | ᠪᠣᠳᠣᠯᠬᠢᠯᠠᠵᠤ᠂ ᠡᠳ᠋ ᠤᠨ ᠵᠠᠰᠠᠭ ᠤᠨ ᠣᠷᠣᠭᠤᠯᠤᠯᠲᠠ ᠶᠢᠨ ᠦᠷᠭᠦᠯᠵᠢᠯᠡᠬᠦ ᠶᠢ ᠦᠨᠡᠨ ᠬᠦ ᠪᠠᠲᠤᠯᠠᠨ᠎ᠠ᠃ ᠡᠯ᠎ᠡ ᠠᠶᠢᠮᠠᠭ ᠬᠤᠲᠠ ᠶᠢᠨ ᠪᠠᠷᠢᠮᠵᠢᠶ᠎ᠠ ᠨᠢ ᠥᠪᠡᠷᠲᠡᠭᠡᠨ | ᠵᠠᠰᠠᠬᠤ ᠣᠷᠣᠨ ᠤ ᠰᠠᠭᠤᠷᠢ ᠪᠠᠷᠢᠮᠵᠢᠶ᠎ᠠ ᠠᠴᠠ ᠥᠨᠳᠥᠷ ᠪᠠᠶᠢᠪᠠᠯ᠂ ᠳᠡᠰ ᠳᠠᠷᠠᠭᠠᠯᠠᠯ ᠶᠣᠰᠣᠭᠠᠷ ᠤᠷᠢᠳ ᠢᠶᠠᠷ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠵᠦ | ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃ ᠠᠶᠢᠮᠠᠭ ᠬᠤᠲᠠ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠵᠡᠷᠬᠡ ᠳᠤ ᠬᠤᠯᠪᠣᠭᠳᠠᠭᠰᠠᠨ ᠵᠦᠢᠯᠡᠰ ᠢ ᠨᠡᠶᠢᠲᠡᠯᠡᠬᠦ ᠳᠤ᠂ ᠳᠡᠰ ᠳᠠᠷᠠᠭᠠᠯᠠᠯ ᠶᠣᠰᠣᠭᠠᠷ ᠤᠷᠢᠳ ᠢᠶᠠᠷ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠦᠨ᠎ᠡ᠃ | ᠣᠳᠣ ᠶᠢᠨ ᠮᠤᠵᠢ ᠶᠢᠨ ᠱᠠᠲᠤᠨ ᠠᠴᠠ ᠳᠣᠷᠣᠭᠰᠢᠬᠢ ᠡᠳ᠋ ᠤᠨ ᠬᠦᠴᠦᠨ ᠤ ᠪᠠᠶᠢᠷᠢᠰᠢᠯ ᠢ ᠶᠡᠷᠦᠩᠬᠡᠶ ᠳᠤ ᠪᠠᠨ ᠲᠣᠭᠲᠠᠭᠤᠨ ᠪᠠᠶᠢᠯᠭᠠᠬᠤ ᠵᠠᠷᠴᠢᠮ ᠶᠣᠰᠣᠭᠠᠷ᠂ | ᠳᠡᠭᠡᠷ᠎ᠡ ᠳᠤᠷᠠᠳᠤᠭᠰᠠᠨ ᠬᠤᠪᠢᠶᠠᠨ ᠡᠭᠦᠷᠭᠡᠯᠡᠬᠦ ᠬᠠᠷᠢᠴᠠᠯ ᠢ ᠲᠣᠬᠢᠷᠠᠭᠤᠯᠬᠤ ᠳᠤ ᠬᠤᠯᠪᠣᠭᠳᠠᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠵᠠᠷᠤᠯᠭ᠎ᠠ ᠶᠢᠨ ᠰᠠᠭᠤᠷᠢ ᠲᠣᠭᠠᠨ ᠤ ᠬᠤᠪᠢᠶᠠᠷᠢᠯᠠᠨ ᠰᠢᠯᠵᠢᠭᠦᠯᠬᠦ ᠠᠵᠢᠯ ᠢ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠭᠦᠢᠴᠡᠳᠬᠡᠨ᠎ᠡ᠃ | ᠳᠥᠷᠪᠡ᠂ ᠲᠦᠭᠦᠷ ᠠᠷᠭ᠎ᠠ ᠬᠡᠮᠵᠢᠶ᠎ᠡ | ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠪᠣᠯ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠤᠨ᠎ᠠ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠪᠣᠳᠠᠲᠠᠢ ᠲᠠᠢ ᠪᠠᠨ ᠤᠶᠠᠯᠳᠤᠭᠤᠯᠵᠤ ᠪᠠᠶᠢᠭᠠᠳ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠥᠭᠡᠷᠡᠴᠢᠯᠡᠯᠲᠡ ᠶᠢᠨ ᠤᠷᠤᠭᠰᠢᠲᠠᠶ ᠠᠬᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ | ︵ᠨᠢᠭᠡ︶ ᠬᠠᠮᠢᠶ᠎ᠠ ᠪᠥᠬᠦᠶ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠬᠤ | ᠥᠭᠡᠷᠡᠴᠢᠯᠡᠯᠲᠡ ᠶᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠯᠦᠭᠡ ᠨᠢᠭᠲᠠ ᠤᠶᠠᠯᠳᠤᠭᠤᠯᠬᠤ ᠪᠠ ᠨᠢᠭᠡᠳᠦᠯᠲᠡᠶ | ᠲᠥᠯᠥᠪᠯᠡᠨ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠤᠨ ᠪᠥᠭᠡᠳ | ᠦᠷᠭᠦᠯᠵᠢᠯᠡᠭᠰᠡᠨ ᠪᠡᠯᠡ ᠮᠥᠩᠭᠦ ᠴᠤᠭᠯᠠᠭᠤᠯᠬᠤ ᠪᠠ ᠳᠠᠩᠰᠠ ᠲᠠᠶᠢᠯᠬᠤ ᠬᠠᠷᠢᠴᠠᠯ ᠤᠨ ᠲᠣᠬᠢᠷᠠᠭᠤᠯᠬᠤ ᠲᠣᠭᠲᠠᠴᠠ ᠶᠢ ᠭᠤᠤᠯᠳᠠᠯᠭ᠎ᠠ ᠲᠠᠢ ᠲᠡᠭᠦᠯᠳᠡᠷᠵᠢᠭᠦᠯᠦᠨ᠂ | ᠵᠠᠰᠠᠭ ᠤᠨ ᠣᠷᠳᠣᠨ ᠬᠢᠭᠡᠳ ᠬᠤᠪᠢ ᠬᠥᠮᠦᠨ ᠤ ᠬᠤᠪᠢᠳᠠᠨ ᠡᠭᠦᠷᠭᠡᠯᠡᠬᠦ ᠬᠠᠷᠢᠴᠠᠯ ᠢ ᠵᠣᠬᠢᠰᠲᠠᠶ ᠲᠣᠭᠲᠠᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ᠂ ᠣᠷᠣᠨ ᠪᠦᠰᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠡᠯ᠎ᠡ | ᠵᠦᠢᠯ ᠤᠨ ᠥᠭᠡᠷᠡᠴᠢᠯᠡᠯᠲᠡ ᠶᠢᠨ ᠬᠠᠮᠵᠢᠯᠴᠠᠨ ᠬᠦᠳᠡᠯᠦᠯᠴᠡᠬᠦ᠂ ᠬᠠᠮᠵᠢᠯᠴᠠᠨ ᠠᠬᠢᠭᠤᠯᠬᠤ ᠶᠢ ᠴᠢᠩᠭᠠᠷᠠᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠶ᠃ | | ︵ᠬᠤᠶᠠᠷ︶ ᠬᠠᠷᠢᠭᠤᠴᠠᠯᠭ᠎ᠠ ᠶᠢ ᠬᠤᠪᠢᠳᠠᠨ ᠡᠭᠦᠷᠭᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠠᠶᠢᠮᠠᠭ ᠬᠤᠲᠠ ᠨᠢ ᠲᠣᠰ ᠲᠥᠰᠦᠯ ᠢ ᠦᠨᠳᠦᠰᠦᠯᠡᠨ | ᠂ ᠣᠳᠣ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠪᠠᠶᠢᠭᠤᠯᠤᠯ ᠲᠠᠢ ᠤᠶᠠᠯᠳᠤᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠠᠶᠢᠮᠠᠭ | ᠬᠤᠲᠠ ᠶᠢᠨ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠬᠤ | ᠬᠡᠷᠡᠭᠲᠡᠶ᠃ ᠣᠷᠣᠨ ᠪᠦᠰᠡ ᠳᠠᠬᠢ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠪᠠᠷ ᠠᠬᠢᠭᠤᠯᠬᠤ ᠠᠵᠢᠯ ᠳᠠᠬᠢ | ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠣᠷᠣᠨ ᠪᠦᠰᠡ ᠶᠢᠨ ᠳᠣᠲᠣᠷᠠᠬᠢ ᠬᠦᠴᠢᠷᠳᠡᠯᠲᠡᠶ ᠭᠠᠵᠠᠷ ᠣᠷᠣᠨ ᠳᠠᠬᠢ | ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠲᠡᠭᠦᠨ ᠠᠴᠠ ᠳᠡᠭᠡᠳᠦ ᠨᠢᠭᠡ ᠱᠠᠲᠤᠨ ᠤ ᠵᠠᠰᠠᠭ ᠤᠨ ᠣᠷᠳᠣᠨ ᠤ ᠡᠭᠦᠷᠭᠡᠯᠡᠬᠦ ᠳᠤ ᠵᠤᠬᠢᠯᠳᠤᠬᠤ | ᠦᠨᠳᠦᠰᠦᠨ ᠡᠮᠴᠢᠯᠡᠭᠡ ᠬᠠᠮᠠᠭᠠᠯᠠᠯ ᠤᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠳᠡᠭᠡᠳᠦ ᠱᠠᠲᠤ ᠲᠡᠶᠢᠰᠢ ᠰᠢᠯᠵᠢᠭᠦᠯᠵᠦ᠂ ᠦᠨᠳᠦᠰᠦᠨ ᠱᠠᠲᠤᠨ ᠤ | ᠵᠠᠰᠠᠭ ᠤᠨ ᠣᠷᠳᠣᠨ ᠤ ᠵᠠᠷᠤᠯᠭ᠎ᠠ ᠶᠢᠨ ᠳᠠᠷᠤᠭᠠᠰᠤ ᠬᠡᠲᠦᠷᠬᠡᠶ ᠶᠡᠭᠡ ᠨᠡᠮᠡᠭᠳᠡᠬᠦ ᠠᠴᠠ ᠵᠠᠶᠢᠯᠠᠰᠬᠢᠬᠦ ᠬᠡᠷᠡᠭᠲᠡᠢ᠃ | ︵ᠭᠤᠷᠪᠠ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠨᠢ | ᠲᠣᠭᠲᠠᠭᠠᠭᠰᠠᠨ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠲᠥᠰᠦᠪ ᠢᠶᠠᠨ ᠵᠣᠬᠢᠰᠲᠠᠶ ᠲᠣᠬᠢᠷᠠᠭᠤᠯᠤᠨ᠂ ︽ᠬᠡᠨ ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠢ | ᠦᠨᠳᠦᠰᠦᠯᠡᠵᠦ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠲᠤᠯᠠᠭ᠎ᠠ ᠶᠢᠨ ᠪᠠᠷᠢᠮᠵᠢᠶ᠎ᠠ ᠶᠢ | ᠵᠣᠬᠢᠰᠲᠠᠶ ᠲᠣᠭᠲᠠᠭᠠᠵᠤ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠣᠷᠣᠰᠢᠵᠤ ᠪᠠᠶᠢᠬᠤ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠳᠤ ᠪᠣᠯ᠂ | ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠳᠤ ᠨᠡᠶᠢᠴᠡᠬᠦ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠪᠦᠲᠦᠭᠡᠨ | ᠪᠠᠶᠢᠭᠤᠯᠤᠯᠲᠠ ᠵᠡᠷᠭᠡ ᠬᠥᠷᠥᠩᠭᠡ ᠶᠢᠨ ᠴᠢᠨᠠᠷᠲᠠᠶ ᠵᠠᠷᠤᠯᠭ᠎ᠠ ᠶᠢ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠬᠠᠤᠯᠢ ᠶᠣᠰᠣᠭᠠᠷ | ᠲᠠᠷᠬᠠᠭᠠᠬᠤ ᠠᠷᠭ᠎ᠠ ᠮᠠᠶ᠋ᠢᠭ ᠢᠶᠠᠷ ᠲᠣᠬᠢᠷᠠᠭᠤᠯᠬᠤ ᠠᠴᠠ ᠭᠠᠳᠠᠨ᠎ᠠ᠂ ᠭᠤᠤᠯᠳᠠᠭᠤ ᠳᠡᠭᠡᠳᠦ ᠱᠠᠲᠤᠨ ᠤ ᠵᠠᠰᠠᠭ ᠤᠨ ᠣᠷᠳᠣᠨ ᠠᠴᠠ ᠣᠯᠭᠤᠭᠰᠠᠨ ᠡᠩ ᠤᠨ ᠴᠢᠨᠠᠷᠲᠠᠶ | ᠰᠢᠯᠵᠢᠭᠦᠯᠦᠨ ᠥᠭᠬᠦ ᠪᠠᠷ ᠳᠠᠮᠵᠢᠭᠤᠯᠤᠨ ᠨᠥᠬᠦᠪᠥᠷᠢᠯᠡᠨ᠎ᠡ᠃ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠲᠣᠰ ᠲᠥᠰᠦᠯ ᠢ ᠦᠨᠳᠦᠰᠦᠯᠡᠨ ᠰᠠᠯᠠᠭ᠎ᠠ ᠮᠥᠴᠢᠷ ᠤᠨ ᠲᠥᠰᠦᠪ ᠢ ᠵᠣᠬᠢᠰᠲᠠᠶ ᠲᠣᠬᠢᠷᠠᠭᠤᠯᠬᠤ ᠶᠢᠨ ᠬᠠᠮᠲᠤ᠂ ᠥᠭᠡᠷᠡᠴᠢᠯᠡᠯᠲᠡ ᠶᠢᠨ | ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠤᠶᠤ ᠳᠦᠷᠢᠮ ᠲᠣᠭᠲᠠᠭᠠᠯ ᠢ ᠴᠠᠭ ᠲᠤᠬᠠᠶ ᠳᠤ ᠨᠢ ᠲᠣᠭᠲᠠᠭᠠᠨ ᠵᠠᠰᠠᠪᠤᠷᠢ | ᠣᠷᠣᠭᠤᠯᠵᠤ᠂ ᠱᠠᠭᠠᠷᠳᠠᠯᠭ᠎ᠠ ᠶᠣᠰᠣᠭᠠᠷ ᠲᠣᠰ ᠱᠠᠲᠤᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ | ᠬᠤᠪᠢᠶᠠᠷᠢᠯᠠᠬᠤ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ | ᠲᠠᠪᠤ᠂ ᠬᠡᠷᠡᠭᠵᠢᠭᠦᠯᠬᠦ ᠴᠠᠭ | ᠲᠤᠰ ᠲᠥᠰᠦᠯ ᠢ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠳᠠᠭᠠᠯᠳᠤᠭᠤᠯᠤᠯ᠄ | ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠭᠰᠠᠨ ᠪᠠᠶᠢᠳᠠᠯ ᠤᠨ ᠬᠦᠰᠦᠨᠦᠭᠲᠦ | | | | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ | | | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2019﹈ 26 ᠳ᠋ᠤᠭᠠᠷ ᠲᠣᠭᠠᠲᠤ︶᠂ | ︽ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ | ᠬᠤᠪᠢᠶᠠᠷᠢᠯᠠᠬᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠦᠯ ᠢ ᠲᠠᠷᠤᠮᠠᠯᠯᠠᠨ ᠶᠠᠪᠤᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠳᠤ ᠳᠣᠤᠷᠠᠬᠢ ᠮᠡᠲᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠭᠤᠤᠯ ᠬᠠᠷᠠᠯᠲᠠ᠃ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠨᠢᠭᠲᠠ ᠤᠶᠠᠯᠳᠤᠭᠤᠯᠤᠨ᠂ ᠲᠡᠷᠢᠭᠦᠨ ᠤ ᠲᠤᠷᠰᠢᠯᠭ᠎ᠠ ᠪᠠᠷ ᠲᠣᠯᠢ ᠪᠣᠯᠭᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠷᠢᠨ ᠪᠦᠲᠦᠨ ᠪᠥᠭᠡᠳ ᠵᠢᠷᠤᠮᠵᠢᠭᠰᠠᠨ᠂ ᠠᠵᠢᠯ ᠤᠨ ᠬᠤᠪᠢᠶᠠᠷᠢᠯᠠᠯ ᠨᠢ ᠵᠦᠶ ᠵᠣᠬᠢᠰᠲᠠᠶ᠂ | ᠥᠨᠳᠥᠷ ᠦᠷ᠎ᠡ ᠪᠦᠲᠦᠮᠵᠢᠲᠡᠶ ᠬᠠᠮᠵᠢᠯᠴᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠬᠤ ᠵᠠᠭᠪᠤᠷ ᠢ ᠱᠠᠯᠠᠪᠳᠠᠨ ᠪᠤᠢ ᠪᠣᠯᠭᠠᠵᠤ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ ᠡᠳ᠋ ᠤᠨ ᠬᠦᠴᠦᠨ ᠨᠢ | ᠵᠣᠬᠢᠴᠠᠩᠭᠤᠶ᠂ ᠣᠷᠣᠨ ᠪᠦᠰᠡ ᠨᠢ ᠲᠡᠩᠴᠡᠭᠦᠷᠢᠲᠡᠶ ᠪᠠᠶᠢᠬᠤ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ | ᠲᠦᠷᠭᠡᠳᠬᠡᠨ ᠪᠠᠶᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ᠃ | — ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠵᠠᠭᠠᠭ ᠱᠤᠭᠤᠮ ᠢ ᠰᠢᠨᠵᠢᠯᠡᠬᠦ ᠤᠬᠠᠭᠠᠨᠴᠢ ᠪᠠᠷ ᠲᠣᠳᠣᠷᠬᠠᠶᠢᠯᠠᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠬᠦ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠢ | ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠵᠠᠰᠠᠭ ᠤᠨ ᠣᠷᠳᠣᠨ ᠤ ᠣᠷᠣᠭᠤᠯᠤᠯᠲᠠ ᠬᠢᠬᠦ ᠵᠠᠭᠠᠭ ᠱᠤᠭᠤᠮ ᠪᠠ ᠠᠷᠭ᠎ᠠ ᠮᠠᠶ᠋ᠢᠭ ᠢ ᠰᠢᠨᠵᠢᠯᠡᠬᠦ | ᠤᠬᠠᠭᠠᠨᠴᠢ ᠢᠶᠠᠷ ᠵᠣᠬᠢᠰᠲᠠᠶ ᠲᠣᠭᠲᠠᠭᠠᠨ᠎ᠠ᠃ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠶ ᠦᠢᠯᠡᠳᠦᠯ ᠢ ᠭᠦᠢᠴᠡᠳ | ᠪᠠᠳᠠᠷᠠᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠴᠢᠷᠮᠠᠶᠢᠨ ᠳᠠᠶᠢᠴᠢᠯᠠᠵᠤ᠂ ᠠᠵᠤ ᠠᠬᠤᠶᠢᠯᠠᠯ | ᠪᠠ ᠨᠡᠶᠢᠭᠡᠮ ᠤᠨ ᠬᠦᠴᠦᠨ ᠢ ᠬᠦᠲᠦᠯᠦᠨ ᠳᠠᠶᠢᠴᠢᠯᠠᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠣᠷᠣᠭᠤᠯᠤᠯᠲᠠ ᠶᠢ ᠨᠢ ᠨᠡᠮᠡᠭᠳᠡᠭᠦᠯᠦᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠣᠷᠣᠭᠤᠯᠤᠯᠲᠠ ᠬᠢᠬᠦ ᠣᠯᠠᠨ ᠡᠰᠢᠳᠦ ᠣᠯᠠᠨ ᠳᠡᠰ ᠳᠠᠪᠬᠤᠷᠭ᠎ᠠ ᠣᠯᠠᠨ ᠠᠷᠭ᠎ᠠ ᠵᠠᠮ ᠪᠦᠬᠦᠢ ᠰᠢᠰᠲ᠋ᠧᠮᠵᠢ ᠶᠢ | ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠤᠢ | ᠪᠣᠯᠭᠠᠨ᠎ᠠ᠃ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷ ᠢᠶᠠᠷ ᠡᠬᠢ ᠪᠠᠶᠠᠯᠢᠭ ᠢ ᠪᠦᠲᠦᠮᠵᠢᠲᠡᠢ ᠲᠣᠬᠢᠷᠠᠭᠤᠯᠵᠤ ᠴᠢᠳᠠᠬᠤ | ᠦᠭᠡᠢ ᠰᠠᠭᠤᠷᠢ ᠮᠥᠷᠲᠡᠭᠡᠨ ᠬᠤᠰᠢᠭᠤᠷᠠᠯ᠂ ᠨᠡᠶᠢᠭᠡᠮ ᠤᠨ ᠨᠡᠶᠢᠲᠡ ᠶᠢᠨ ᠠᠰᠠᠷᠠᠮᠵᠢ᠂ ᠴᠢᠬᠤᠯᠠ ᠶᠡᠭᠡ ᠨᠡᠶᠢᠲᠡᠯᠢᠭ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠤᠨ | ᠰᠤᠳᠤᠯᠭᠠᠨ ᠵᠡᠷᠭᠡ ᠤᠯᠠᠨ ᠨᠡᠶᠢᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢ ᠭᠤᠤᠯᠳᠠᠯᠭ᠎ᠠ ᠲᠠᠢ ᠲᠡᠮᠵᠢᠨ᠎ᠠ᠃ | — ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠷᠬᠡ ᠪᠠ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠨ᠎ᠠ᠃ ᠪᠦᠬᠦ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠨᠤᠲᠠᠯᠠᠬᠤ ᠪᠠ ᠬᠤᠪᠢᠶᠠᠷᠢᠯᠠᠬᠤ ᠲᠠᠯ᠎ᠠ ᠪᠠᠷ ᠬᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠯᠡᠬᠦ ᠡᠷᠬᠡ ᠶᠢ ᠲᠣᠳᠣᠷᠬᠠᠢ ᠲᠣᠭᠲᠠᠭᠠᠵᠤ᠂ ︽ᠬᠡᠨ ᠤ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠪᠣᠯ ᠲᠡᠷᠡ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠵᠠᠰᠠᠭ ᠤᠨ ᠣᠷᠳᠣᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠭᠲᠠᠭᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠦᠢᠯᠡᠰ ᠤᠨ ᠣᠯᠠᠨ ᠨᠡᠶᠢᠲᠡ ᠶᠢᠨ | ᠴᠢᠨᠠᠷᠲᠠᠶ ᠳᠡᠰ ᠳᠠᠪᠬᠤᠷᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠠᠰᠢᠭ ᠬᠦᠷᠲᠡᠬᠦ ᠬᠡᠪᠴᠢᠶ᠎ᠡ ᠵᠡᠷᠭᠡ ᠰᠢᠨᠵᠢ ᠴᠢᠨᠠᠷ ᠢ | ᠦᠨᠳᠦᠰᠦᠯᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠶ ᠬᠤᠪᠢᠶᠠᠷᠢᠯᠠᠨ᠎ᠠ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠨᠢ ᠪᠦᠬᠦ ᠲᠠᠯ᠎ᠠ ᠶᠢᠨ ᠴᠢᠨᠠᠷᠲᠠᠶ᠂ ᠰᠠᠭᠤᠷᠢ ᠴᠢᠨᠠᠷᠲᠠᠶ᠂ ᠠᠯᠤᠰ ᠬᠡᠳᠦ ᠶᠢᠨ ᠴᠢᠨᠠᠷᠲᠠᠶ ᠠᠵᠢᠯ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠬᠠᠨᠳᠤᠭᠤᠯᠤᠭᠰᠠᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠪᠠ | ᠠᠵᠤ ᠠᠬᠤᠶ ᠶᠢᠨ ᠭᠤᠤᠯ ᠠᠵᠢᠯ ᠤᠨ ᠲᠠᠯᠠᠪᠤᠷ ᠲᠤ ᠬᠠᠨᠳᠤᠭᠤᠯᠵᠤ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠡᠭᠦᠷᠭᠡ ᠶᠢ ᠭᠤᠤᠯᠴᠢᠯᠠᠨ ᠳᠡᠮᠵᠢᠨ᠎ᠡ᠃ ᠡᠭᠦᠨ ᠤ ᠳᠠᠭᠠᠤ ᠳᠤ᠂ ᠠᠶᠢᠮᠠᠭ ᠬᠤᠲᠠ ᠶᠢ ᠬᠥᠲᠥᠯᠥᠨ ᠵᠢᠯᠣᠭᠤᠳᠬᠤ ᠲᠠᠯ᠎ᠠ ᠪᠠᠷ ᠬᠢ ᠥᠪᠡᠷᠲᠡᠭᠡᠨ ᠵᠠᠰᠠᠬᠤ | ᠣᠷᠣᠨ ᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠠᠶᠢᠮᠠᠭ ᠬᠤᠲᠠ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠎ᠠ᠃ | ᠠᠶᠢᠮᠠᠭ ᠬᠤᠲᠠ ᠶᠢᠨ ᠡᠳ᠋ ᠤᠨ ᠵᠠᠰᠠᠭ ᠨᠢ ᠮᠡᠷᠭᠡᠵᠢᠯ ᠤᠨ ᠨᠡᠭᠡᠭᠡᠯᠲᠡ ᠪᠠ ᠤᠯᠠᠷᠢᠭᠤᠯᠤᠨ ᠬᠡᠷᠡᠭᠯᠡᠬᠦ ᠶᠢ ᠭᠤᠣᠯᠴᠢᠯᠠᠨ ᠳᠡᠮᠵᠢᠵᠦ᠂ ᠲᠣᠰ ᠲᠣᠰ ᠤᠨ ᠣᠨᠴᠠᠯᠢᠭ ᠪᠥᠬᠦᠶ | ᠣᠷᠣᠨ ᠪᠦᠰᠡ ᠶᠢᠨ ᠰᠢᠨ᠎ᠡ ᠡᠭᠦᠳᠦᠯᠲᠡ ᠲᠠᠢ ᠬᠥᠭᠵᠢᠬᠦ ᠪᠠᠶᠢᠷᠢᠰᠢᠯ ᠢ ᠪᠠᠶᠢᠭᠤᠯᠤᠨ᠎ᠠ᠃ | — ᠣᠳᠣᠬᠠᠨ ᠤ ᠪᠠ ᠠᠯᠤᠰ ᠬᠡᠳᠤ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠶᠡᠷᠦᠩᠬᠡᠶ ᠳᠤ ᠨᠢ ᠵᠢᠷᠤᠭᠯᠠᠨ ᠲᠥᠯᠥᠪᠯᠡᠬᠦ ᠶᠢ | ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠡᠯ᠎ᠡ ᠲᠥᠷᠥᠯ ᠤᠨ ᠵᠦᠢᠯᠡᠰ ᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠲᠢᠭᠯᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠯᠦᠭᠡ ᠵᠤᠬᠢᠴᠠᠯᠳᠤᠵᠦ ᠬᠤᠯᠪᠤᠭᠠᠯᠠᠨ ᠬᠦᠳᠡᠯᠦᠯᠴᠡᠬᠦ ᠶᠢ ᠴᠢᠩᠭᠠᠳᠬᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠲᠠᠢ ᠬᠥᠭᠵᠢᠭᠦᠯᠬᠦ ᠡᠳ᠋ ᠤᠨ ᠵᠠᠰᠠᠭ ᠤᠨ ᠪᠠᠶᠢᠭᠤᠯᠤᠯ ᠪᠠ ᠲᠦᠷᠦ ᠶᠢᠨ ᠪᠤᠳᠤᠯᠭ᠎ᠠ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ᠃ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠬᠤ ᠶᠢ ᠪᠠᠷᠢᠮᠲᠠᠯᠠᠨ᠂ ᠬᠥᠳᠡᠯᠦᠩᠭᠦᠶ ᠲᠣᠬᠢᠷᠠᠭᠤᠯᠤᠯᠲᠠ ᠬᠢᠬᠦ ᠲᠣᠭᠲᠠᠴᠠ ᠶᠢ | ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠤᠳᠤ ᠶᠢᠨ ᠬᠡᠷᠡᠭᠵᠢᠭᠦᠯᠵᠦ ᠪᠠᠶᠢᠭ᠎ᠠ ᠡᠳ᠋ ᠤᠨ ᠵᠠᠰᠠᠭ ᠤᠨ ᠲᠥᠷᠥ ᠶᠢᠨ ᠪᠤᠳᠤᠯᠭ᠎ᠠ ᠶᠢ | ᠶᠡᠷᠦᠩᠬᠡᠶ ᠳᠤ ᠨᠢ ᠲᠣᠭᠲᠠᠭᠤᠨ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯ ᠨᠢ ᠨᠡᠯᠢᠶᠡᠳ ᠰᠢᠨᠵᠢᠯᠡᠬᠦ | ᠤᠬᠠᠭᠠᠨᠴᠢ ᠪᠥᠭᠡᠳ ᠵᠣᠬᠢᠰᠲᠠᠢ ᠪᠠᠶᠢᠬᠤ ᠪᠠ ᠪᠦᠲᠦᠮᠵᠢᠲᠡᠶ ᠶᠠᠪᠤᠭᠳᠠᠵᠤ ᠪᠠᠶᠢᠭ᠎ᠠ ᠵᠦᠢᠯᠡᠰ ᠢ ᠨᠤᠲᠠᠯᠠᠨ ᠲᠣᠭᠲᠠᠭᠠᠨ᠎ᠠ︔ ᠤᠳᠤ ᠶᠢᠨ ᠬᠡᠷᠡᠭᠵᠢᠭᠦᠯᠵᠦ ᠪᠠᠶᠢᠭ᠎ᠠ | ᠬᠤᠪᠢᠶᠠᠷᠢᠯᠠᠯ ᠨᠢ ᠵᠤᠬᠢᠰ ᠦᠭᠡᠢ ᠪᠣᠯᠪᠠᠴᠤ ᠥᠭᠡᠷᠡᠴᠢᠯᠡᠯᠲᠡ ᠬᠢᠬᠦ ᠨᠥᠬᠦᠴᠡᠯ ᠨᠢ ᠬᠠᠷᠢᠴᠠᠩᠭᠤᠢ ᠪᠠᠷ ᠪᠣᠯᠪᠠᠰᠤᠷᠠᠩᠭᠤᠶ ᠪᠣᠯᠤᠭᠰᠠᠨ ᠵᠦᠢᠯᠡᠰ ᠲᠤ ᠲᠤᠬᠢᠷᠠᠭᠤᠯᠤᠯᠳᠠ | ᠬᠢᠨ᠎ᠠ︔ ᠥᠭᠡᠷᠡᠴᠢᠯᠡᠯᠲᠡ ᠬᠢᠬᠦ ᠨᠥᠬᠦᠴᠡᠯ ᠢ ᠬᠠᠷᠠᠬᠠᠨ ᠪᠦᠷᠢᠯᠳᠦᠭᠦᠯᠦᠭᠡᠳᠦᠶ ᠵᠦᠢᠯᠡᠰ ᠲᠤ᠂ ᠥᠭᠡᠷᠡᠴᠢᠯᠡᠯᠲᠡ ᠶᠢᠨ ᠴᠢᠭᠯᠡᠯ ᠢ ᠲᠣᠳᠣᠷᠬᠠᠢ ᠲᠣᠭᠲᠠᠭᠠᠵᠤ᠂ | ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠶᠢᠨ ᠪᠠᠶᠢᠷᠢᠰᠢᠯ ᠢ ᠨᠢ ᠲᠦᠷ ᠴᠠᠭ ᠦᠷᠭᠦᠯᠵᠢᠯᠡᠭᠦᠯᠬᠦ ᠶᠢᠨ ᠬᠠᠮᠲᠤ᠂ ᠬᠠᠮᠢᠶ᠎ᠠ ᠪᠥᠬᠦᠶ ᠬᠦᠷᠢᠶᠡᠨ ᠳᠠᠬᠢ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠵᠡᠷᠭᠡ ᠶᠢᠨ ᠪᠠᠶᠢᠳᠠᠯ ᠢ ᠦᠨᠳᠦᠰᠦᠯᠡᠨ ᠴᠠᠭ ᠲᠤ ᠨᠢ ᠳᠣᠭᠢᠷᠠᠭᠤᠯᠤᠨ ᠲᠣᠬᠢᠷᠠᠭᠤᠯᠤᠯᠲᠠ ᠬᠢᠨ᠎ᠠ᠃ | ᠬᠤᠶᠠᠷ᠂ ᠭᠤᠤᠯ ᠠᠭᠤᠯᠭ᠎ᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠶ ᠱᠠᠭᠠᠷᠳᠠᠯᠭ᠎ᠠ ᠪᠠ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠣᠨᠴᠠᠯᠢᠭ ᠶᠣᠰᠣᠭᠠᠷ᠂ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠳᠣᠤᠷᠠᠬᠢ ᠨᠠᠢᠮᠠᠨ ᠵᠦᠢᠯ ᠤᠨ ᠠᠭᠤᠯᠭ᠎ᠠ ᠪᠣᠯᠭᠠᠨ | ᠬᠤᠪᠢᠶᠠᠨ᠎ᠠ᠃ | ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠨᠡᠭᠡᠭᠡᠯᠲᠡ᠃ ᠡᠳ᠋ ᠤᠨ ᠵᠠᠰᠠᠭ ᠤᠨ ᠪᠡᠯᠡ ᠮᠥᠩᠭᠦ ᠶᠢ ᠠᠰᠢᠭᠯᠠᠵᠤ ᠪᠠᠶᠢᠭᠤᠯᠤᠭᠠᠳ | ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠪᠠ ᠮᠡᠷᠭᠡᠵᠢᠯ ᠤᠨ ᠰᠤᠳᠤᠯᠭᠠᠨ ᠨᠡᠭᠡᠭᠡᠯᠲᠡ ᠵᠡᠷᠭᠡ ᠶᠢ ᠳᠡᠮᠵᠢᠬᠦ ᠳᠤ ᠬᠡᠷᠡᠭᠯᠡᠬᠦ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ | ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 1. ᠰᠠᠭᠤᠷᠢ ᠰᠤᠳᠤᠯᠭᠠᠨ᠃ | ︵1︶ ᠴᠢᠯᠥᠭᠡᠲᠡᠶ ᠬᠠᠶᠢᠨ ᠰᠦᠪᠡᠭᠴᠢᠯᠡᠬᠦ ᠲᠥᠷᠥᠯ ᠤᠨ ᠰᠠᠭᠤᠷᠢ ᠰᠤᠳᠤᠯᠭᠠᠨ ᠨᠢ ᠦᠯᠦ ᠮᠡᠳᠡᠬᠦ ᠰᠢᠨᠵᠢᠯᠡᠬᠦ ᠤᠬᠠᠭᠠᠨ ᠤ ᠠᠰᠠᠭᠤᠳᠠᠯ ᠢ ᠬᠠᠶᠢᠨ | ᠰᠦᠪᠡᠭᠴᠢᠯᠡᠬᠦ ᠳᠤ ᠠᠩᠬᠠᠷᠤᠯ ᠲᠦᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠭᠤᠣᠯ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠂ ᠡᠭᠦᠰᠦᠯᠲᠡ ᠠᠴᠠ ᠨᠢ ᠰᠢᠨ᠎ᠡ ᠶᠢ ᠡᠭᠦᠳᠬᠦ ᠶᠢ ᠳᠡᠮᠵᠢᠬᠦ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠤ | ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠭᠤᠷᠢ ᠰᠤᠳᠤᠯᠭᠠᠨ ᠪᠠ ᠰᠢᠨᠵᠢᠯᠡᠬᠦ ᠤᠬᠠᠭᠠᠨ ᠤ ᠬᠤᠰᠢᠭᠤᠷᠠᠬᠤ ᠰᠦᠪᠡᠭᠴᠢᠯᠡᠯᠲᠡ ᠶᠢ ᠴᠢᠩᠭᠠᠳᠬᠠᠨ᠎ᠠ᠃ | ᠰᠠᠭᠤᠷᠢ ᠰᠤᠳᠤᠯᠭᠠᠨ ᠤ ᠣᠷᠣᠨ ᠪᠦᠰᠡ ᠶᠢᠨ ᠪᠠᠶᠢᠷᠢᠯᠠᠭᠤᠯᠤᠯᠲᠠ ᠲᠠᠢ ᠤᠶᠠᠯᠳᠤᠭᠤᠯᠤᠨ ᠠᠶᠢᠮᠠᠭ ᠬᠤᠲᠠ ᠶᠢᠨ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠳᠤ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠶ | ᠲᠥᠯᠥᠪᠯᠡᠨ ᠳᠡᠮᠵᠢᠯᠭᠡ ᠦᠵᠡᠭᠦᠯᠦᠨ᠎ᠡ᠃ | ︵2︶ ᠬᠠᠷᠠᠯᠲᠠ ᠪᠠᠷ ᠤᠳᠤᠷᠢᠳᠤᠮᠵᠢ ᠪᠣᠯᠭᠠᠬᠤ ᠲᠥᠷᠥᠯ ᠤᠨ ᠰᠠᠭᠤᠷᠢ ᠰᠤᠳᠤᠯᠭᠠᠨ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ | ᠱᠠᠭᠠᠷᠳᠠᠯᠭ᠎ᠠ ᠯᠤᠭ᠎ᠠ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ | ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ | ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠰ ᠲᠣᠰ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠠ ᠪᠥᠬᠦ ᠣᠷᠣᠨ ᠤ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ | ᠰᠠᠭᠤᠷᠢ ᠰᠤᠳᠤᠯᠭᠠᠨ ᠤ ᠵᠦᠢᠯᠡᠰ ᠲᠤ ᠠᠩᠬᠠᠷᠤᠯ ᠲᠥᠪᠯᠡᠷᠡᠭᠦᠯᠦᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠠᠢ ᠲᠠᠢ ᠤᠶᠠᠯᠳᠤᠭᠤᠯᠵᠤ᠂ ᠬᠠᠮᠢᠶ᠎ᠠ | ᠪᠦᠬᠦᠢ ᠲᠥᠯᠥᠪᠵᠢᠭᠦᠯᠪᠡ ᠵᠡᠷᠭᠡ ᠶᠢ ᠦᠨᠳᠦᠰᠦᠯᠡᠨ ᠠᠶᠢᠮᠠᠭ ᠬᠤᠲᠠ ᠶᠢᠨ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠳᠤ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | 2. ᠬᠡᠷᠡᠭᠯᠡᠭᠡᠨ ᠤ ᠰᠤᠳᠤᠯᠭᠠᠨ ᠪᠠ ᠮᠡᠷᠭᠡᠵᠢᠯ ᠤᠨ ᠰᠤᠳᠤᠯᠭᠠᠨ ᠨᠡᠭᠡᠭᠡᠯᠳᠠ᠃ ᠬᠡᠷᠡᠭᠯᠡᠭᠡᠨ ᠤ ᠰᠤᠳᠤᠯᠭᠠᠨ ᠪᠠ ᠮᠡᠷᠭᠡᠵᠢᠯ ᠤᠨ ᠰᠤᠳᠤᠯᠭᠠᠨ ᠨᠡᠭᠡᠭᠡᠯᠲᠡ ᠨᠢ | ᠭᠤᠣᠯᠳᠠᠭᠤ ᠨᠡᠶᠢᠭᠡᠮ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠪᠣᠯᠬᠤᠷ᠂ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ᠂ ᠭᠤᠣᠯᠳᠠᠯᠭ᠎ᠠ ᠲᠠᠢ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠳᠡᠰ ᠳᠡᠪᠰᠢᠬᠦ ᠶᠢ ᠠᠬᠢᠭᠤᠯᠬᠤ᠂ ᠰᠢᠨ᠎ᠡ ᠪᠠᠷ ᠪᠤᠶ ᠪᠣᠯᠤᠭᠰᠠᠨ | ᠠᠵᠤ ᠦᠢᠯᠡᠰ ᠢ ᠪᠤᠶᠢᠵᠢᠭᠤᠯᠬᠤ ᠨᠡᠶᠢᠲᠡᠯᠢᠭ ᠴᠢᠨᠠᠷᠲᠠᠶ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠪᠠ ᠦᠢᠯᠡᠳᠬᠦᠨ ᠤ ᠰᠤᠳᠤᠯᠭᠠᠨ ᠨᠡᠭᠡᠭᠡᠯᠲᠡ ᠶᠢᠨ | ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠂ ᠭᠤᠤᠯᠳᠠᠭᠤ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡᠨ ᠤ | ᠰᠤᠳᠤᠯᠭᠠᠨ ᠬᠢᠭᠡᠳ ᠨᠡᠭᠡᠭᠡᠯᠲᠡ ᠶᠢᠨ ᠲᠤᠰᠬᠠᠶ ᠵᠦᠢᠯ ᠵᠡᠷᠭᠡ ᠪᠠᠷ ᠳᠠᠮᠵᠢᠭᠤᠯᠤᠨ ᠳᠡᠮᠵᠢᠯᠭᠡ ᠦᠵᠡᠭᠦᠯᠦᠨ᠎ᠡ︔ ᠠᠶᠢᠮᠠᠭ ᠬᠤᠲᠠ ᠶᠢᠨ ᠡᠳ᠋ ᠤᠨ ᠵᠠᠰᠠᠭ ᠨᠢ ᠬᠠᠮᠢᠶ᠎ᠠ | ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ | ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠠᠶᠢᠮᠠᠭ ᠬᠤᠲᠠ ᠶᠢᠨ ᠬᠠᠮᠢᠶ᠎ᠠ ᠪᠦᠬᠦᠢ ᠲᠥᠯᠥᠪᠵᠢᠭᠦᠯᠪᠡ ᠵᠡᠷᠭᠡ ᠶᠢ ᠦᠨᠳᠦᠰᠦᠯᠡᠨ ᠪᠡᠶ᠎ᠡ ᠪᠠᠨ | ᠳᠠᠭᠠᠭᠠᠵᠤ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠶ ᠵᠦᠢᠯ᠂ ᠰᠠᠭᠤᠷᠢ ᠮᠥᠩᠭᠦ ᠵᠡᠷᠭᠡ︶ ᠳᠤ᠂ ᠠᠶᠢᠮᠠᠭ ᠬᠤᠲᠠ ᠶᠢᠨ | ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠬᠥᠭᠵᠢᠯᠲᠡ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠥᠭᠬᠦ ᠨᠥᠬᠦᠪᠥᠷᠢ ᠶᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠪᠥᠬᠦ ᠣᠷᠣᠨ ᠤ ᠬᠠᠷᠠᠯᠲᠠ ᠶᠢ ᠪᠡᠶᠡᠯᠡᠭᠦᠯᠬᠦ ᠬᠡᠷᠡᠭᠴᠡᠭᠡ ᠱᠠᠭᠠᠷᠳᠠᠯᠭ᠎ᠠ ᠵᠢᠴᠢ ᠠᠵᠤ ᠦᠢᠯᠡᠰ ᠤᠨ | ᠰᠢᠨ᠎ᠡ ᠶᠢ ᠡᠭᠦᠳᠬᠦ ᠬᠥᠭᠵᠢᠯᠲᠡ ᠶᠢᠨ ᠬᠡᠷᠡᠭᠴᠡᠭᠡᠨ ᠤ ᠲᠣᠭᠤᠷᠢᠨ ᠳᠤ ᠪᠥᠲᠥᠭᠡᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠳᠤ᠂ ᠡᠳ᠋ ᠤᠨ ᠵᠠᠰᠠᠭ ᠤᠨ ᠡᠭᠦᠷᠭᠡᠯᠡᠬᠦ ᠪᠠᠯᠠ ᠮᠥᠩᠭᠦ ᠶᠢ | ᠪᠣᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠨᠢ ᠲᠣᠰ | ᠭᠠᠵᠠᠷ ᠣᠷᠣᠨ ᠤ ᠬᠠᠮᠢᠶ᠎ᠠ ᠪᠦᠬᠦᠢ ᠲᠥᠯᠥᠪᠵᠢᠭᠦᠯᠪᠡ ᠵᠡᠷᠭᠡ ᠶᠢ ᠦᠨᠳᠦᠰᠦᠯᠡᠨ ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠲᠤ᠂ ᠡᠳ᠋ ᠤᠨ ᠵᠠᠰᠠᠭ ᠤᠨ ᠡᠭᠦᠷᠭᠡᠯᠡᠬᠦ ᠪᠡᠯᠡ ᠮᠥᠩᠭᠦ ᠶᠢ ᠪᠣᠯ ᠠᠶᠢᠮᠠᠭ ᠬᠤᠲᠠ ᠶᠢᠨ ᠡᠳ᠋ ᠤᠨ ᠵᠠᠰᠠᠭ ᠨᠢ | ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ | ᠳᠠᠮᠵᠢᠭᠤᠯᠤᠨ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃ | ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠲᠣᠭᠤᠷᠢᠨ ᠳᠤ᠂ ᠬᠠᠮᠢᠶ᠎ᠠ ᠪᠦᠬᠦᠢ ᠲᠥᠯᠥᠪᠵᠢᠭᠦᠯᠪᠡ ᠵᠡᠷᠭᠡ ᠶᠢ ᠦᠨᠳᠦᠰᠦᠯᠡᠨ | ᠨᠢᠭᠡᠳᠦᠯᠲᠡᠶ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠲᠤᠰᠬᠠᠶ ᠵᠦᠢᠯ ᠢ ᠥᠪᠡᠷᠲᠡᠭᠡᠨ ᠵᠠᠰᠠᠬᠤ | ᠣᠷᠣᠨ ᠪᠤᠶᠤ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ | ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠵᠦ ᠳᠡᠮᠵᠢᠬᠦ ᠵᠡᠷᠭᠡ ᠴᠢᠳᠠᠪᠤᠷᠢᠲᠠᠨ ᠳᠤ ᠬᠤᠯᠪᠣᠭᠳᠠᠭᠰᠠᠨ ᠲᠤᠰᠬᠠᠶ ᠵᠦᠢᠯ ᠢ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠶᠢᠨ ᠬᠠᠮᠢᠶ᠎ᠠ ᠪᠦᠬᠦᠢ ᠲᠥᠯᠥᠪᠵᠢᠭᠦᠯᠪᠡ ᠵᠡᠷᠭᠡ ᠪᠠᠷ ᠪᠡᠶ᠎ᠡ ᠪᠠᠨ | ᠳᠠᠭᠠᠭᠠᠵᠤ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠦᠵᠢᠭᠦᠯᠬᠦ ᠵᠡᠷᠭᠡ ᠴᠢᠳᠠᠪᠤᠷᠢᠲᠠᠨ ᠳᠤ | ᠬᠤᠯᠪᠣᠭᠳᠠᠭᠰᠠᠨ ᠲᠤᠰᠬᠠᠶ ᠵᠦᠢᠯ ᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠠᠶᠢᠮᠠᠭ | ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ ᠤᠯᠠᠷᠢᠭᠤᠯᠬᠤ᠃ ᠲᠦᠭᠰᠢᠭᠦᠷᠢ ᠶᠢᠨ ᠲᠦᠯᠦᠪᠦᠷᠢ᠂ | ᠬᠤᠶᠢᠨᠠᠬᠢ ᠨᠥᠬᠦᠪᠥᠷᠢ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠵᠡᠷᠭᠡ ᠡᠳ᠋ ᠤᠨ ᠵᠠᠰᠠᠭ ᠤᠨ ᠣᠷᠣᠭᠤᠯᠤᠯᠲᠠ ᠶᠢᠨ ᠠᠷᠭ᠎ᠠ | ᠮᠠᠶ᠋ᠢᠭ ᠢᠶᠠᠷ ᠳᠠᠮᠵᠢᠭᠤᠯᠵᠤ ᠳᠡᠮᠵᠢᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ ᠤᠯᠠᠷᠢᠭᠤᠯᠬᠤ ᠶᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠤ ᠭᠤᠤᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠲᠤᠰᠬᠠᠶ ᠵᠦᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠰᠠᠭᠤᠷᠢ ᠮᠥᠩᠭᠦᠨ ᠤ | ᠬᠥᠲᠥᠯᠥᠨ ᠵᠢᠯᠣᠭᠤᠳᠬᠤ ᠪᠠ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠲᠣᠭᠲᠠᠴᠠ ᠶᠢ ᠬᠡᠷᠡᠭᠯᠡᠵᠦ᠂ ᠨᠡᠶᠢᠭᠡᠮ ᠤᠨ | ᠬᠥᠷᠥᠩᠭᠡ ᠶᠢᠨ ᠣᠷᠣᠭᠤᠯᠤᠯᠲᠠ ᠶᠢ ᠲᠠᠲᠠᠵᠤ᠂ ᠪᠥᠬᠦ ᠣᠷᠣᠨ ᠤ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠤᠯᠳᠠᠯᠭ᠎ᠠ ᠲᠠᠢ ᠠᠵᠤ ᠦᠢᠯᠡᠰ ᠯᠦᠭᠡ ᠬᠤᠯᠪᠣᠭ᠎ᠠ ᠲᠠᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠪᠠ ᠬᠥᠷᠥᠩᠭᠡᠵᠢᠭᠦᠯᠬᠦ᠂ ᠠᠵᠤ ᠦᠢᠯᠡᠰᠵᠢᠬᠦᠯᠬᠦ ᠶᠢ ᠠᠬᠢᠭᠤᠯᠬᠤ ᠳᠤ | ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠶᠢᠨ ᠡᠳ᠋ ᠤᠨ | ᠵᠠᠰᠠᠭ ᠨᠢ ᠲᠤᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠪᠡᠶ᠎ᠠ ᠪᠠᠨ ᠳᠠᠭᠠᠭᠠᠬᠤ ᠠᠷᠭ᠎ᠠ ᠪᠠᠷ ᠨᠡᠶᠢᠭᠡᠮ ᠤᠨ ᠬᠥᠷᠥᠩᠭᠡ ᠶᠢ ᠬᠥᠲᠥᠯᠥᠨ | ᠵᠢᠯᠣᠭᠤᠳᠴᠤ ᠪᠠᠶᠢᠭᠠᠳ ᠣᠷᠣᠭᠤᠯᠤᠯᠲᠠ ᠶᠢ ᠨᠢ ᠨᠡᠮᠡᠭᠳᠡᠭᠦᠯᠵᠦ᠂ ᠲᠤᠰ ᠣᠷᠣᠨ ᠪᠦᠰᠡ ᠶᠢᠨ ᠭᠤᠤᠯᠳᠠᠯᠭ᠎ᠠ ᠲᠠᠢ ᠠᠵᠤ ᠦᠢᠯᠡᠰ ᠵᠡᠷᠭᠡ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠳᠡᠮᠵᠢᠭᠰᠡᠨ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠶ | ᠲᠥᠯᠥᠪᠯᠡᠨ ᠳᠡᠮᠵᠢᠯᠭᠡ ᠦᠵᠡᠭᠦᠯᠦᠨ᠎ᠡ᠃ | ︵ᠲᠠᠪᠤ︶ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠃ ᠣᠷᠣᠨ ᠪᠦᠰᠡ ᠶᠢᠨ ᠰᠢᠨ᠎ᠡ ᠶᠢ ᠡᠭᠦᠳᠬᠦ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠡᠭᠦᠷᠭᠡᠯᠡᠬᠦ ᠡᠳ᠋ ᠤᠨ ᠵᠠᠰᠠᠭ ᠤᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠠᠶᠢᠷᠢᠯᠠᠭᠤᠯᠵᠤ ᠬᠡᠷᠡᠭᠵᠢᠭᠦᠯᠦᠭᠰᠡᠨ ᠣᠷᠣᠨ ᠪᠦᠰᠡ ᠶᠢᠨ ᠴᠢᠬᠤᠯᠠ | ᠶᠡᠭᠡ ᠬᠠᠮᠲᠤᠷᠠᠯᠴᠠᠭ᠎ᠠ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ | ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ | ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ︔ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠣᠷᠣᠨ᠂ ᠤᠯᠤᠰ ᠤᠨ | ᠦᠷᠭᠦᠯᠵᠢᠯᠡᠨ ᠭᠦᠭᠵᠢᠬᠦᠯᠬᠦ ᠶᠢᠨ ᠵᠥᠪᠯᠡᠬᠦ ᠳᠠᠷᠠᠭᠠᠯᠠᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠣᠷᠣᠨ᠂ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠵᠡᠷᠭᠡ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ | ᠡᠭᠦᠷᠭᠡᠯᠡᠬᠦ ᠡᠳ᠋ ᠤᠨ ᠵᠠᠰᠠᠭ ᠤᠨ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠭᠤᠣᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠬᠤᠯᠪᠣᠭᠳᠠᠯ ᠪᠥᠬᠦᠶ ᠲᠥᠯᠥᠪᠵᠢᠭᠦᠯᠭᠡ᠂ ᠰᠠᠨᠠᠯ ᠵᠡᠷᠭᠡ ᠶᠢ ᠦᠨᠳᠦᠰᠦᠯᠡᠨ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠰᠢᠯᠵᠢᠭᠦᠯᠦᠨ | ᠥᠭᠬᠦ ᠪᠠᠷ ᠳᠠᠮᠵᠢᠭᠤᠯᠤᠨ ᠨᠢᠭᠡᠳᠦᠯᠲᠡᠢ ᠲᠥᠯᠥᠪᠯᠡᠨ ᠳᠡᠮᠵᠢᠯᠭᠡ ᠦᠵᠡᠭᠦᠯᠦᠨ᠎ᠡ︔ ᠠᠶᠢᠮᠠᠭ ᠬᠤᠲᠠ ᠨᠢ ᠲᠤᠰ ᠭᠠᠵᠠᠷ ᠣᠷᠣᠨ ᠤ ᠬᠠᠮᠢᠶ᠎ᠠ ᠪᠦᠬᠦᠢ ᠲᠥᠯᠥᠪᠵᠢᠭᠦᠯᠭᠡ | ᠵᠡᠷᠭᠡ ᠶᠢ ᠦᠨᠳᠦᠰᠦᠯᠡᠨ ᠪᠡᠶ᠎ᠡ ᠪᠠᠨ ᠳᠠᠭᠠᠭᠠᠵᠤ ᠥᠷᠨᠢᠭᠦᠯᠦᠭᠰᠡᠨ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠳᠤ | ᠡᠭᠦᠷᠭᠡᠯᠡᠬᠦ ᠡᠳ᠋ ᠤᠨ ᠵᠠᠰᠠᠭ ᠤᠨ ᠪᠡᠯᠡ ᠮᠥᠩᠭᠦ ᠶᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠵᠢᠷᠭᠤᠭ᠎ᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢ ᠲᠦᠭᠡᠮᠡᠯᠵᠢᠭᠦᠯᠬᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠮᠡᠳᠡᠯᠭᠡ ᠪᠣᠯᠪᠠᠰᠤᠷᠠᠯ ᠢ ᠳᠡᠭᠡᠭᠰᠢᠯᠡᠭᠦᠯᠬᠦ ᠵᠡᠷᠭᠡ ᠠᠵᠢᠯ ᠥᠷᠨᠢᠭᠦᠯᠬᠦ ᠪᠠᠲᠤᠯᠠᠭ᠎ᠠ ᠶᠢ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ | ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠ ᠠᠶᠢᠮᠠᠭ ᠬᠤᠲᠠ ᠶᠢᠨ ᠡᠳ᠋ ᠤᠨ ᠵᠠᠰᠠᠭ ᠨᠢ ᠠᠳᠠᠯᠢ ᠪᠤᠰᠤ ᠪᠠᠶᠢᠳᠠᠯ ᠢᠶᠠᠷ ᠵᠣᠬᠢᠬᠤ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ | ᠲᠥᠭᠡᠮᠡᠯᠵᠢᠭᠦᠯᠬᠦ ᠠᠵᠢᠯ ᠥᠷᠨᠢᠭᠦᠯᠬᠦ ᠪᠠᠲᠤᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ | ᠬᠠᠷᠢᠭᠤᠴᠠᠯᠭ᠎ᠠ ᠶᠢ ᠡᠭᠦᠷᠭᠡᠯᠡᠨ᠎ᠡ︔ ᠠᠶᠢᠮᠠᠭ ᠬᠤᠲᠠ ᠶᠢᠨ ᠳᠡᠰ ᠳᠠᠪᠬᠤᠷᠭ᠎ᠠ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠥᠷᠨᠢᠭᠦᠯᠬᠦ ᠪᠠᠲᠤᠯᠠᠭ᠎ᠠ ᠳᠤ | ᠠᠶᠢᠮᠠᠭ ᠬᠤᠲᠠ ᠶᠢᠨ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ | ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠨᠢᠭᠡᠳᠦᠯᠲᠡᠢ ᠲᠥᠯᠥᠪᠯᠡᠨ ᠳᠡᠮᠵᠢᠯᠭᠡ ᠦᠵᠡᠭᠦᠯᠦᠨ᠎ᠡ᠃ | ︵ᠳᠣᠯᠤᠭ᠎ᠠ︶ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ᠃ ᠡᠳ᠋ ᠤᠨ | ᠵᠠᠰᠠᠭ ᠤᠨ ᠴᠢᠨᠠᠷᠲᠠᠶ ᠪᠡᠯᠡ ᠮᠥᠩᠭᠦ ᠶᠢ ᠠᠰᠢᠭᠯᠠᠵᠤ ᠪᠠᠶᠢᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ | ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠨᠥᠬᠦᠪᠥᠷᠢ ᠶᠢ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠪᠤᠶᠤ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠲᠣᠰ ᠲᠣᠰ ᠨᠤᠲᠠᠯᠠᠵᠤ ᠲᠣᠭᠲᠠᠭᠠᠭᠰᠠᠨ ᠪᠠᠶᠢᠪᠠᠯ᠂ ᠠᠳᠠᠯᠢ ᠱᠠᠲᠤᠨ ᠤ ᠡᠳ᠋ ᠤᠨ | ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ | ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠨᠢ ᠠᠶᠢᠮᠠᠭ | ᠬᠤᠲᠠ ᠶᠢᠨ ᠨᠠᠶᠢᠳᠠᠭᠰᠠᠨ ᠲᠤᠬᠠᠶᠢᠯᠠᠭᠰᠠᠨ ᠠᠵᠢᠯ ᠢ ᠡᠭᠦᠷᠭᠡᠯᠡᠵᠦ ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠣᠬᠢᠰᠲᠠᠶ ᠨᠥᠬᠦᠪᠥᠷᠢ ᠣᠯᠭᠤᠨ᠎ᠠ︔ | ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ | ᠲᠠᠯ᠎ᠠ ᠪᠠᠷ ᠬᠢ ᠨᠥᠬᠦᠪᠥᠷᠢ ᠶᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠨ ᠨᠤᠲᠠᠯᠠᠵᠤ ᠲᠣᠭᠲᠠᠭᠠᠭᠰᠠᠨ ᠪᠠᠶᠢᠪᠠᠯ᠂ ᠠᠶᠢᠮᠠᠭ | ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠨᠠᠢᠮᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠵᠢᠭᠰᠠᠭᠠᠭᠰᠠᠨ ᠦᠭᠡᠢ ᠪᠤᠰᠤᠳ ᠵᠦᠢᠯ᠃ ᠤᠯᠠᠨ ᠤᠯᠤᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭᠠᠨ ᠳᠤ ᠣᠷᠤᠯᠴᠠᠬᠤ ᠬᠤᠯᠪᠣᠭᠳᠠᠯ ᠪᠥᠬᠦᠢ ᠵᠦᠢᠯᠡᠰ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠭᠠᠳᠠᠭᠠᠳᠤ ᠬᠠᠷᠢᠯᠴᠠᠭ᠎ᠠ ᠭᠠᠳᠠᠭᠠᠳᠤ ᠶᠠᠪᠤᠳᠠᠯ ᠤᠨ ᠬᠦᠷᠢᠶᠡᠨ ᠤ ᠥᠭᠡᠷᠡᠴᠢᠯᠡᠯᠲᠡ ᠶᠢᠨ ᠲᠥᠰᠦᠯ ᠤᠨ | ᠶᠣᠰᠣᠭᠠᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠵᠦᠢᠯᠡᠰ ᠲᠤ ᠬᠡᠷᠡᠭᠯᠡᠨ᠎ᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠬᠢᠭᠡᠳ ᠦᠢᠯᠡᠴᠢᠯᠡᠭᠡ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠪᠠ ᠨᠡᠶᠢᠭᠡᠮ ᠤᠨ ᠪᠤᠰᠤᠳ | ᠬᠦᠴᠦᠨ ᠤ ᠪᠠᠶᠢᠭᠤᠯᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠣᠳᠣ ᠶᠢᠨ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ ᠪᠠᠶᠢᠭᠤᠯᠤᠯ ᠪᠠ | ᠵᠠᠷᠤᠳᠠᠯ ᠤᠨ ᠠᠷᠭ᠎ᠠ ᠵᠠᠮ ᠢᠶᠠᠷ ᠪᠠᠲᠤᠯᠠᠬᠤ ᠪᠤᠶᠤ ᠳᠡᠮᠵᠢᠨ᠎ᠡ᠃ ᠵᠢᠭᠰᠠᠭᠠᠭᠰᠠᠨ ᠥᠬᠡᠶ ᠪᠤᠰᠤᠳ ᠵᠦᠢᠯᠡᠰ ᠲᠤ᠂ ᠥᠭᠡᠷᠡᠴᠢᠯᠡᠯᠲᠡ ᠶᠢᠨ ᠶᠡᠷᠦᠩᠬᠡᠶ ᠱᠠᠭᠠᠷᠳᠠᠯᠭ᠎ᠠ ᠪᠠ | ᠵᠦᠢᠯᠡᠰ ᠤᠨ ᠣᠨᠴᠠᠯᠢᠭ ᠶᠣᠰᠣᠭᠠᠷ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶ ᠲᠣᠭᠲᠠᠭᠠᠨ᠎ᠠ᠃ | ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠨ ᠳᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ | ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠣᠨᠣᠯ ᠪᠠ ᠪᠣᠳᠠᠲᠤ ᠠᠰᠠᠭᠤᠳᠠᠯ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ | ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠬᠤᠯᠠ ᠶᠡᠭᠡ ᠰᠠᠭᠤᠷᠢ ᠣᠨᠣᠯ ᠤᠨ ᠠᠰᠠᠭᠤᠳᠠᠯ ᠤᠨ ᠲᠣᠭᠤᠷᠢᠨ ᠳᠤ ᠥᠷᠨᠢᠭᠦᠯᠦᠭᠰᠡᠨ ᠰᠤᠳᠤᠯᠭᠠᠨ ᠵᠢᠴᠢ ᠥᠪᠡᠷᠲᠡᠭᠡᠨ | ᠵᠠᠰᠠᠬᠤ ᠣᠷᠣᠨ ᠤ ᠳᠡᠭᠡᠳᠦ ᠲᠠᠰ ᠤᠨ ᠣᠶᠤᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠵᠦᠢᠯᠡᠰ ᠲᠤ᠂ ᠥᠪᠡᠷᠲᠡᠭᠡᠨ ᠵᠠᠰᠠᠬᠤ ᠣᠷᠣᠨ ᠤ | ᠲᠣᠰ ᠱᠠᠲᠤᠨ ᠤ ᠡᠳ᠋ ᠤᠨ ᠵᠠᠰᠠᠭ ᠨᠢ ᠭᠤᠤᠯ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠰᠤᠳᠤᠯᠭᠠᠨ ᠤ | ᠡᠭᠦᠷᠭᠡ ᠶᠢᠨ ᠪᠠᠶᠢᠷᠢᠯᠠᠭᠤᠯᠤᠯᠲᠠ ᠪᠠ ᠣᠷᠣᠨ ᠨᠤᠲᠤᠭ ᠤᠨ ᠪᠣᠳᠠᠲᠠᠢ ᠪᠠᠨ ᠦᠨᠳᠦᠰᠦᠯᠡᠨ ᠢᠳᠡᠪᠬᠢᠲᠡᠶ ᠳᠡᠮᠵᠢᠯᠭᠡ ᠦᠵᠡᠭᠦᠯᠦᠨ᠎ᠡ︔ ᠠᠶᠢᠮᠠᠭ ᠬᠤᠲᠠ ᠨᠢ ᠲᠣᠰ | ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠬᠠᠮᠢᠶ᠎ᠠ ᠪᠦᠬᠦᠢ ᠲᠥᠯᠥᠪᠵᠢᠭᠦᠯᠪᠡ ᠵᠡᠷᠭᠡ ᠶᠢ ᠦᠨᠳᠦᠰᠦᠯᠡᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠲᠠᠯ᠎ᠠ ᠶᠢᠨ ᠲᠤᠰᠬᠠᠶ ᠵᠦᠢᠯ ︵ᠰᠠᠭᠤᠷᠢ ᠮᠥᠩᠭᠦ ᠵᠡᠷᠭᠡ︶ ᠢ ᠪᠡᠶ᠎ᠡ ᠪᠠᠨ ᠳᠠᠭᠠᠭᠠᠵᠤ ᠪᠠᠶᠢᠭᠤᠯᠤᠭᠰᠠᠨ ᠪᠣᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ | ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ | ᠭᠤᠷᠪᠠ᠂ ᠲᠦᠭᠦᠷ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠶᠠᠪᠤᠳᠠᠯ ᠪᠣᠯ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ᠂ ᠣᠲᠣ ᠦᠶ᠎ᠡ ᠶᠢᠨ | ᠡᠳ᠋ ᠤᠨ ᠵᠠᠰᠠᠭ ᠤᠨ ᠲᠦᠷᠢᠮ ᠢ ᠲᠦᠷᠭᠡᠳᠬᠡᠨ ᠪᠠᠶᠢᠭᠤᠯᠬᠤ ᠶᠢᠨ ᠴᠢᠬᠤᠯᠠ ᠠᠭᠤᠯᠭ᠎ᠠ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ︽ᠳᠥᠷᠪᠡᠨ ᠦᠵᠡᠯ ᠤᠬᠠᠮᠰᠠᠷ︾ ᠢ ᠪᠠᠲᠤ ᠪᠠᠬᠢ ᠪᠤᠢ ᠪᠣᠯᠭᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠦᠨ᠂ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠡᠭᠦᠷᠭᠡ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠵᠦ᠂ ᠨᠢᠭᠲᠠ ᠵᠣᠬᠢᠴᠠᠭᠤᠯᠵᠤ ᠬᠠᠮᠵᠢᠯᠴᠠᠨ᠂ ᠥᠭᠡᠷᠡᠴᠢᠯᠡᠯᠲᠡ ᠶᠢᠨ ᠠᠵᠢᠯ ᠤᠨ ᠡᠮᠬᠢ ᠵᠢᠷᠤᠮ ᠲᠠᠢ ᠠᠬᠢᠬᠤ ᠶᠢ ᠦᠨᠡᠨ ᠬᠦ ᠪᠠᠲᠤᠯᠠᠬᠤ | ᠬᠡᠷᠡᠭᠲᠡᠢ᠃ | ︵ᠬᠤᠶᠠᠷ︶ ᠡᠯ᠎ᠡ ᠱᠠᠲᠤᠨ ᠤ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠵᠠᠷᠤᠯᠭ᠎ᠠ ᠶᠢᠨ ᠭᠤᠤᠯᠳᠠᠯᠭ᠎ᠠ ᠲᠠᠢ ᠬᠦᠷᠢᠶ᠎ᠡ ᠪᠣᠯᠭᠠᠬᠤ ᠶᠢ ᠢᠮᠠᠭᠲᠠ ᠪᠠᠷᠢᠮᠲᠠᠯᠠᠨ᠂ ᠲᠤᠰ | ᠲᠥᠰᠦᠯ ᠳᠤ ᠲᠣᠭᠲᠠᠭᠠᠭᠰᠠᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠲᠥᠰᠦᠪ ᠤᠨ ᠲᠤᠬᠢᠷᠠᠭᠤᠯᠤᠯᠳᠠ ᠶᠢ | ᠰᠠᠶᠢᠲᠤᠷ ᠬᠢᠵᠦ᠂ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠲᠤ ᠣᠷᠣᠭᠤᠯᠤᠯᠲᠠ ᠬᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ | ᠪᠦᠬᠦ ᠨᠡᠶᠢᠭᠡᠮ ᠤᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠰᠤᠳᠤᠯᠤᠨ ᠨᠡᠭᠡᠭᠡᠬᠦ ᠲᠠᠯ᠎ᠠ ᠪᠠᠷ ᠬᠢ ᠣᠷᠣᠭᠤᠯᠤᠯᠲᠠ ᠶᠢ ᠨᠢ ᠨᠡᠮᠡᠭᠳᠡᠭᠦᠯᠦᠨ᠂ ᠰᠠᠭᠤᠷᠢ ᠰᠤᠳᠤᠯᠭᠠᠨ | ᠵᠡᠷᠭᠡ ᠣᠯᠠᠨ ᠨᠡᠶᠢᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢ ᠳᠡᠮᠵᠢᠬᠦ ᠡᠷᠴᠢᠮ ᠢ ᠨᠢ ᠴᠢᠩᠭᠠᠷᠠᠭᠤᠯᠵᠦ᠂ ᠲᠣᠭᠲᠠᠭᠤᠨ ᠢᠶᠠᠷ ᠳᠡᠮᠵᠢᠬᠦ ᠪᠠ | ᠥᠷᠢᠰᠥᠯᠳᠦᠭᠡᠨ ᠤ ᠴᠢᠨᠠᠷᠲᠠᠶ ᠳᠡᠮᠵᠢᠬᠦ ᠶᠢ ᠵᠣᠬᠢᠴᠠᠭᠤᠯᠤᠭᠰᠠᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ᠂ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠬᠥᠮᠦᠵᠢᠭᠦᠯᠬᠦ ᠪᠠ ᠰᠠᠭᠤᠷᠢᠨ ᠭᠠᠵᠠᠷ ᠪᠥᠲᠥᠭᠡᠨ ᠪᠠᠶᠢᠭᠤᠯᠬᠤ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ | ᠬᠡᠷᠡᠭᠲᠡᠢ᠃ | ︵ᠭᠤᠷᠪᠠ︶ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠣᠨᠴᠠᠯᠢᠭ ᠲᠠᠢ ᠨᠢᠭᠲᠠ | ᠤᠶᠠᠯᠳᠤᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ | ᠲᠦᠷᠭᠡᠪᠴᠢᠯᠡᠨ ᠪᠠᠶᠢᠭᠤᠯᠵᠦ ᠪᠦᠷᠢᠨᠰᠢᠭᠦᠯᠦᠨ᠂ ᠠᠮᠵᠢᠯᠲᠠ ᠪᠦᠲᠦᠮᠵᠢ ᠶᠢᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠡᠳ᠋ ᠤᠨ | ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠪᠡᠯᠡ ᠮᠥᠩᠭᠦ ᠲᠣᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ ᠢ ᠬᠦᠴᠦᠯᠡᠨ | ᠳᠡᠭᠡᠭᠰᠢᠯᠡᠭᠦᠯᠬᠦ ᠬᠡᠷᠡᠭᠲᠡᠢ᠃ ︽ᠬᠡᠨ ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠵᠤ | ᠬᠠᠷᠢᠭᠤᠴᠠᠯᠭ᠎ᠠ ᠬᠡᠯᠡᠯᠴᠡᠬᠦ ᠪᠠ ᠠᠵᠢᠯ ᠤᠨ ᠰᠢᠯᠭᠠᠨ ᠬᠢᠨᠠᠬᠤ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠲᠥᠰᠦᠪ ᠤᠨ | ᠬᠠᠮᠢᠶᠠᠷᠤᠯᠲᠠ ᠶᠢᠨ ᠬᠢᠷᠢ ᠲᠦᠪᠰᠢᠨ ᠪᠠ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ︵ᠳᠥᠷᠪᠡ︶ ᠬᠠᠮᠢᠶ᠎ᠠ ᠪᠥᠬᠦᠶ ᠥᠭᠡᠷᠡᠴᠢᠯᠡᠯᠲᠡ ᠶᠢ ᠬᠠᠮᠵᠢᠯᠴᠠᠨ ᠭᠦᠨᠵᠡᠭᠡᠶᠢᠷᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠯᠦᠪᠯᠡᠬᠡᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠪᠠᠶᠢᠭᠠᠳ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠮ᠎ᠡ ᠶᠣᠰᠣᠨ ᠳᠤ ᠨᠠᠩ ᠢᠯᠡᠭᠦᠤ ᠨᠡᠶᠢᠴᠡᠭᠦᠯᠦᠭᠰᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ | ᠪᠠᠶᠠᠯᠢᠭ ᠢ ᠨᠠᠩ ᠥᠨᠳᠥᠷ ᠦᠷ᠎ᠡ ᠪᠦᠲᠦᠮᠵᠢᠲᠡᠶ ᠪᠠᠷ ᠲᠣᠬᠢᠷᠠᠭᠤᠯᠤᠭᠰᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ ᠠᠬᠤᠶ ᠨᠡᠶᠢᠭᠡᠮ ᠤᠨ ᠨᠢᠭᠲᠠ | ᠤᠶᠠᠯᠳᠤᠯ ᠢ ᠨᠠᠩ ᠴᠢᠩᠭᠠᠳᠬᠠᠭᠰᠠᠨ ᠪᠠᠶᠢᠬᠤ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠵᠠᠷᠤᠳᠠᠯ ᠢ ᠬᠥᠮᠦᠨ ᠤ ᠪᠦᠲᠦᠭᠡᠯᠴᠢ ᠴᠢᠨᠠᠷᠲᠠᠶ ᠠᠵᠢᠯᠯᠠᠭ᠎ᠠ ᠳᠤ ᠨᠠᠩ ᠰᠠᠶᠢᠨ ᠦᠢᠯᠡᠴᠢᠯᠡᠭᠦᠯᠬᠦ ᠬᠡᠷᠡᠭᠲᠡᠢ᠃ ᠰᠢᠨᠵᠢᠯᠡᠬᠦ | ᠤᠬᠠᠭᠠᠨ ᠤ ᠰᠤᠳᠤᠯᠭᠠᠨ ᠤ ᠠᠵᠢᠯᠲᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ ᠪᠠᠷ | ᠬᠡᠷᠡᠭᠯᠡᠬᠦ ᠡᠷᠬᠡ ᠣᠯᠭᠤᠬᠤ ᠶᠢ ᠰᠦᠪᠡᠭᠴᠢᠯᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠢᠳᠡᠪᠬᠢᠵᠢᠯ ᠪᠠ ᠪᠦᠲᠦᠭᠡᠯᠴᠢ ᠴᠢᠨᠠᠷ ᠢ ᠳᠠᠶᠢᠴᠢᠯᠠᠬᠤ | ᠬᠡᠷᠡᠭᠲᠡᠶ᠃ | ︵ᠲᠠᠪᠤ︶ ᠳᠦᠷᠢᠮ ᠤᠳ ᠢ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠲᠤᠰ ᠲᠥᠰᠦᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠲᠠᠯ᠎ᠠ ᠪᠠᠷ ᠰᠢᠰᠲ᠋ᠧᠮ ᠲᠠᠢ ᠪᠠᠷ ᠳᠢᠭᠯᠡᠵᠦ ᠡᠮᠬᠢᠯᠡᠭᠰᠡᠨ ᠰᠠᠭᠤᠷᠢᠨ | ᠳᠡᠭᠡᠷ᠎ᠡ᠂ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠢ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠦᠨᠳᠦᠰᠦᠨ | ᠵᠢᠷᠤᠮᠵᠢᠯ ᠢᠶᠠᠨ ᠢᠯᠡᠷᠡᠭᠦᠯᠬᠦ ᠶᠢ ᠨᠢ ᠠᠬᠢᠭᠤᠯᠵᠤ᠂ ᠬᠠᠤᠯᠢᠵᠢᠭᠰᠠᠨ ᠪᠠ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠲᠣᠰ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | | | ᠰᠤᠷᠭᠠᠨ ᠬᠥᠮᠦᠵᠢᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ | | | ︽ᠰᠤᠷᠭᠠᠨ ᠬᠥᠮᠦᠵᠢᠯ ᠤᠨ ᠬᠦᠷᠢᠶᠡᠨ ᠳᠠᠬᠢ ᠲᠥᠪ ᠬᠢᠭᠡᠳ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹ 2019 ︺ 27 ᠳ᠋ᠤᠭᠠᠷ ᠲᠣᠭᠠᠲᠤ︶᠂ ︽ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ | ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹ 2018 ︺ 46 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠡᠳᠦᠭᠡ ᠰᠤᠷᠭᠠᠨ ᠬᠥᠮᠦᠵᠢᠯ ᠤᠨ ᠬᠦᠷᠢᠶᠡᠨ ᠳᠠᠬᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠳᠤ ᠳᠣᠤᠷᠠᠬᠢ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠤᠭᠰᠠᠨ︾ ᠶᠡᠷᠦᠩᠬᠡᠶ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠵᠦ ᠠᠬᠢᠭᠤᠯᠤᠨ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ | ᠵᠣᠬᠢᠴᠠᠭᠤᠯᠤᠨ ᠠᠬᠢᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠂ ᠲᠣᠭᠲᠠᠭᠤᠨ ᠪᠠᠶᠢᠯᠭᠠᠬᠤ ᠶᠢᠨ ᠳᠠᠭᠠᠤ ᠳᠤ | ᠤᠷᠤᠭᠰᠢᠯᠠᠭᠤᠯᠬᠤ ᠠᠵᠢᠯ ᠤᠨ ᠶᠡᠷᠦᠩᠬᠡᠶ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠨ᠂ ᠴᠢᠨᠠᠷ ᠰᠠᠶᠢᠲᠠᠶ | ᠬᠥᠭᠵᠢᠯᠲᠡ ᠶᠢ ᠪᠠᠷᠢᠮᠲᠠᠯᠠᠨ ᠠᠬᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠨ᠂ ᠰᠤᠷᠭᠠᠨ | ᠬᠥᠮᠦᠵᠢᠯ ᠤᠨ ᠲᠤᠬᠠᠢ ᠨᠠᠮ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠦᠢᠯᠡᠰ ᠢ ᠲᠡᠷᠢᠭᠦᠨ ᠪᠠᠶᠢᠷᠢᠨ ᠳᠤ ᠲᠠᠯᠪᠢᠨ᠂ | ᠣᠷᠣᠨ ᠤ ᠦᠨᠳᠦᠰᠦᠨ ᠪᠠᠶᠢᠳᠠᠯ ᠠᠴᠠ ᠭᠠᠷᠳᠠᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠣᠨᠴᠠᠯᠢᠭ ᠢ ᠦᠨᠳᠦᠰᠦᠯᠡᠨ᠂ | ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ᠲᠥᠪ ᠠᠴᠠ ᠤᠳᠤᠷᠢᠳᠤᠭᠰᠠᠨ᠂ ᠵᠣᠬᠢᠰᠲᠠᠶ ᠡᠷᠬᠡ ᠣᠯᠭᠤᠭᠰᠠᠨ᠂ ᠰᠢᠰᠲ᠋ᠧᠮ ᠨᠢ ᠪᠦᠷᠢᠨ ᠲᠡᠭᠦᠯᠳᠡᠷ᠂ | ᠰᠢᠨᠵᠢᠯᠡᠬᠦ ᠤᠬᠠᠭᠠᠨᠴᠢ ᠪᠥᠭᠡᠳ ᠵᠢᠷᠤᠮᠵᠢᠭᠰᠠᠨ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ ᠠᠵᠢᠯᠯᠠᠭᠠᠨ ᠨᠢ ᠥᠨᠳᠥᠷ ᠦᠷ᠎ᠡ ᠪᠦᠲᠦᠮᠵᠢᠲᠡᠢ ᠪᠠᠶᠢᠬᠤ ᠰᠤᠷᠭᠠᠨ | ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠵᠠᠭᠪᠤᠷ ᠢ ᠱᠠᠯᠠᠪᠳᠠᠨ ᠪᠤᠢ | ᠪᠣᠯᠭᠠᠵᠤ᠂ ᠡᠷᠬᠡ ᠪᠠ ᠬᠠᠷᠢᠭᠤᠴᠠᠯᠭ᠎ᠠ ᠨᠢ ᠲᠣᠳᠣᠷᠬᠠᠶ᠂ ᠡᠳ᠋ ᠤᠨ ᠬᠦᠴᠦᠨ ᠨᠢ ᠵᠣᠬᠢᠴᠠᠩᠭᠤᠶ᠂ ᠣᠷᠣᠨ ᠪᠦᠰᠡ ᠨᠢ ᠲᠡᠩᠴᠡᠭᠦᠷᠢᠲᠡᠶ ᠥᠪᠡᠷᠲᠡᠭᠡᠨ ᠵᠠᠰᠠᠬᠤ ᠣᠷᠣᠨ | ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ ᠲᠦᠷᠬᠡᠬᠡᠨ ᠪᠠᠶᠢᠭᠤᠯᠤᠨ᠎ᠠ᠃ | ᠬᠤᠶᠠᠷ᠂ ᠦᠨᠳᠦᠰᠦᠨ ᠵᠠᠷᠴᠢᠮ | — ᠨᠢᠭᠡᠳᠦᠯᠲᠡᠶ ᠤᠳᠤᠷᠢᠳᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠠᠵᠢᠯ | ᠶᠠᠪᠤᠳᠠᠯ ᠤᠨ ᠡᠷᠬᠡ ᠶᠢ ᠨᠤᠲᠠᠯᠠᠨ ᠲᠣᠭᠲᠠᠭᠠᠬᠤ ᠪᠠ ᠬᠤᠪᠢᠶᠠᠷᠢᠯᠠᠬᠤ ᠲᠠᠯ᠎ᠠ ᠪᠠᠷ ᠬᠢ ᠲᠥᠪ ᠬᠤᠷᠢᠶᠠᠨ ᠤ ᠰᠢᠢᠳᠪᠦᠷᠢᠯᠡᠬᠦ ᠡᠷᠬᠡ ᠶᠢ ᠲᠣᠳᠣᠷᠬᠠᠢ ᠲᠣᠭᠲᠠᠭᠠᠭᠰᠠᠨ | ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠲᠣᠭᠲᠠᠭᠠᠯ ᠶᠣᠰᠣᠭᠠᠷ ᠭᠦᠢᠴᠡᠳᠬᠡᠬᠦ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ | ᠵᠠᠰᠠᠭ ᠤᠨ ᠣᠷᠳᠣᠨ ᠤ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠣᠷᠣᠨ ᠪᠦᠰᠡ ᠳᠠᠬᠢ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠎ᠠ᠃ | — ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ ᠶᠢ ᠪᠠᠷᠢᠮᠲᠠᠯᠠᠵᠤ᠂ ᠡᠷᠬᠡ ᠪᠠ ᠬᠠᠷᠢᠭᠤᠴᠠᠯᠭ᠎ᠠ ᠶᠢ ᠲᠣᠳᠣᠷᠬᠠᠢ ᠢᠯᠭᠠᠨ ᠬᠤᠪᠢᠶᠠᠷᠢᠯᠠᠨ᠎ᠠ᠃ ᠵᠠᠰᠠᠭ ᠤᠨ | ᠣᠷᠳᠣᠨ ᠬᠢᠭᠡᠳ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠵᠥᠪ ᠢᠶᠠᠷ ᠰᠶᠢᠳᠪᠦᠷᠢᠯᠡᠵᠦ᠂ ᠰᠤᠷᠭᠠᠨ ᠬᠥᠮᠦᠵᠢᠯ ᠤᠨ ᠬᠦᠷᠢᠶᠡᠨ ᠳᠤ ᠵᠠᠰᠠᠭ ᠤᠨ ᠣᠷᠳᠣᠨ ᠠᠴᠠ ᠣᠯᠠᠨ | ᠨᠡᠶᠢᠲᠡ ᠶᠢᠨ ᠦᠢᠯᠡᠴᠢᠯᠡᠭᠡ ᠬᠠᠩᠭᠠᠬᠤ ᠬᠡᠪᠴᠢᠶ᠎ᠡ ᠪᠠ ᠠᠷᠭ᠎ᠠ ᠮᠠᠶ᠋ᠢᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ | ᠬᠥᠮᠦᠵᠢᠯ ᠤᠨ ᠬᠦᠷᠢᠶᠡᠨ ᠳᠠᠬᠢ ᠬᠠᠮᠢᠶ᠎ᠠ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠨ᠎ᠠ᠃ ᠬᠡᠰᠡᠭ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠦᠷᠢᠶᠡᠨ ᠳᠠᠬᠢ ᠬᠠᠮᠲᠤ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠠᠰᠢᠭ ᠬᠦᠷᠲᠡᠬᠦ ᠬᠡᠪᠴᠢᠶ᠎ᠡ᠂ ᠨᠥᠯᠥᠭᠡᠯᠡᠬᠦ ᠬᠡᠮᠵᠢᠶ᠎ᠡ ᠵᠡᠷᠭᠡ ᠶᠢ ᠨᠢ ᠦᠨᠳᠦᠰᠦᠯᠡᠨ᠂ ᠪᠣᠳᠠᠲᠠᠶ | ᠵᠦᠢᠯᠡᠰ ᠢᠶᠠᠷ ᠨᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠵᠠᠭᠠᠭ ᠱᠤᠭᠤᠮ ᠢ ᠨᠢ ᠲᠣᠳᠣᠷᠬᠠᠶ ᠪᠥᠭᠡᠳ ᠵᠢᠷᠤᠮᠵᠢᠯ ᠲᠠᠢ ᠪᠣᠯᠭᠠᠨ᠎ᠠ᠃ | — ᠭᠤᠤᠯᠳᠠᠯᠭ᠎ᠠ ᠶᠢ ᠨᠢ ᠳᠣᠪᠤᠶᠢᠯᠭᠠᠬᠤ ᠶᠢ ᠪᠠᠷᠢᠮᠲᠠᠯᠠᠵᠤ᠂ ᠪᠠᠲᠤᠯᠠᠭ᠎ᠠ ᠶᠢᠨ ᠬᠢᠵᠠᠭᠠᠷ ᠱᠤᠭᠤᠮ ᠢ ᠪᠠᠲᠤ ᠰᠠᠬᠢᠨ᠎ᠠ᠃ ᠬᠢᠵᠠᠭᠠᠷ ᠱᠤᠭᠤᠮ ᠢ ᠪᠠᠲᠤ | ᠰᠠᠬᠢᠬᠤ᠂ ᠭᠤᠤᠯᠳᠠᠯᠭ᠎ᠠ ᠶᠢ ᠳᠣᠪᠤᠶᠢᠯᠭᠠᠬᠤ᠂ ᠳᠦᠷᠢᠮ ᠢ ᠲᠡᠭᠦᠯᠳᠡᠷᠵᠢᠭᠦᠯᠬᠦ᠂ ᠵᠢᠱᠢᠯᠲᠡ ᠶᠢ ᠬᠥᠲᠥᠯᠥᠨ ᠵᠢᠯᠣᠭᠤᠳᠬᠤ ᠱᠠᠭᠠᠷᠳᠠᠯᠭ᠎ᠠ ᠶᠣᠰᠣᠭᠠᠷ᠂ ᠠᠯᠪᠠᠨ | ᠵᠢᠷᠤᠮ ᠤᠨ ᠰᠤᠷᠭᠠᠨ ᠬᠥᠮᠦᠵᠢᠯ᠂ ᠰᠤᠷᠤᠭᠴᠢᠳ ᠢ ᠵᠣᠭᠤᠰ ᠢᠶᠠᠷ ᠲᠤᠰᠠᠯᠠᠬᠤ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠭᠤᠤᠯᠳᠠᠯᠭ᠎ᠠ ᠪᠣᠯᠭᠠᠨ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠲᠣᠬᠢᠷᠠᠮᠵᠢᠲᠠᠢ ᠴᠢᠩᠭᠠᠳᠬᠠᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠤ ᠱᠠᠲᠤ ᠬᠤᠪᠢᠶᠠᠨ ᠬᠠᠷᠢᠭᠤᠴᠠᠬᠤ ᠲᠣᠭᠲᠠᠴᠠ ᠶᠢ ᠴᠢᠩᠭᠠᠷᠠᠭᠤᠯᠤᠨ᠂ ᠤᠯᠤᠰ ᠤᠨ ᠰᠠᠭᠤᠷᠢ ᠪᠠᠷᠢᠮᠵᠢᠶ᠎ᠠ ︵ᠰᠠᠭᠤᠷᠢ | ᠪᠠᠷᠢᠮᠵᠢᠶᠠᠨ ᠤ ᠲᠣᠭᠲᠠᠮᠠᠯ ᠨᠣᠷᠮ᠎ᠠ ᠵᠡᠷᠭᠡ ᠪᠠᠭᠲᠠᠨ᠎ᠠ᠂ ᠳᠣᠷᠣᠭᠰᠢ ᠠᠳᠠᠯᠢ︶ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠣᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠷᠭᠡᠳᠬᠡᠨ ᠠᠬᠢᠭᠤᠯᠤᠨ᠎ᠠ᠃ | — ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠯᠠᠪᠳᠠᠭᠤᠨ ᠠᠬᠢᠭᠤᠯᠤᠨ᠎ᠠ᠃ᠣᠳᠣ ᠶᠢᠨ ᠬᠡᠷᠡᠭᠵᠢᠭᠦᠯᠵᠦ ᠪᠠᠶᠢᠭ᠎ᠠ | ᠰᠤᠷᠭᠠᠨ ᠬᠥᠮᠦᠵᠢᠯ ᠤᠨ ᠲᠠᠯ᠎ᠠ ᠪᠠᠷ ᠬᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠶᠡᠷᠦᠩᠬᠡᠶ ᠳᠤ ᠪᠠᠨ ᠲᠣᠭᠲᠠᠭᠤᠨ ᠪᠠᠶᠢᠯᠭᠠᠬᠤ ᠶᠢ | ᠪᠠᠲᠤᠯᠠᠭᠰᠠᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠯᠦᠭᠡ ᠵᠣᠬᠢᠴᠠᠭᠤᠯᠬᠤ ᠶᠢ ᠴᠢᠩᠭᠠᠳᠬᠠᠵᠤ᠂ ᠣᠳᠣᠬᠠᠨ ᠤ | ᠪᠠ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠨ᠂ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠥᠭᠡᠷᠡᠴᠢᠯᠡᠯᠲᠡ ᠶᠢᠨ ᠴᠠᠭ ᠲᠣᠬᠢᠶᠠᠯ᠂ ᠠᠬᠢᠴᠠ ᠪᠠ | ᠡᠷᠴᠢᠮ ᠢ ᠵᠣᠬᠢᠰᠲᠠᠶ ᠡᠵᠡᠮᠰᠢᠨ᠎ᠡ᠃ ᠣᠲᠣ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠨᠢ ᠨᠡᠯᠢᠶᠡᠳ ᠰᠢᠨᠵᠢᠯᠡᠬᠦ ᠤᠬᠠᠭᠠᠨᠴᠢ ᠪᠥᠭᠡᠳ ᠵᠣᠬᠢᠰᠲᠠᠢ᠂ | ᠪᠦᠲᠦᠮᠵᠢᠲᠡᠢ ᠶᠠᠪᠤᠭᠳᠠᠵᠤ ᠪᠠᠶᠢᠭ᠎ᠠ ᠵᠦᠢᠯᠡᠰ ᠢ ᠨᠤᠲᠠᠯᠠᠨ ᠲᠣᠭᠲᠠᠭᠠᠨ᠎ᠠ︔ ᠤᠳᠤ ᠶᠢᠨ ᠬᠡᠷᠡᠭᠵᠢᠭᠦᠯᠵᠦ ᠪᠠᠶᠢᠭ᠎ᠠ ᠬᠤᠪᠢᠶᠠᠷᠢᠯᠠᠯᠲᠠ ᠨᠢ ᠵᠦᠢ ᠵᠤᠬᠢᠰ ᠦᠭᠡᠢ ᠪᠣᠯᠪᠠᠴᠤ | ᠥᠭᠡᠷᠡᠴᠢᠯᠡᠯᠲᠡ ᠬᠢᠬᠦ ᠨᠥᠬᠦᠴᠡᠯ ᠨᠢ ᠬᠠᠷᠢᠴᠠᠩᠭᠤᠢ ᠪᠠᠷ ᠪᠣᠯᠪᠠᠰᠤᠷᠠᠩᠭᠤᠶ ᠪᠣᠯᠤᠭᠰᠠᠨ ᠵᠦᠢᠯᠡᠰ ᠲᠤ ᠲᠤᠬᠢᠷᠠᠭᠤᠯᠤᠯᠳᠠ ᠬᠢᠨ᠎ᠠ︔ ᠥᠭᠡᠷᠡᠴᠢᠯᠡᠯᠲᠡ ᠬᠢᠬᠦ ᠨᠥᠬᠦᠴᠡᠯ | ᠨᠢ ᠬᠠᠷᠠᠬᠠᠨ ᠪᠦᠷᠢᠯᠳᠦᠭᠡᠳᠦᠶ ᠵᠦᠢᠯᠡᠰ ᠲᠤ᠂ ᠥᠭᠡᠷᠡᠴᠢᠯᠡᠯᠲᠡ ᠶᠢᠨ ᠴᠢᠭᠯᠡᠯ ᠢ ᠨᠢ ᠲᠣᠳᠣᠷᠬᠠᠢ ᠲᠣᠭᠲᠠᠭᠠᠨ᠂ ᠤᠳᠤ ᠶᠢᠨ ᠬᠡᠷᠡᠭᠵᠢᠭᠦᠯᠵᠦ ᠪᠠᠶᠢᠭ᠎ᠠ | ᠬᠤᠪᠢᠶᠠᠷᠢᠯᠠᠯᠲᠠ ᠶᠢᠨ ᠪᠠᠶᠢᠷᠢᠰᠢᠯ ᠢ ᠨᠢ ᠲᠦᠷ ᠦᠷᠭᠦᠯᠵᠢᠯᠡᠭᠦᠯᠵᠦ᠂ ᠴᠠᠭ ᠲᠤ ᠨᠢ ᠲᠣᠬᠢᠷᠠᠭᠤᠯᠵᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠦᠨ᠎ᠡ᠃ | ᠭᠤᠷᠪᠠ᠂ ᠭᠤᠤᠯ ᠠᠭᠤᠯᠭ᠎ᠠ | ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠠ ᠰᠤᠷᠭᠠᠨ ᠬᠥᠮᠦᠵᠢᠯ ᠤᠨ ᠠᠵᠢᠯ ᠤᠨ ᠣᠨᠴᠠᠯᠢᠭ ᠶᠣᠰᠣᠭᠠᠷ᠂ ᠰᠤᠷᠭᠠᠨ ᠬᠥᠮᠦᠵᠢᠯ ᠤᠨ ᠬᠦᠷᠢᠶᠡᠨ ᠳᠠᠬᠢ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠤᠭᠴᠢᠳ ᠢ ᠵᠣᠭᠤᠰ ᠢᠶᠠᠷ | ᠲᠤᠰᠠᠯᠠᠬᠤ᠂ ᠪᠤᠰᠤᠳ ᠰᠤᠷᠭᠠᠨ ᠬᠥᠮᠦᠵᠢᠯ ︵ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠪᠠᠭᠲᠠᠨ᠎ᠠ︶ ᠭᠤᠷᠪᠠᠨ ᠲᠠᠯ᠎ᠠ ᠪᠠᠷ ᠬᠤᠪᠢᠶᠠᠨ᠎ᠠ᠃ | | ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ᠃ | ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠶᠡᠷᠦᠩᠬᠡᠶ ᠳᠤ ᠪᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠶᠢᠨ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠᠶᠢᠵᠤ᠂ ᠪᠣᠳᠠᠲᠠᠢ ᠵᠦᠢᠯᠡᠰ ᠢᠶᠠᠷ ᠨᠠᠷᠢᠯᠢᠭᠵᠢᠭᠤᠯᠤᠨ᠎ᠠ᠂ ᠡᠭᠦᠨ ᠳᠤ᠂ ᠰᠤᠷᠭᠠᠭᠤᠯᠢ ᠶᠢᠨ ᠡᠳᠦᠷ ᠲᠤᠲᠤᠮ ᠤᠨ ᠠᠵᠢᠯᠯᠠᠭᠠᠨ᠂ | ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠠᠮᠤᠷ ᠲᠦᠪᠰᠢᠨ᠂ ᠰᠤᠷᠤᠭᠴᠢᠳ ᠤᠨ ᠰᠤᠷᠤᠯᠭ᠎ᠠ ᠠᠮᠢᠳᠤᠷᠠᠯ ᠵᠡᠷᠭᠡ ᠪᠠᠶᠢᠩᠭᠤ ᠶᠢᠨ ᠴᠢᠨᠠᠷᠲᠠᠶ ᠵᠦᠢᠯᠡᠰ ᠲᠤ | ᠬᠤᠯᠪᠣᠭᠳᠠᠵᠤ ᠪᠠᠶᠢᠬᠤ ᠪᠣᠯᠬᠤᠷ᠂ ᠬᠡᠷᠡᠭᠰᠡᠬᠦ ᠵᠠᠷᠤᠳᠠᠯ ᠢ ᠨᠢ ᠶᠡᠷᠦ ᠶᠢᠨ ᠪᠠᠶᠢᠳᠠᠯ ᠳᠤ ᠤᠯᠤᠰ ᠤᠨ ᠰᠠᠭᠤᠷᠢ ᠪᠠᠷᠢᠮᠵᠢᠶ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠳᠡᠰ ᠬᠤᠪᠢᠶᠠᠨ ᠡᠭᠦᠷᠭᠡᠯᠡᠬᠦ ᠬᠠᠷᠢᠴᠠᠯ ᠢ ᠲᠣᠳᠣᠷᠬᠠᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠡᠭᠦᠷᠭᠡᠯᠡᠬᠦ ᠬᠡᠰᠡᠭ ᠢ ᠨᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢ ᠰᠢᠯᠵᠢᠭᠦᠯᠦᠨ ᠥᠭᠬᠦ ᠪᠠᠷ ᠳᠠᠮᠵᠢᠭᠤᠯᠤᠨ | ᠲᠣᠬᠢᠷᠠᠭᠤᠯᠤᠨ᠎ᠠ᠃ ᠱᠠᠲᠤ ᠦᠶᠡᠴᠢ ᠴᠢᠨᠠᠷᠲᠠᠶ ᠡᠭᠦᠷᠭᠡ ᠪᠠ ᠲᠤᠰᠬᠠᠶ ᠵᠦᠢᠯ ᠤᠨ ᠴᠢᠨᠠᠷᠲᠠᠶ ᠠᠵᠢᠯ ᠳᠤ ᠬᠤᠯᠪᠣᠭᠳᠠᠬᠤ ᠵᠦᠢᠯᠡᠰ ᠤᠨ ᠬᠡᠷᠡᠭᠰᠡᠬᠦ ᠵᠠᠷᠤᠳᠠᠯ ᠢ ᠣᠷᠣᠨ | ᠨᠤᠲᠤᠭ ᠤᠨ ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ | ᠳᠠᠮᠵᠢᠭᠤᠯᠤᠨ ᠨᠢᠭᠡᠳᠦᠯᠲᠡᠶ ᠲᠥᠯᠥᠪᠯᠡᠨ ᠳᠠᠮᠵᠢᠨ᠎ᠠ᠃ | ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠨᠢ ᠳᠡᠰ ᠬᠤᠪᠢᠶᠠᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠂ ᠡᠭᠦᠨ ᠳᠤ᠂ | ᠨᠢᠭᠡᠳᠦᠭᠡᠷ ᠳᠡᠰ ᠲᠤ ᠬᠥᠬᠡᠬᠤᠲᠠ᠂ ᠣᠷᠳᠣᠰ ᠬᠤᠲᠠ᠂ ᠦᠬᠠᠶ ᠬᠤᠲᠠ᠂ ᠮᠠᠨᠵᠤᠤᠷ ᠬᠤᠲᠠ᠂ ᠡᠷᠢᠶᠡᠨ ᠬᠤᠲᠠ 5 ᠬᠤᠲᠠ ᠶᠢ ᠪᠠᠭᠲᠠᠭᠠᠨ᠂ ᠥᠪᠡᠷᠲᠡᠭᠡᠨ ᠵᠠᠰᠠᠬᠤ | ᠣᠷᠣᠨ 30% ᠶᠢ ᠬᠤᠪᠢᠳᠠᠨ ᠡᠭᠦᠷᠭᠡᠯᠡᠵᠦ᠂ ᠡᠯ᠎ᠡ ᠬᠤᠲᠠ 70% ᠶᠢ ᠬᠤᠪᠢᠳᠠᠨ ᠡᠭᠦᠷᠭᠡᠯᠡᠨ᠎ᠡ︔ ᠬᠤᠶᠠᠳᠤᠭᠠᠷ ᠳᠡᠰ ᠲᠤ ᠪᠤᠭᠤᠲᠤ ᠬᠤᠲᠠ᠂ ᠬᠥᠯᠥᠨ ᠪᠤᠶᠢᠷ | ᠬᠤᠲᠠ᠂ ᠰᠢᠯᠢ ᠶᠢᠨ ᠭᠤᠤᠯ ᠠᠶᠢᠮᠠᠭ᠂ ᠠᠯᠠᠱᠠ ᠠᠶᠢᠮᠠᠭ 4 ᠠᠶᠢᠮᠠᠭ ᠬᠤᠲᠠ ᠶᠢ ᠪᠠᠭᠲᠠᠭᠠᠨ᠂ ᠥᠪᠡᠷᠲᠡᠭᠡᠨ ᠵᠠᠰᠠᠬᠤ ᠣᠷᠣᠨ 50% ᠶᠢ ᠬᠤᠪᠢᠳᠠᠨ ᠡᠭᠦᠷᠭᠡᠯᠡᠵᠦ᠂ | ᠡᠯ᠎ᠡ ᠠᠶᠢᠮᠠᠭ ᠬᠤᠲᠠ 50% ᠶᠢ ᠬᠤᠪᠢᠳᠠᠨ ᠡᠭᠦᠷᠭᠡᠯᠡᠨ᠎ᠡ︔ ᠭᠤᠷᠪᠠᠳᠤᠭᠠᠷ ᠳᠡᠰ ᠲᠤ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ | ᠤᠯᠠᠭᠠᠨᠴᠠᠪ ᠬᠤᠲᠠ᠂ ᠪᠠᠶᠠᠨᠨᠠᠭᠤᠷ ᠬᠤᠲᠠ 5 ᠠᠶᠢᠮᠠᠭ ᠬᠤᠲᠠ ᠶᠢ ᠪᠠᠭᠲᠠᠭᠠᠨ᠂ ᠥᠪᠡᠷᠲᠡᠭᠡᠨ ᠵᠠᠰᠠᠬᠤ ᠣᠷᠣᠨ 70% ᠶᠢ ᠬᠤᠪᠢᠳᠠᠨ ᠡᠭᠦᠷᠭᠡᠯᠡᠵᠦ᠂ ᠡᠯ᠎ᠡ ᠠᠶᠢᠮᠠᠭ | ᠬᠤᠲᠠ 30% ᠶᠢ ᠬᠤᠪᠢᠳᠠᠨ ᠡᠭᠦᠷᠭᠡᠯᠡᠨ᠎ᠡ᠃ | 1. ᠠᠯᠪᠠᠨ ᠬᠡᠷᠡᠭᠯᠡᠭᠡᠨ ᠤ ᠵᠠᠷᠤᠳᠠᠯ ᠤᠨ ᠪᠠᠲᠤᠯᠠᠭ᠎ᠠ᠃ ᠤᠯᠤᠰ ᠤᠨ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ | ᠪᠠᠷᠢᠮᠵᠢᠶ᠎ᠠ ᠶᠢ ᠬᠡᠷᠡᠭᠵᠢᠭᠦᠯᠵᠦ᠂ ᠡᠨᠡ ᠬᠦ ᠰᠠᠭᠤᠷᠢᠨ ᠳᠡᠭᠡᠷ᠎ᠡ ᠦᠨᠳᠦᠰᠦᠲᠡᠨ ᠤ ᠰᠤᠷᠭᠠᠭᠤᠯᠢ ᠵᠡᠷᠭᠡ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠬᠢᠷᠢ ᠲᠦᠪᠰᠢᠨ ᠢ | ᠲᠣᠭᠲᠠᠭᠠᠯ ᠶᠣᠰᠣᠭᠠᠷ ᠳᠡᠭᠡᠭᠰᠢᠯᠡᠭᠦᠯᠦᠨ᠎ᠡ᠃ ᠤᠯᠤᠰ ᠤᠨ ᠰᠠᠭᠤᠷᠢ ᠪᠠᠷᠢᠮᠵᠢᠶᠠᠨ ᠳᠠᠬᠢ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 8᠄ 2 ᠢᠶᠠᠷ | ᠬᠤᠪᠢᠳᠠᠨ ᠡᠭᠦᠷᠭᠡᠯᠡᠨ᠎ᠡ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠢᠭᠡᠨᠲᠡ ᠨᠡᠶᠢᠲᠡᠯᠡᠭᠰᠡᠨ | ᠠᠯᠪᠠᠨ ᠬᠡᠷᠡᠭᠯᠡᠭᠡᠨ ᠤ ᠵᠠᠷᠤᠳᠠᠯ ᠢ ᠪᠠᠲᠤᠯᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ | 2. ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠠᠮᠢᠳᠤᠷᠠᠯ ᠤᠨ ᠨᠥᠬᠦᠪᠥᠷᠢ᠃ ᠤᠯᠤᠰ ᠤᠨ ᠲᠣᠭᠲᠠᠭᠠᠭᠰᠠᠨ ᠬᠡᠰᠡᠭ ᠲᠤ | ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 5᠄ 5 ᠪᠠᠷ ᠬᠤᠪᠢᠳᠠᠨ | ᠡᠭᠦᠷᠭᠡᠯᠡᠨ᠎ᠡ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 50% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠭᠡᠷ ᠪᠦᠯᠢ ᠶᠢᠨ ᠠᠵᠤ | ᠠᠬᠤᠶ ᠨᠢ ᠬᠦᠴᠢᠷᠳᠡᠯᠲᠡᠶ ᠰᠤᠷᠤᠭᠴᠢᠳ ᠤᠨ ᠠᠮᠢᠳᠤᠷᠠᠯ ᠤᠨ ᠨᠦᠭᠦᠪᠦᠷᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ | ᠡᠭᠦᠷᠭᠡᠯᠡᠨ᠎ᠡ᠃ ᠬᠥᠮᠦᠨ ᠠᠮᠠ ᠪᠠᠷ ᠨᠡᠯᠢᠶᠡᠳ ᠴᠥᠭᠡᠨ ᠪᠠᠶᠢᠭ᠎ᠠ ᠦᠨᠳᠦᠰᠦᠲᠡᠨ ᠤ ᠪᠠᠶᠢᠷᠢ ᠳᠤ ᠰᠠᠭᠤᠭ᠎ᠠ ᠰᠤᠷᠤᠭᠴᠢᠳ ᠲᠤ ᠨᠡᠮᠡᠵᠦ ᠲᠣᠬᠢᠷᠠᠭᠤᠯᠤᠭᠰᠠᠨ | ᠠᠮᠢᠳᠤᠷᠠᠯ ᠤᠨ ᠨᠥᠬᠦᠪᠥᠷᠢ ᠶᠢ ᠴᠥᠮ ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭ᠎ᠠ ᠰᠤᠷᠤᠭᠴᠢᠳ ᠤᠨ | ᠠᠮᠢᠳᠤᠷᠠᠯ ᠤᠨ ᠨᠥᠬᠦᠪᠥᠷᠢ ᠶᠢ ᠴᠦᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠶᠢᠷᠢ ᠳᠤ ᠰᠠᠭᠤᠬᠤ ᠵᠠᠷᠤᠳᠠᠯ ᠤᠨ ᠨᠥᠬᠦᠪᠦᠷᠢ ᠳᠤ ᠬᠡᠷᠡᠭᠰᠡᠬᠦ ᠵᠠᠷᠤᠳᠠᠯ ᠢ ᠴᠦᠮ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ | ᠨᠢ | ᠡᠭᠦᠷᠭᠡᠯᠡᠨ᠎ᠡ᠃ | 3. ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ᠃ ᠮᠠᠯᠵᠢᠬᠤ ᠲᠠᠷᠢᠶᠠᠯᠠᠬᠤ ᠣᠷᠣᠨ ᠤ ᠠᠯᠪᠠᠨ ᠠᠴᠠ ᠡᠷᠬᠢᠯᠡᠭᠰᠡᠨ | ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠨᠢᠭᠡᠴᠢ ᠲᠠᠯᠠᠪᠠᠢ ᠶᠢᠨ ᠨᠥᠬᠦᠪᠥᠷᠢ ᠶᠢ ᠲᠥᠰᠦᠭᠡᠯᠡᠨ ᠪᠣᠳᠣᠬᠤ ᠪᠠᠷᠢᠮᠵᠢᠶ᠎ᠠ ᠶᠢ ᠪᠣᠯ ᠤᠯᠤᠰ ᠠᠴᠠ ᠨᠢᠭᠡᠳᠦᠯᠲᠡᠶ | ᠲᠣᠭᠲᠠᠭᠠᠵᠤ᠂ ᠬᠡᠷᠡᠭᠰᠡᠬᠦ ᠵᠠᠷᠤᠳᠠᠯ ᠢ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ 8᠄ 2 ᠢᠶᠠᠷ ᠬᠤᠪᠢᠳᠠᠨ ᠡᠭᠦᠷᠭᠡᠯᠡᠨ᠎ᠡ | ᠃ ᠡᠯ᠎ᠡ ᠠᠶᠢᠮᠠᠭ ᠬᠤᠲᠠ ᠨᠢ ᠬᠤᠲᠠ ᠶᠢᠨ ᠠᠯᠪᠠᠨ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ | ᠠᠮᠤᠷ ᠲᠦᠪᠰᠢᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠡᠭᠦᠷᠭᠡᠯᠡᠨ᠎ᠡ᠃ | 4. ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠤᠷᠤᠭᠴᠢᠳ ᠤᠨ ᠰᠢᠮ᠎ᠡ ᠲᠡᠵᠢᠭᠡᠯᠲᠦ ᠢᠳᠡᠭᠡᠨ ᠤᠮᠳᠠᠭᠠᠨ ᠤ ᠨᠥᠬᠦᠪᠥᠷᠢ᠃ ᠲᠥᠪ ᠠᠴᠠ ᠲᠣᠭᠲᠠᠭᠠᠭᠰᠠᠨ | ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠤᠯᠤᠰ ᠤᠨ ᠲᠤᠷᠰᠢᠯᠲᠠ ᠶᠢᠨ ᠴᠡᠭ ︵ᠮᠠᠨ ᠤ ᠣᠷᠣᠨ ᠳᠠᠬᠢ ᠲᠥᠪᠯᠡᠷᠡᠨ ᠵᠠᠯᠭᠠᠯᠳᠤᠭᠰᠠᠨ ᠣᠨᠴᠠ | ᠬᠦᠴᠢᠷᠳᠡᠯᠲᠡᠶ 8 ᠬᠤᠰᠢᠭᠤ ᠰᠢᠶᠠᠨ ᠪᠣᠯᠤᠨ᠎ᠠ︶ ᠤᠨ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ | ᠲᠤᠷᠰᠢᠯᠲᠠ ᠶᠢᠨ ᠴᠡᠭ ︵ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ 8 ᠬᠤᠰᠢᠭᠤ ᠰᠢᠶᠠᠨ ᠠᠴᠠ ᠭᠠᠳᠠᠨᠠᠬᠢ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ | 23 ᠬᠤᠰᠢᠭᠤ ᠰᠢᠶᠠᠨ ᠪᠣᠯᠣᠨ᠎ᠠ︶ ᠤᠨ ᠬᠡᠷᠡᠭᠰᠡᠬᠦ ᠵᠠᠷᠤᠳᠠᠯ ᠳᠤ᠂ ᠲᠥᠪ ᠠᠴᠠ ᠨᠥᠬᠦᠪᠦᠷᠢᠯᠡᠭᠰᠡᠨ ᠤ ᠳᠠᠷᠠᠭ᠎ᠠ᠂ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ | ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ | 5. ᠪᠠᠶᠢᠩᠭᠤ ᠶᠢᠨ ᠴᠢᠨᠠᠷᠲᠠᠶ ᠪᠤᠰᠤᠳ ᠵᠦᠢᠯᠡᠰ᠃ ᠤᠯᠤᠰ ᠠᠴᠠ ᠲᠣᠭᠲᠠᠭᠠᠭᠰᠠᠨ ᠬᠢᠴᠢᠶᠡᠯ ᠤᠨ ᠪᠢᠴᠢᠭ ᠢ ᠦᠨ᠎ᠡ ᠲᠥᠯᠥᠪᠦᠷᠢ ᠦᠭᠡᠢ ᠪᠠᠷ ᠬᠠᠩᠭᠠᠬᠤ ᠪᠠ | ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠢᠨ᠎ᠡ ᠰᠤᠷᠤᠭᠴᠢᠳ ᠲᠤ ᠵᠢᠩᠬᠢᠨᠢ ᠬᠡᠪᠯᠡᠯ ᠤᠨ ᠰᠤᠷᠤᠭᠴᠢ ᠶᠢᠨ ᠲᠣᠯᠢ ᠪᠢᠴᠢᠭ ᠢ ᠬᠠᠩᠭᠠᠬᠤ ᠳᠤ ᠬᠡᠷᠡᠭᠰᠡᠬᠦ ᠵᠠᠷᠤᠳᠠᠯ ᠢ | ᠲᠥᠪ ᠤᠨ ᠡᠳ᠋ ᠤᠨ ᠵᠠᠰᠠᠭ ᠠᠴᠠ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠢᠴᠢᠶᠡᠯ ᠤᠨ ᠪᠢᠴᠢᠭ ᠢ ᠦᠨ᠎ᠡ ᠲᠥᠯᠥᠪᠦᠷᠢ ᠦᠭᠡᠢ ᠪᠠᠷ | ᠬᠠᠩᠭᠠᠬᠤ ᠪᠠ ᠮᠣᠩᠭᠤᠯ ᠬᠡᠯᠡ ᠪᠠᠷ ᠬᠢᠴᠢᠶᠡᠯᠯᠡᠬᠦ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠤ ᠰᠤᠷᠤᠭᠴᠢᠳ ᠲᠤ ᠵᠢᠩᠬᠢᠨᠢ ᠬᠡᠪᠯᠡᠯ ᠤᠨ ᠮᠣᠩᠭᠤᠯ ᠬᠡᠯᠡᠨ ᠤ ᠲᠣᠯᠢ | ᠪᠢᠴᠢᠭ ᠢ ᠬᠠᠩᠭᠠᠬᠤ ᠳᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠠᠶᠢᠮᠠᠭ ᠬᠤᠲᠠ ᠶᠢᠨ ᠲᠣᠭᠲᠠᠭᠠᠭᠰᠠᠨ | ᠬᠢᠴᠢᠶᠡᠯ ᠤᠨ ᠪᠢᠴᠢᠭ ᠢ ᠦᠨ᠎ᠡ ᠲᠦᠯᠦᠪᠦᠷᠢ ᠦᠭᠡᠢ ᠪᠠᠷ ᠬᠠᠩᠭᠠᠬᠤ ᠳᠤ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠡᠭᠦᠷᠭᠡᠯᠡᠨ᠎ᠡ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠠᠭᠰᠢ ᠨᠠᠷ ᠤᠨ ᠣᠨᠴᠠᠭᠠᠢ ᠠᠵᠢᠯ ᠤᠨ ᠪᠠᠶᠢᠷᠢ ᠶᠢᠨ | ᠲᠥᠯᠥᠪᠯᠡᠭᠡ ᠲᠠᠢ ᠪᠠᠭᠰᠢ ᠶᠢᠨ ᠨᠥᠬᠦᠪᠦᠷᠢ ᠳᠤ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠥᠪ | ᠪᠠ ᠥᠪᠡᠷᠲᠡᠭᠡᠨ ᠵᠠᠰᠠᠬᠤ ᠣᠷᠣᠨ ᠠᠴᠠ ᠴᠠᠯᠢᠩ ᠤᠨ ᠴᠢᠨᠠᠷᠲᠠᠶ ᠨᠥᠬᠦᠪᠥᠷᠢ ᠣᠯᠭᠤᠨ᠎ᠠ᠃ ᠲᠥᠪᠯᠡᠷᠡᠨ ᠵᠠᠯᠭᠠᠯᠳᠤᠭᠰᠠᠨ ᠣᠨᠴᠠ ᠬᠦᠴᠢᠷᠳᠡᠯᠲᠡᠶ ᠭᠠᠵᠠᠷ ᠣᠷᠣᠨ ᠳᠠᠬᠢ | ᠬᠥᠳᠡᠭᠡ ᠲᠣᠰᠬᠤᠨ ᠤ ᠪᠠᠭᠰᠢ ᠨᠠᠷ ᠤᠨ ᠠᠮᠢᠳᠤᠷᠠᠯ ᠤᠨ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ | 6. ᠱᠠᠲᠤ ᠦᠶᠡᠴᠢ ᠴᠢᠨᠠᠷᠲᠠᠶ ᠡᠭᠦᠷᠭᠡ ᠪᠠ ᠲᠤᠰᠬᠠᠶ ᠵᠦᠢᠯ ᠤᠨ ᠴᠢᠨᠠᠷᠲᠠᠶ ᠠᠵᠢᠯ ᠳᠤ ᠬᠤᠯᠪᠣᠭᠳᠠᠬᠤ ᠵᠦᠢᠯᠡᠰ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠪᠠᠭᠤᠷᠠᠶ ᠲᠠᠯ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠦᠨ᠂ ᠣᠳᠣᠬᠢ ᠱᠠᠲᠤᠨ ᠳᠤ ᠬᠤᠲᠠ ᠪᠠᠯᠭᠠᠰᠤᠨ ᠤ ᠰᠤᠷᠭᠠᠭᠤᠯᠢ ᠶᠢᠨ | ᠰᠤᠷᠤᠭᠴᠢ ᠣᠯᠠᠨᠲᠠᠶ ᠠᠩᠭᠢ ᠶᠢ ᠰᠢᠢᠳᠪᠦᠷᠢᠯᠡᠬᠦ᠂ ᠬᠤᠶᠠᠷ ᠲᠥᠷᠥᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠮᠠᠯᠵᠢᠬᠤ ᠲᠠᠷᠢᠶᠠᠯᠠᠬᠤ | ᠣᠷᠣᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠨᠢ ᠭᠤᠤᠯᠳᠠᠯᠭ᠎ᠠ ᠲᠠᠢ | ᠳᠡᠮᠵᠢᠬᠦ ᠳᠤ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠨᠢ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠᠷ ᠳᠠᠮᠵᠢᠭᠤᠯᠵᠤ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠂ ᠬᠤᠶᠢᠰᠢᠳᠠ ᠬᠤᠲᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠳᠡᠮᠵᠢᠬᠦ ᠠᠭᠤᠯᠭ᠎ᠠ᠂ ᠬᠡᠪᠴᠢᠶ᠎ᠡ ᠪᠠ ᠭᠤᠤᠯᠳᠠᠯᠭ᠎ᠠ ᠶᠢ | ᠴᠠᠭ ᠲᠤ ᠨᠢ ᠲᠣᠬᠢᠷᠠᠭᠤᠯᠵᠤ ᠲᠣᠬᠢᠷᠠᠭᠤᠯᠤᠯᠲᠠ ᠬᠢᠨ᠎ᠡ᠃ ᠪᠠᠭᠰᠢ ᠨᠠᠷ ᠢ ᠪᠣᠯᠪᠠᠰᠤᠷᠠᠭᠤᠯᠬᠤ ᠠᠵᠢᠯ ᠤᠨ ᠨᠥᠬᠦᠪᠥᠷᠢ ᠳᠤ ᠬᠡᠷᠡᠭᠰᠡᠬᠦ ᠵᠠᠷᠤᠳᠠᠯ ᠢ ᠠᠶᠢᠮᠠᠭ ᠬᠤᠲᠠ ᠶᠢᠨ | ᠡᠳ᠋ ᠤᠨ ᠵᠠᠰᠠᠭ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠬᠠᠮᠢᠶ᠎ᠠ ᠪᠦᠬᠦᠢ ᠰᠢᠯᠵᠢᠭᠦᠯᠦᠨ ᠦᠭᠬᠦ ᠪᠠᠷ | ᠳᠠᠮᠵᠢᠭᠤᠯᠵᠤ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃ ᠵᠠᠬ᠎ᠠ ᠬᠢᠵᠠᠭᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ᠂ ᠬᠢᠯᠢ ᠬᠢᠵᠠᠭᠠᠷ ᠤᠨ | ᠦᠨᠳᠦᠰᠦᠲᠡᠨ ᠤ ᠭᠠᠵᠠᠷ ᠣᠷᠣᠨ ᠪᠠ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠴᠢᠳᠠᠪᠤᠷᠢᠲᠠᠨ ᠤ ᠲᠥᠯᠥᠪᠯᠡᠭᠡ ᠶᠢᠨ ᠪᠠᠭᠰᠢ ᠨᠠᠷ ᠢ ᠰᠣᠩᠭᠤᠨ ᠲᠣᠮᠢᠯᠠᠬᠤ | ᠲᠤᠰᠬᠠᠶ ᠠᠵᠢᠯ ᠤᠨ ᠨᠥᠬᠦᠪᠥᠷᠢ ᠳᠤ᠂ ᠤᠯᠤᠰ ᠠᠴᠠ ᠨᠥᠬᠦᠪᠥᠷᠢ ᠶᠢᠨ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠵᠤ᠂ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ | ᠵᠠᠰᠠᠭ ᠠᠴᠠ ᠡᠭᠦᠷᠭᠡᠯᠡᠨ᠎ᠡ᠃ | ᠡᠭᠦᠨ ᠠᠴᠠ ᠭᠠᠳᠠᠨ᠎ᠠ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠴᠠᠯᠢᠩ ᠤᠨ ᠲᠥᠷᠥ ᠶᠢᠨ ᠪᠣᠳᠣᠯᠭ᠎ᠠ ᠶᠢ | ᠪᠠᠲᠤᠳᠬᠠᠨ ᠨᠠᠶᠢᠳᠠᠪᠤᠷᠢᠵᠢᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠡᠩ ᠤᠨ ᠴᠢᠨᠠᠷᠲᠠᠶ ᠰᠢᠯᠵᠢᠭᠦᠯᠦᠨ ᠥᠭᠬᠦ ᠪᠠᠷ ᠳᠠᠮᠵᠢᠭᠤᠯᠤᠨ | ᠠᠶᠢᠮᠠᠭ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠨᠠᠷ ᠤᠨ ᠴᠠᠯᠢᠩ ᠤᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠳᠤ ᠦᠷᠭᠦᠯᠵᠢᠯᠡᠨ ᠳᠡᠮᠵᠢᠯᠭᠡ | ᠦᠵᠡᠭᠦᠯᠵᠦ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠬᠠᠮᠢᠶ᠎ᠠ ᠪᠦᠬᠦᠢ ᠰᠢᠯᠵᠢᠭᠦᠯᠦᠨ ᠥᠭᠬᠦ ᠪᠠ ᠲᠤᠰ ᠱᠠᠲᠤᠨ ᠤ ᠡᠳ᠋ ᠤᠨ ᠬᠦᠴᠦᠨ ᠢ ᠲᠣᠭᠲᠠᠭᠠᠯ ᠶᠣᠰᠣᠭᠠᠷ | ᠨᠢᠭᠡᠳᠦᠯᠲᠡᠢ ᠬᠡᠷᠡᠭᠯᠡᠵᠦ ᠴᠠᠭ ᠲᠤ ᠨᠢ ᠭᠦᠢᠴᠡᠳ ᠣᠯᠭᠤᠬᠤ ᠶᠢ ᠦᠨᠡᠨ ᠬᠦ ᠪᠠᠲᠤᠯᠠᠨ᠎ᠠ᠃ | ︵ᠬᠤᠶᠠᠷ︶ ᠰᠤᠷᠤᠭᠴᠢᠳ ᠢ ᠵᠣᠭᠤᠰ ᠢᠶᠠᠷ ᠲᠤᠰᠠᠯᠠᠬᠤ᠃ | ᠰᠤᠷᠤᠭᠴᠢᠳ ᠢ ᠵᠣᠭᠤᠰ ᠢᠶᠠᠷ ᠲᠤᠰᠠᠯᠠᠬᠤ ᠪᠣᠯ ᠬᠠᠷᠢᠴᠠᠩᠭᠤᠶ ᠪᠡᠶ᠎ᠡ ᠪᠠᠨ ᠳᠠᠭᠠᠭᠠᠭᠰᠠᠨ ᠪᠦᠷᠢᠨ ᠪᠦᠲᠦᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠠᠶᠢᠵᠤ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠶᠢ ᠬᠠᠮᠤᠷᠴᠤ᠂ ᠲᠡᠳᠡᠭᠡᠷ ᠢ ᠶᠡᠷᠦᠩᠬᠡᠶ ᠳᠤ ᠨᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠣᠯᠭᠠᠨ ᠨᠤᠲᠠᠯᠠᠵᠤ ᠲᠣᠭᠲᠠᠭᠠᠬᠤ ᠶᠢᠨ ᠬᠠᠮᠲᠤ᠂ ᠪᠣᠳᠠᠲᠠᠶ ᠵᠦᠢᠯᠡᠰ ᠢᠶᠠᠷ | ᠨᠠᠷᠢᠯᠢᠭᠵᠢᠭᠤᠯᠤᠨ᠎ᠠ᠂ ᠡᠭᠦᠨ ᠳᠤ᠂ ᠤᠷᠮᠠᠰᠢᠭᠤᠯᠬᠤ ᠪᠠ ᠬᠥᠲᠥᠯᠦᠨ ᠵᠢᠯᠣᠭᠤᠳᠬᠤ ᠳᠤ ᠬᠡᠷᠡᠭᠯᠡᠬᠦ ᠵᠦᠢᠯᠡᠰ ᠤᠨ ᠬᠡᠷᠡᠭᠰᠡᠬᠦ ᠵᠠᠷᠤᠳᠠᠯ ᠢ ᠭᠤᠤᠯᠳᠠᠭᠤ ᠲᠥᠪ ᠬᠢᠭᠡᠳ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠡᠭᠦᠷᠭᠡᠯᠡᠬᠦ᠂ ᠡᠰᠡᠬᠦᠯ᠎ᠡ ᠬᠠᠷᠢᠶᠠᠯᠠᠭᠳᠠᠬᠤ ᠬᠠᠷᠢᠴᠠᠭ᠎ᠠ ᠵᠡᠷᠭᠡ ᠪᠠᠷ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠬᠤᠲᠠ ᠶᠢᠨ ᠡᠳ᠋ ᠤᠨ ᠵᠠᠰᠠᠭ ᠨᠢ ᠲᠣᠰ ᠲᠣᠰ ᠡᠭᠦᠷᠭᠡᠯᠡᠨ᠎ᠡ︔ ᠬᠦᠴᠢᠷᠲᠡᠢ ᠶᠢ ᠨᠢ ᠵᠣᠭᠤᠰ ᠢᠶᠠᠷ ᠲᠤᠰᠠᠯᠠᠬᠤ ᠲᠠᠯ᠎ᠠ ᠳᠤ ᠬᠡᠷᠡᠭᠯᠡᠬᠦ ᠵᠦᠢᠯᠡᠰ ᠤᠨ ᠬᠡᠷᠡᠭᠰᠡᠬᠦ | ᠵᠠᠷᠤᠳᠠᠯ ᠢ ᠡᠩ ᠤᠨ ᠪᠠᠶᠢᠳᠠᠯ ᠳᠤ ᠤᠯᠤᠰ ᠤᠨ ᠰᠠᠭᠤᠷᠢ ᠪᠠᠷᠢᠮᠵᠢᠶ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ | ᠵᠠᠰᠠᠭ ᠨᠢ ᠳᠡᠰ ᠬᠤᠪᠢᠶᠠᠨ ᠡᠭᠦᠷᠭᠡᠯᠡᠬᠦ ᠬᠠᠷᠢᠴᠠᠯ ᠢ ᠲᠣᠳᠣᠷᠬᠠᠢ ᠲᠣᠭᠲᠠᠭᠠᠨ᠎ᠠ᠃ ᠰᠤᠷᠤᠭᠴᠢᠳ ᠢ ᠵᠣᠭᠤᠰ ᠢᠶᠠᠷ ᠲᠤᠰᠠᠯᠠᠬᠤ ᠳᠤ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠡᠭᠦᠷᠭᠡᠯᠡᠬᠦ ᠬᠡᠰᠡᠭ ᠢ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠰᠢᠯᠵᠢᠭᠦᠯᠦᠨ ᠥᠭᠬᠦ ᠪᠠᠷ ᠳᠠᠮᠵᠢᠭᠤᠯᠤᠨ | ᠲᠣᠬᠢᠷᠠᠭᠤᠯᠤᠨ᠎ᠠ᠃ | 1. ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠢᠯᠬ᠎ᠠ ᠬᠡᠤᠬᠡᠳ ᠢ ᠵᠣᠭᠤᠰ ᠢᠶᠠᠷ ᠲᠤᠰᠠᠯᠠᠬᠤ᠃ ᠣᠳᠣᠬᠢ ᠱᠠᠲᠤᠨ ᠳᠤ ᠠᠶᠢᠮᠠᠭ ᠬᠤᠲᠠ ᠨᠢ | ᠨᠢᠯᠬ᠎ᠠ ᠬᠡᠤᠬᠡᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠬᠤ ᠶᠢᠨ ᠬᠠᠮᠲᠤ ᠵᠠᠷᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠲᠦᠭᠡᠮᠡᠯ ᠬᠠᠷᠠᠭᠠᠯᠵᠠᠬᠤ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠬᠦᠷᠲᠡᠵᠦ ᠪᠠᠶᠢᠭ᠎ᠠ ᠭᠡᠷ ᠪᠦᠯᠢ ᠶᠢᠨ ᠠᠵᠤ ᠠᠬᠤᠶ ᠨᠢ | ᠬᠦᠴᠢᠷᠳᠡᠯᠲᠡᠶ ᠬᠡᠤᠬᠡᠳ᠂ ᠥᠨᠥᠴᠢᠨ ᠬᠡᠤᠬᠡᠳ ᠪᠠ ᠵᠡᠮᠳᠡᠭ ᠬᠡᠤᠬᠡᠳ ᠢ ᠵᠣᠭᠤᠰ ᠢᠶᠠᠷ ᠲᠤᠰᠠᠯᠠᠬᠤ ᠪᠠᠨ ᠦᠨᠡᠨ ᠬᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠨᠢ ᠱᠠᠩᠨᠠᠵᠤ ᠲᠤᠰᠠᠯᠠᠬᠤ ᠳᠡᠮᠵᠢᠯᠭᠡ ᠦᠵᠡᠭᠦᠯᠦᠨ᠎ᠡ᠃ | 2. ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠦᠨ᠎ᠡ ᠲᠦᠯᠦᠪᠦᠷᠢ ᠦᠭᠡᠶ ᠪᠠᠷ | ᠬᠢᠴᠢᠶᠡᠯ ᠤᠨ ᠪᠢᠴᠢᠭ ᠢ ᠬᠠᠩᠭᠠᠬᠤ ︵ᠳᠣᠷᠣᠭᠰᠢ ︽ᠬᠤᠶᠠᠷ ᠢ ᠬᠡᠯᠲᠦᠷᠢᠭᠦᠯᠬᠦ︾ ᠭᠡᠵᠦ ᠲᠣᠪᠴᠢᠯᠠᠨ᠎ᠠ︶ ᠵᠢᠴᠢ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ᠂ | ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭᠰᠠᠨ ᠰᠤᠷᠤᠭᠴᠢᠳ ᠤᠨ ᠠᠮᠢᠳᠤᠷᠠᠯ ᠤᠨ ᠨᠥᠬᠦᠪᠦᠷᠢ᠃ ᠤᠯᠤᠰ ᠠᠴᠠ ᠲᠣᠭᠲᠠᠭᠠᠭᠰᠠᠨ ᠰᠤᠷᠤᠯᠭ᠎ᠠ ᠶᠢᠨ | ᠰᠦᠢᠳᠬᠡᠯ ᠢ ᠬᠡᠯᠲᠦᠷᠢᠭᠦᠯᠬᠦ ᠨᠥᠬᠦᠪᠥᠷᠢ ᠥᠭᠬᠦ ᠬᠡᠰᠡᠭ ᠲᠤ᠂ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ | ᠵᠠᠷᠤᠳᠠᠯ ᠢ ᠲᠥᠪ ᠪᠠ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠵᠦ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ | ᠥᠪᠡᠷᠲᠡᠭᠡᠨ ᠵᠠᠰᠠᠬᠤ ᠣᠷᠣᠨ ᠠᠴᠠ ᠨᠡᠶᠢᠲᠡᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ︽ᠬᠤᠶᠠᠷ ᠢ ᠬᠡᠯᠲᠦᠷᠢᠭᠦᠯᠬᠦ︾ ᠲᠥᠷᠥ ᠶᠢᠨ | ᠪᠣᠳᠣᠯᠭ᠎ᠠ᠂ ᠮᠣᠩᠭᠤᠯ ᠬᠡᠯᠡ ᠪᠠᠷ ᠬᠢᠴᠢᠶᠡᠯᠯᠡᠬᠦ ᠪᠠ ᠰᠣᠯᠣᠩᠭᠤᠰ ᠬᠡᠯᠡ ᠪᠠᠷ ᠬᠢᠴᠢᠶᠡᠯᠯᠡᠬᠦ ᠰᠤᠷᠤᠭᠴᠢᠳ ᠤᠨ ᠬᠡᠷᠡᠭᠰᠡᠬᠦ ᠵᠠᠷᠤᠳᠠᠯ ᠢ ᠴᠦᠮ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠂ ᠪᠤᠰᠤᠳ ᠰᠤᠷᠤᠭᠴᠢᠳ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠡᠩ ᠤᠨ ᠦᠨᠳᠦᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠭᠦᠮᠵᠢ ᠮᠦᠩᠭᠦ ᠶᠢᠨ ᠨᠦᠬᠦᠪᠦᠷᠢ ᠥᠭᠬᠦ ᠬᠡᠰᠡᠭ ᠲᠤ ᠲᠥᠪ ᠠᠴᠠ ᠲᠣᠭᠲᠠᠭᠠᠭᠰᠠᠨ | ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠵᠦ᠂ ᠣᠷᠣᠨ | ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠢ ᠦᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ | ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠬᠤᠤᠰ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭᠰᠠᠨ ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠶᠢ ᠴᠦᠮ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ | 3. ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠬᠡᠯᠲᠦᠷᠢᠭᠦᠯᠦᠭᠰᠡᠨ ᠨᠥᠬᠦᠪᠥᠷᠢ᠂ ᠤᠯᠤᠰ ᠤᠨ | ᠰᠤᠷᠤᠯᠭ᠎ᠠ ᠶᠢᠨ ᠲᠡᠳᠬᠦᠮᠵᠢ ᠮᠥᠩᠭᠦ ᠪᠠ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦ᠂ ᠪᠠᠶᠢᠷᠢ ᠶᠢᠨ ᠰᠦᠢᠳᠬᠡᠯ ᠤᠨ ᠨᠥᠬᠦᠪᠥᠷᠢ᠃ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠬᠡᠯᠲᠦᠷᠢᠭᠦᠯᠦᠭᠰᠡᠨ ᠨᠥᠬᠦᠪᠥᠷᠢ᠂ ᠤᠯᠤᠰ ᠤᠨ ᠰᠤᠷᠤᠯᠭ᠎ᠠ ᠶᠢᠨ ᠲᠡᠳᠬᠦᠮᠵᠢ | ᠮᠥᠩᠭᠦᠨ ᠳᠠᠬᠢ ᠤᠯᠤᠰ ᠠᠴᠠ ᠲᠣᠭᠲᠠᠭᠠᠭᠰᠠᠨ ᠬᠡᠰᠡᠭ ᠲᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ | ᠵᠠᠷᠤᠳᠠᠯ ᠢ ᠲᠥᠪ ᠪᠠ ᠣᠷᠣᠨ ᠨᠤᠲᠤᠭ ᠨᠢ 8᠄ 2 ᠢᠶᠠᠷ ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ | ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠬᠡᠯᠲᠦᠷᠢᠭᠦᠯᠦᠭᠰᠡᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠᠷ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ | ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠳᠠᠬᠢ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦᠨ ᠤ ᠳᠦᠷᠢᠮ ᠢ ᠬᠡᠷᠡᠭᠵᠢᠭᠦᠯᠬᠦ ᠳᠤ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ | ᠡᠭᠦᠷᠭᠡᠯᠡᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠦᠨ᠎ᠡ ᠲᠦᠯᠦᠪᠦᠷᠢ ᠦᠭᠡᠢ ᠪᠠᠷ ᠬᠢᠴᠢᠶᠡᠯ ᠤᠨ ᠪᠢᠴᠢᠭ ᠬᠠᠩᠭᠠᠬᠤ ᠳᠤ ᠬᠡᠷᠡᠭᠰᠡᠬᠦ | ᠵᠠᠷᠤᠳᠠᠯ ᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ | 7᠄ 3 ᠪᠠᠷ ᠬᠤᠪᠢᠳᠠᠨ ᠡᠭᠦᠷᠭᠡᠯᠡᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠭᠰᠠᠨ ᠰᠤᠷᠤᠭᠴᠢᠳ ᠤᠨ ᠪᠠᠶᠢᠷᠢ ᠶᠢᠨ | ᠰᠦᠢᠳᠬᠡᠯ ᠤᠨ ᠨᠥᠬᠦᠪᠥᠷᠢ ᠶᠢ ᠴᠦᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ | 4. ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ᠃ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ | ᠮᠡᠷᠭᠡᠵᠢᠯ ᠤᠨ ᠠᠩᠭᠢ ︵ᠳᠡᠭᠡᠳᠦ ᠵᠡᠷᠭᠡ ᠶᠢᠨ ᠠᠵᠢᠯ ᠮᠡᠷᠭᠡᠵᠢᠯ᠂ ᠬᠤᠶᠠᠳᠠᠬᠢ ᠪᠠᠺᠠᠯᠧᠷ ᠴᠣᠯᠠ ᠪᠠᠭᠲᠠᠨ᠎ᠠ︶ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ | ᠮᠥᠩᠭᠦ ᠳᠤ ᠲᠥᠪ ᠠᠴᠠ ᠲᠣᠭᠲᠠᠭᠠᠭᠰᠠᠨ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ ᠨᠢ 8᠄ 2 ᠢᠶᠠᠷ | ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ | ᠰᠤᠷᠭᠠᠭᠤᠯᠢ ᠶᠢᠨ ᠬᠢ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠪᠦᠬᠦᠨ ᠢ ᠡᠭᠦᠷᠭᠡᠯᠡᠵᠦ᠂ ᠠᠶᠢᠮᠠᠭ ᠬᠤᠲᠠ ᠶᠢᠨ ᠬᠠᠷᠢᠶ᠎ᠠ ᠪᠦᠬᠦᠢ | ᠶᠡᠭᠡ ᠳᠡᠭᠡᠳᠦ ᠰᠤᠷᠭᠠᠭᠤᠯᠢ ᠶᠢᠨ ᠬᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ | 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠠᠰᠫᠢᠷᠠᠨᠲ ᠤᠨ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦ ᠶᠢᠨ ᠤᠯᠤᠰ ᠠᠴᠠ | ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ ᠵᠠᠷᠤᠳᠠᠯ ᠢ ᠲᠥᠪ ᠬᠢᠭᠡᠳ ᠣᠷᠣᠨ ᠨᠤᠲᠤᠭ ᠨᠢ 8᠄ 2 ᠢᠶᠠᠷ | ᠬᠤᠪᠢᠳᠠᠨ ᠡᠭᠦᠷᠭᠡᠯᠡᠨ᠎ᠡ᠃ ᠣᠷᠣᠨ ᠨᠤᠲᠤᠭ ᠤᠨᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠰᠫᠢᠷᠠᠨᠲ ᠤᠨ | ᠬᠠᠮᠢᠶ᠎ᠠ ᠪᠦᠬᠦᠢ ᠤᠯᠤᠰ ᠤᠨ ᠰᠤᠷᠤᠯᠭ᠎ᠠ ᠶᠢᠨ ᠲᠡᠳᠬᠦᠮᠵᠢ ᠮᠥᠩᠭᠦᠨ ᠤ ᠲᠥᠷᠥ ᠶᠢᠨ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ | ᠰᠤᠷᠭᠠᠭᠤᠯᠢ ᠶᠢᠨ ᠬᠢ ᠶᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠡᠭᠦᠷᠭᠡᠯᠡᠵᠦ᠂ ᠠᠶᠢᠮᠠᠭ ᠬᠤᠲᠠ ᠶᠢᠨ ᠬᠠᠷᠢᠶ᠎ᠠ ᠪᠦᠬᠦᠢ ᠶᠡᠭᠡ | ᠳᠡᠭᠡᠳᠦ ᠰᠤᠷᠭᠠᠭᠤᠯᠢ ᠶᠢᠨ ᠬᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ | ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ | 5. ᠶᠡᠭᠡ ᠳᠡᠭᠡᠳᠦ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦ ᠵᠡᠷᠭᠡ ᠵᠣᠭᠤᠰ ᠢᠶᠠᠷ ᠲᠤᠰᠠᠯᠠᠬᠤ᠃ ᠶᠡᠭᠡ ᠳᠡᠭᠡᠳᠦ | ᠰᠤᠷᠭᠠᠭᠤᠯᠢ ᠶᠢᠨ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠤᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦ ︵ᠳᠡᠭᠡᠳᠦ ᠵᠡᠷᠭᠡ ᠶᠢᠨ ᠠᠵᠢᠯ | ᠮᠡᠷᠭᠡᠵᠢᠯ᠂ ᠬᠤᠶᠠᠳᠠᠬᠢ ᠪᠠᠺᠠᠯᠧᠷ ᠴᠣᠯᠠ ᠪᠠᠭᠲᠠᠨ᠎ᠠ︶᠂ ᠤᠯᠤᠰ ᠠᠴᠠ ᠵᠣᠷᠢᠭᠵᠢᠭᠤᠯᠬᠤ ᠰᠤᠷᠤᠯᠭ᠎ᠠ ᠶᠢᠨ ᠭᠦᠬᠢᠭᠦᠯᠦᠯ ᠤᠨ ᠮᠥᠩᠭᠦ᠂ ᠠᠰᠫᠢᠷᠠᠨᠲ ᠤᠨ ᠤᠯᠤᠰ ᠤᠨ | ᠰᠤᠷᠤᠯᠭ᠎ᠠ ᠶᠢᠨ ᠭᠥᠬᠢᠭᠦᠯᠦᠯ ᠤᠨ ᠮᠥᠩᠭᠦ᠂ ᠤᠶᠤᠲᠠᠳ ᠤᠨ ᠴᠡᠷᠢᠭ ᠤᠨ ᠠᠯᠪᠠ ᠬᠠᠭᠠᠬᠤ ᠲᠤᠰᠠᠯᠠᠮᠵᠢ ᠶᠢᠨ ᠮᠥᠩᠭᠦ᠂ ᠴᠡᠷᠢᠭ ᠤᠨ ᠠᠯᠪᠠ ᠠᠴᠠ ᠬᠠᠯᠬᠠᠳ᠋ᠬᠠᠰᠠᠨ | ᠪᠠᠶᠢᠯᠳᠤᠭᠴᠢᠳ ᠤᠨ ᠰᠤᠷᠭᠠᠨ ᠬᠥᠮᠦᠵᠢᠯ ᠤᠨ ᠲᠤᠰᠠᠯᠠᠮᠵᠢ ᠶᠢᠨ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠡᠭᠦᠷᠭᠡᠯᠡᠨ᠎ᠡ᠃ ᠡᠩ ᠤᠨ ᠶᠡᠭᠡ ᠳᠡᠭᠡᠳᠦ | ᠰᠤᠷᠭᠠᠭᠤᠯᠢ ᠳᠠᠬᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ ᠣᠷᠣᠭᠰᠠᠨ ᠢ ᠨᠢ ᠵᠣᠭᠤᠰ ᠢᠶᠠᠷ ᠲᠤᠰᠠᠯᠠᠬᠤ᠂ | ᠠᠰᠫᠢᠷᠠᠨᠲ ᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠭᠦᠬᠢᠭᠦᠯᠦᠯ ᠤᠨ ᠮᠥᠩᠭᠦ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠠᠰᠫᠢᠷᠠᠨᠲ ᠤᠨ ᠰᠤᠷᠤᠯᠭ᠎ᠠ ᠶᠢᠨ ᠰᠤᠷᠤᠯᠭ᠎ᠠ ᠶᠢᠨ ᠭᠦᠬᠢᠭᠦᠯᠦᠯ ᠤᠨ ᠮᠥᠩᠭᠦ ᠶᠢᠨ ᠬᠡᠷᠡᠭᠰᠡᠬᠦ ᠵᠠᠷᠤᠳᠠᠯ ᠢ ᠶᠡᠭᠡ | ᠳᠡᠭᠡᠳᠦ ᠰᠤᠷᠠᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠪᠠᠷ ᠡᠯ᠎ᠡ ᠱᠠᠲᠤᠨ ᠤ ᠡᠳ᠋ ᠤᠨ ᠵᠠᠰᠠᠭ ᠨᠢ ᠲᠣᠰ ᠲᠣᠰ ᠡᠭᠦᠷᠭᠡᠯᠡᠨ᠎ᠡ᠃ | 6. ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ ᠲᠡᠳᠬᠦᠮᠵᠢᠲᠦ ᠵᠢᠭᠡᠯᠡᠯᠭᠡ ᠶᠢᠨ ᠳᠡᠮ ᠬᠦᠤ ᠪᠠ ᠲᠦᠭᠰᠢᠭᠦᠷᠢ ᠶᠢᠨ ᠲᠦᠯᠦᠪᠦᠷᠢ ᠮᠥᠩᠭᠦ᠃ ᠶᠡᠭᠡ | ᠳᠡᠭᠡᠳᠦ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢᠲᠦ ᠵᠢᠭᠡᠯᠡᠯᠭᠡ ᠳᠠᠬᠢ ᠡᠳ᠋ ᠤᠨ ᠵᠠᠰᠠᠭ ᠤᠨ ᠳᠡᠮ ᠬᠦᠤ ᠶᠢᠨ ᠪᠡᠯᠡ ᠮᠥᠩᠭᠦ᠂ ᠲᠥᠪ ᠤᠨ ᠪᠠ | ᠥᠪᠡᠷᠲᠡᠭᠡᠨ ᠵᠠᠰᠠᠬᠤ ᠣᠷᠣᠨ ᠠᠴᠠ ᠪᠤᠰᠤᠳ ᠣᠷᠣᠨ ᠨᠤᠲᠤᠭ ᠤᠨ ᠶᠡᠭᠡ ᠳᠡᠭᠡᠳᠦ ᠰᠤᠷᠭᠠᠭᠤᠯᠢ ᠳᠤ ᠰᠢᠯᠭᠠᠨ ᠤᠷᠤᠭᠰᠠᠨ ᠰᠤᠷᠤᠭᠴᠢᠳ ᠤᠨ ᠵᠢᠭᠡᠯᠡᠯᠭᠡ ᠶᠢᠨ ᠳᠠᠮ | ᠬᠦᠦ ᠶᠢ ᠲᠥᠪ ᠤᠨ ᠡᠳ᠋ ᠤᠨ ᠵᠠᠰᠠᠭ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠪᠠᠯ᠂ ᠶᠡᠭᠡ ᠳᠡᠭᠡᠳᠦ | ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠪᠠᠷ ᠠᠳᠠᠯᠢ ᠱᠠᠲᠤᠨ ᠤ ᠡᠳ᠋ ᠤᠨ ᠵᠠᠰᠠᠭ ᠨᠢ ᠡᠭᠦᠷᠭᠡᠯᠡᠨ᠎ᠡ᠃ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠶᠢᠨ | ᠲᠡᠳᠬᠦᠮᠵᠢᠲᠦ ᠵᠢᠭᠡᠯᠡᠯᠭᠡ ᠶᠢᠨ ᠲᠦᠭᠰᠢᠭᠦᠷᠢ ᠶᠢᠨ ᠲᠥᠯᠥᠪᠦᠷᠢ ᠶᠢᠨ ᠮᠥᠩᠭᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠪᠤᠰᠤᠳ ᠭᠠᠵᠠᠷ ᠣᠷᠣᠨ ᠤ ᠶᠡᠭᠡ | ᠳᠡᠭᠡᠳᠦ ᠰᠤᠷᠭᠠᠭᠤᠯᠢ ᠳᠤ ᠰᠢᠯᠭᠠᠨ ᠤᠷᠤᠭᠰᠠᠨ ᠰᠤᠷᠤᠭᠴᠢᠳ ᠤᠨ ᠵᠢᠭᠡᠯᠡᠯᠭᠡ ᠶᠢᠨ ᠲᠦᠭᠰᠢᠭᠦᠷᠢ ᠶᠢᠨ ᠲᠦᠯᠦᠪᠦᠷᠢ ᠶᠢᠨ ᠮᠥᠩᠭᠦ ᠶᠢ ᠲᠥᠪ ᠤᠨ ᠡᠳ᠋ ᠤᠨ ᠵᠠᠰᠠᠭ | ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠪᠠᠯ᠂ ᠲᠡᠳᠡᠨ ᠤ ᠵᠢᠭᠡᠯᠡᠯᠭᠡ ᠶᠢᠨ ᠲᠦᠭᠰᠢᠭᠦᠷᠢ ᠶᠢᠨ | ᠲᠦᠯᠦᠪᠦᠷᠢ ᠶᠢᠨ ᠮᠥᠩᠭᠦ ᠶᠢ ᠲᠥᠪ ᠬᠢᠭᠡᠳ ᠥᠪᠡᠷᠲᠡᠭᠡᠨ ᠵᠠᠰᠠᠬᠤ ᠣᠷᠣᠨ ᠠᠴᠠ 5᠄ 5 ᠪᠠᠷ ᠬᠤᠪᠢᠳᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ | ᠬᠤᠪᠢᠳᠠᠨ ᠡᠭᠦᠷᠭᠡᠯᠡᠬᠦ 50% ᠶᠢ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠪᠠᠷ ᠡᠯ᠎ᠡ ᠱᠠᠲᠤᠨ ᠤ ᠡᠳ᠋ ᠤᠨ ᠵᠠᠰᠠᠭ ᠬᠤᠪᠢᠶᠠᠨ ᠡᠭᠦᠷᠭᠡᠯᠡᠨ᠎ᠡ᠃ | ᠭᠠᠴᠠᠭ᠎ᠠ ᠲᠣᠰᠬᠤᠨ ᠳᠤ ᠲᠤᠰᠢᠶᠠᠯ ᠡᠭᠦᠷᠭᠡᠯᠡᠭᠰᠡᠨ ᠶᠡᠭᠡ ᠳᠡᠭᠡᠳᠦ ᠰᠤᠷᠭᠠᠭᠤᠯᠢ ᠶᠢᠨ ᠲᠡᠭᠦᠰᠦᠭᠰᠡᠳ ᠤᠨ ᠤᠯᠤᠰ ᠤᠨ ᠰᠤᠷᠤᠯᠭ᠎ᠠ ᠶᠢᠨ ᠲᠡᠳᠬᠦᠮᠵᠢᠲᠦ ᠵᠢᠭᠡᠯᠡᠯᠭᠡ ᠶᠢ | ᠣᠷᠣᠯᠠᠨ ᠲᠥᠯᠥᠵᠦ ᠵᠣᠭᠤᠰ ᠢᠶᠠᠷ ᠲᠤᠰᠠᠯᠠᠬᠤ ᠳᠤ ᠬᠡᠷᠡᠭᠰᠡᠬᠦ ᠵᠠᠷᠤᠳᠠᠯ ᠢ ᠶᠡᠭᠡ ᠳᠡᠭᠡᠳᠦ ᠰᠤᠷᠭᠠᠭᠤᠯᠢ ᠶᠢᠨ ᠬᠠᠷᠢᠶᠠᠯᠠᠭᠳᠠᠬᠤ ᠬᠠᠷᠢᠴᠠᠭ᠎ᠠ ᠪᠠᠷ ᠡᠯ᠎ᠡ ᠱᠠᠲᠤᠨ ᠤ | ᠡᠳ᠋ ᠤᠨ ᠵᠠᠰᠠᠭ ᠨᠢ ᠲᠤᠰ ᠲᠤᠰ ᠡᠭᠦᠷᠭᠡᠯᠡᠨ᠎ᠡ᠃ | ︵ᠭᠤᠷᠪᠠ︶ ᠪᠤᠰᠤᠳ ᠰᠤᠷᠭᠠᠨ ᠬᠥᠮᠦᠵᠢᠯ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠪᠤᠰᠤᠳ ᠰᠤᠷᠭᠠᠨ ᠬᠥᠮᠦᠵᠢᠯ ᠳᠤ᠂ ᠵᠠᠰᠠᠭ ᠤᠨ ᠣᠷᠳᠣᠨ ᠤ | ᠣᠷᠣᠭᠤᠯᠤᠯᠲᠠ ᠪᠠᠷ ᠭᠤᠤᠯ ᠪᠣᠯᠭᠠᠭᠰᠠᠨ᠂ ᠰᠤᠷᠭᠠᠨ ᠬᠥᠮᠦᠵᠢᠯ ᠬᠦᠷᠲᠡᠭᠰᠡᠳ ᠵᠣᠬᠢᠰᠲᠠᠶ ᠬᠤᠪᠢᠳᠠᠨ ᠡᠭᠦᠷᠭᠡᠯᠡᠬᠦ᠂ ᠪᠤᠰᠤᠳ ᠣᠯᠠᠨ ᠵᠦᠢᠯ ᠤᠨ ᠠᠷᠭ᠎ᠠ ᠵᠠᠮ ᠢᠶᠠᠷ | ᠵᠠᠷᠤᠳᠠᠯ ᠴᠤᠭᠯᠠᠭᠤᠯᠬᠤ ᠣᠷᠣᠭᠤᠯᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠶᠡᠷᠦᠩᠬᠡᠶ ᠳᠤ ᠪᠠᠨ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠣᠭᠰᠠᠨ ᠪᠠᠶᠢᠪᠠᠯ᠂ ᠬᠡᠷᠡᠭᠰᠡᠬᠦ ᠡᠳ᠋ ᠤᠨ ᠵᠠᠰᠠᠭ ᠤᠨ ᠨᠥᠬᠦᠪᠥᠷᠢ ᠵᠠᠷᠤᠳᠠᠯ ᠢ ᠭᠤᠤᠯᠳᠠᠭᠤ | ᠬᠠᠷᠢᠶᠠᠯᠠᠭᠳᠠᠬᠤ ᠬᠠᠷᠢᠴᠠᠭ᠎ᠠ ᠵᠡᠷᠭᠡ ᠪᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠨᠢ ᠲᠣᠰ ᠲᠣᠰ ᠡᠭᠦᠷᠭᠡᠯᠡᠨ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠠᠶᠢᠮᠠᠭ ᠬᠤᠲᠠ ᠳᠤ ᠨᠢᠭᠡᠳᠦᠯᠲᠡᠶ ᠲᠥᠯᠥᠪᠯᠡᠨ ᠳᠡᠮᠵᠢᠯᠭᠡ ᠦᠵᠡᠭᠦᠯᠦᠨ᠎ᠡ᠃ | 1. ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠃ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠰᠤᠷᠤᠭᠴᠢ ᠨᠢᠭᠡᠪᠦᠷᠢ ᠳᠠᠬᠢ | ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠨ ᠤ ᠲᠣᠭᠲᠠᠮᠠᠯ ᠲᠤᠭ᠎ᠠ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠬᠢᠯᠡᠭᠰᠡᠨ | ᠬᠡᠤᠬᠡᠳ ᠤᠨ ᠴᠡᠴᠡᠷᠯᠢᠭ ᠤᠨ ᠨᠥᠬᠦᠪᠥᠷᠢ ᠶᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5 | ᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠬᠦ ᠪᠡᠯᠡ ᠮᠥᠩᠭᠦ ᠶᠢ ᠦᠷᠭᠦᠯᠵᠢᠯᠡᠨ ᠲᠣᠬᠢᠷᠠᠭᠤᠯᠵᠤ᠂ ᠣᠷᠣᠨ ᠨᠤᠲᠤᠭ ᠤᠨ ᠬᠢᠨ ᠢ ᠳᠡᠮᠵᠢᠵᠦ ᠪᠠᠶᠢᠭᠠᠳ ᠤᠯᠠᠨ | ᠵᠦᠢᠯ ᠤᠨ ᠬᠡᠯᠪᠡᠷᠢ ᠪᠠᠷ ᠲᠦᠭᠡᠮᠡᠯ ᠬᠠᠷᠠᠭᠠᠯᠵᠠᠯ ᠤᠨ ᠴᠢᠨᠠᠷᠲᠠᠶ ᠡᠬᠢ ᠪᠠᠶᠠᠯᠢᠭ ᠢ ᠥᠷᠭᠡᠳᠬᠡᠨ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ | ᠂ ᠶᠠᠳᠠᠭᠤ ᠬᠦᠴᠢᠷᠳᠡᠯᠲᠡᠢ ᠭᠠᠵᠠᠷ ᠣᠷᠣᠨ ᠲᠡᠶᠢᠰᠢ ᠭᠤᠤᠯᠳᠠᠯᠭ᠎ᠠ ᠲᠠᠢ ᠬᠡᠯᠪᠠᠶᠢᠯᠭᠡᠨ᠎ᠡ᠃ | 2. ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠃ ᠠᠯᠪᠠᠨ ᠠᠴᠠ ᠡᠷᠬᠢᠯᠡᠭᠰᠡᠨ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠠᠬᠢ ᠠᠯᠪᠠᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶᠠᠨ ᠤ ᠲᠣᠭᠲᠠᠮᠠᠯ ᠲᠤᠭ᠎ᠠ ᠶᠢ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠨᠢ ᠨᠢᠭᠡᠳᠦᠭᠡᠷ ᠳᠡᠰ ᠤᠨ 3᠄ 7᠂ ᠬᠤᠶᠠᠳᠤᠭᠠᠷ ᠳᠡᠰ ᠤᠨ 5᠄ 5᠂ ᠭᠤᠷᠪᠠᠳᠤᠭᠠᠷ ᠳᠡᠰ ᠤᠨ 7᠄ 3 ᠪᠠᠷ ᠬᠤᠪᠢᠳᠠᠨ | ᠡᠭᠦᠷᠭᠡᠯᠡᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠳᠠ ᠶᠢᠨ ᠵᠠᠷᠤᠳᠠᠯ ᠤᠨ ᠣᠷᠣᠭᠤᠯᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠡᠯ᠎ᠡ ᠭᠠᠵᠠᠷ ᠣᠷᠣᠨ ᠤ ᠡᠳ᠋ ᠤᠨ ᠬᠦᠴᠦᠨ ᠤ ᠪᠠᠶᠢᠳᠠᠯ ᠢ ᠦᠨᠳᠦᠰᠦᠯᠡᠨ᠂ ᠣᠷᠣᠨ | ᠨᠤᠲᠤᠭ ᠤᠨ ᠰᠤᠷᠭᠠᠭᠤᠯᠢ ᠶᠢᠨ ᠠᠩᠬᠢ ᠶᠢᠨ ᠪᠠ ᠪᠠᠶᠢᠷᠢ ᠶᠢᠨ ᠨᠥᠬᠦᠴᠡᠯ ᠢ ᠰᠠᠶᠢᠵᠢᠷᠠᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠵᠣᠬᠢᠰᠲᠠᠶ | ᠨᠥᠬᠦᠪᠦᠷᠢ ᠣᠯᠭᠤᠨ᠎ᠠ᠃ | ᠳᠡᠭᠡᠷ᠎ᠡ ᠳᠤᠷᠠᠳᠤᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠤᠭᠴᠢᠳ ᠢ ᠵᠣᠭᠤᠰ ᠢᠶᠠᠷ ᠲᠤᠰᠠᠯᠠᠬᠤ ᠵᠡᠷᠭᠡ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠬᠠᠮᠢᠶ᠎ᠠ ᠪᠥᠬᠦᠶ ᠪᠣᠳᠠᠲᠠᠶ ᠵᠦᠢᠯᠡᠰ ᠲᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠰᠠᠭᠤᠷᠢ ᠪᠠᠷᠢᠮᠵᠢᠶ᠎ᠠ ᠶᠢ ᠨᠢᠭᠡᠳᠦᠯᠲᠡᠶ ᠲᠣᠭᠲᠠᠭᠠᠬᠤ ᠪᠠ | ᠳᠣᠭᠢᠷᠠᠭᠤᠯᠤᠨ᠎ᠠ︔ ᠠᠶᠢᠮᠠᠭ ᠬᠤᠲᠠ ᠨᠢ ᠤᠯᠤᠰ ᠤᠨ ᠰᠠᠭᠤᠷᠢ ᠪᠠᠷᠢᠮᠵᠢᠶ᠎ᠠ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠢ ᠴᠦᠮ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠪᠠᠨ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠬᠡᠷᠪᠡ ᠤᠯᠤᠰ ᠤᠨ ᠰᠠᠭᠤᠷᠢ ᠪᠠᠷᠢᠮᠵᠢᠶ᠎ᠠ ᠪᠠ ᠥᠪᠡᠷᠲᠡᠭᠡᠨ ᠵᠠᠰᠠᠬᠤ ᠣᠷᠣᠨ ᠤ | ᠪᠠᠷᠢᠮᠵᠢᠶ᠎ᠠ ᠠᠴᠠ ᠥᠨᠳᠥᠷ ᠪᠠᠶᠢᠯᠭᠠᠬᠤ ᠭᠠᠵᠠᠷ ᠣᠷᠣᠨ ᠤ ᠪᠠᠷᠢᠮᠵᠢᠶ᠎ᠠ ᠶᠢ ᠲᠣᠭᠲᠠᠭᠠᠬᠤ ᠴᠢᠬᠤᠯᠠᠲᠠᠶ ᠪᠣᠯ᠂ ᠳᠡᠰ ᠳᠠᠷᠠᠭᠠᠯᠠᠯ ᠶᠣᠰᠣᠭᠠᠷ ᠳᠡᠭᠡᠳᠦ ᠱᠠᠲᠤᠨ ᠳᠤ ᠪᠠᠨ | ᠤᠷᠢᠳ ᠢᠶᠠᠷ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠬᠡᠷᠡᠭᠵᠢᠭᠦᠯᠬᠦ ᠪᠥᠭᠡᠳ ᠬᠡᠲᠦᠷᠡᠵᠦ ᠭᠠᠷᠤᠭᠰᠠᠨ ᠬᠡᠰᠡᠭ ᠲᠤ ᠬᠡᠷᠡᠭᠰᠡᠬᠦ ᠪᠡᠯᠡ ᠮᠥᠩᠭᠦ ᠶᠢ ᠥᠪᠡᠰᠦᠪᠡᠨ | ᠡᠭᠦᠷᠭᠡᠯᠡᠨ᠎ᠡ︔ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠰᠲᠠᠭᠠᠨ ᠲᠣᠭᠲᠠᠭᠠᠯ ᠲᠠᠢ | ᠪᠣᠯ᠂ ᠲᠡᠷᠡ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠠᠶᠢᠮᠠᠭ ᠬᠤᠲᠠ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠣᠳᠠᠲᠠᠢ ᠲᠠᠢ ᠪᠠᠨ ᠪᠠ ᠡᠳ᠋ ᠤᠨ | ᠬᠦᠴᠦᠨ ᠤ ᠪᠠᠶᠢᠳᠠᠯ ᠲᠠᠢ ᠪᠠᠨ ᠤᠶᠠᠯᠳᠤᠭᠤᠯᠤᠨ ᠰᠢᠨ᠎ᠡ ᠨᠡᠮᠡᠭᠰᠡᠨ ᠵᠦᠢᠯᠡᠰ ᠢ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠣᠯᠭᠠᠭᠰᠠᠨ | ᠪᠠᠶᠢᠪᠠᠯ᠂ ᠠᠶᠢᠮᠠᠭ ᠬᠤᠲᠠ ᠶᠢᠨ ᠡᠳ᠋ ᠤᠨ ᠵᠠᠰᠠᠭ ᠨᠢ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ | ᠦᠨᠳᠦᠰᠦᠲᠡᠨ ᠤ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠵᠢᠴᠢ ᠶᠡᠭᠡ ᠳᠡᠭᠡᠳᠦ ᠰᠤᠷᠭᠠᠭᠤᠯᠢ᠂ ᠴᠡᠷᠢᠭ ᠠᠩᠭᠢ᠂ ᠠᠲᠠᠷ ᠬᠠᠭᠠᠯᠪᠤᠷᠢᠯᠠᠯᠲᠠ᠂ ᠣᠢ ᠰᠢᠭᠤᠶ ᠶᠢᠨ ᠲᠠᠯᠠᠪᠠᠢ ᠰᠢᠭᠤᠶᠢᠲᠤ ᠣᠷᠣᠨ᠂ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠬᠠᠷᠢᠶ᠎ᠠ ᠪᠣᠯᠬᠤ ᠰᠤᠷᠭᠠᠭᠤᠯᠢ ᠵᠡᠷᠭᠡ ᠶᠢᠨ ᠬᠠᠮᠢᠶᠠᠷᠤᠯᠳᠠ ᠪᠠ ᠡᠳ᠋ ᠤᠨ ᠵᠠᠰᠠᠭ ᠤᠨ ᠳᠡᠮᠵᠢᠬᠦ ᠠᠷᠭ᠎ᠠ ᠮᠠᠶ᠋ᠢᠭ ᠨᠢ ᠴᠥᠮ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠣᠳᠣ ᠶᠢᠨ ᠬᠡᠷᠡᠭᠵᠢᠭᠦᠯᠵᠦ ᠪᠠᠶᠢᠭ᠎ᠠ ᠪᠠᠶᠢᠭᠤᠯᠤᠯ ᠪᠠ ᠲᠥᠷᠥ ᠶᠢᠨ ᠪᠣᠳᠣᠯᠭ᠎ᠠ ᠶᠢᠨ ᠶᠣᠰᠣᠭᠠᠷ | ᠬᠡᠷᠡᠭᠵᠢᠭᠦᠯᠦᠨ᠎ᠡ᠃ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠵᠦ᠂ | ᠭᠤᠤᠯᠳᠠᠭᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠤᠶᠤ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ | ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠵᠦᠢᠯᠡᠰ ᠲᠤ ᠬᠡᠷᠡᠭᠯᠡᠨ᠎ᠡ᠃ | ᠳᠥᠷᠪᠡ᠂ ᠲᠦᠭᠦᠷ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠵᠤ᠂ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠠᠶᠢᠮᠠᠭ | ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ︽ᠳᠥᠷᠪᠡᠨ ᠦᠵᠡᠯ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠨ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠶᠢ ᠦᠨᠡᠨ ᠬᠦ ᠴᠢᠩᠭᠠᠳᠬᠠᠨ᠂ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠦ᠂ | ᠨᠢᠭᠲᠠ ᠵᠣᠬᠢᠴᠠᠭᠤᠯᠵᠤ ᠬᠠᠮᠵᠢᠯᠴᠠᠨ᠂ ᠲᠤᠰ ᠲᠥᠰᠦᠯ ᠳᠤ ᠲᠣᠭᠲᠠᠭᠠᠭᠰᠠᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢᠨ ᠬᠤᠪᠢᠶᠠᠷᠢᠯᠠᠯ ᠢ ᠦᠨᠳᠦᠰᠦᠯᠡᠨ᠂ ᠲᠣᠭᠲᠠᠭᠠᠯ ᠶᠣᠰᠣᠭᠠᠷ ᠲᠥᠰᠦᠪ ᠤᠨ ᠲᠣᠬᠢᠷᠠᠭᠤᠯᠤᠯᠲᠠ ᠶᠢ ᠰᠠᠶᠢᠲᠤᠷ ᠬᠢᠵᠦ᠂ ᠵᠠᠷᠤᠯᠭ᠎ᠠ ᠶᠢᠨ | ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ ᠰᠤᠷᠭᠠᠨ ᠬᠥᠮᠥᠵᠢᠯ ᠳᠠᠬᠢ ᠡᠳ᠋ ᠤᠨ ᠵᠠᠰᠠᠭ ᠤᠨ ᠣᠷᠣᠭᠤᠯᠤᠯᠲᠠ ᠶᠢ ᠦᠷᠭᠦᠯᠵᠢᠯᠡᠨ ᠲᠣᠭᠲᠠᠭᠤᠨ ᠢᠶᠠᠷ | ᠨᠡᠮᠡᠭᠳᠡᠭᠦᠯᠬᠦ ᠪᠠᠨ ᠦᠨᠡᠨ ᠬᠦ ᠪᠠᠲᠤᠯᠠᠬᠤ | ᠬᠡᠷᠡᠭᠲᠡᠢ᠃ | ︵ᠬᠤᠶᠠᠷ︶ ᠲᠥᠰᠦᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠪᠡᠯᠡ ᠮᠥᠩᠭᠦᠨ ᠤ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠲᠥᠰᠦᠪ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠰᠤᠷᠭᠠᠨ ᠬᠥᠮᠦᠵᠢᠯ ᠤᠨ | ᠬᠦᠷᠢᠶᠡᠨ ᠳᠠᠬᠢ ᠪᠡᠯᠡ ᠮᠥᠩᠭᠦ ᠲᠣᠬᠢᠷᠠᠭᠤᠯᠤᠭᠰᠠᠨ ᠦᠷ᠎ᠡ ᠪᠦᠲᠦᠮᠵᠢ᠂ ᠬᠡᠷᠡᠭᠯᠡᠭᠰᠡᠨ ᠦᠷ᠎ᠡ ᠠᠰᠢᠭ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ | ᠬᠦᠴᠦᠯᠡᠨ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠰᠢᠯᠵᠢᠭᠦᠯᠦᠨ ᠥᠭᠬᠦ ᠳᠦᠷᠢᠮ ᠢ ᠥᠭᠡᠷᠡᠴᠢᠯᠡᠬᠦ ᠪᠠ ᠲᠡᠭᠦᠯᠳᠡᠷᠵᠢᠭᠦᠯᠬᠦ | ᠶᠡᠷᠦᠩᠬᠡᠶ ᠱᠠᠭᠠᠷᠳᠠᠯᠭ᠎ᠠ ᠶᠢ ᠦᠨᠳᠦᠰᠦᠯᠡᠨ᠂ ᠬᠠᠮᠢᠶ᠎ᠠ ᠪᠦᠬᠦᠢ ᠪᠡᠯᠡ ᠮᠥᠩᠭᠦᠨ ᠤ ᠠᠷᠭ᠎ᠠ ᠵᠠᠮ ᠢᠶᠠᠷ ᠳᠠᠮᠵᠢᠭᠤᠯᠤᠨ ᠰᠤᠷᠭᠠᠨ ᠬᠥᠮᠦᠵᠢᠯ ᠤᠨ ᠦᠢᠯᠡᠰ ᠲᠤ | ᠦᠷᠭᠦᠯᠵᠢᠯᠡᠨ ᠳᠡᠮᠵᠢᠯᠭᠡ ᠦᠵᠡᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠨᠢ ᠴᠤ ᠭᠡᠳ ᠰᠤᠷᠭᠠᠨ ᠬᠥᠮᠦᠵᠢᠯ ᠤᠨ ᠰᠢᠯᠵᠢᠭᠦᠯᠦᠨ ᠥᠭᠬᠦ ᠳᠦᠷᠢᠮ ᠢ | ᠵᠣᠬᠢᠴᠠᠩᠭᠤᠶ ᠪᠠᠷ ᠲᠡᠭᠦᠯᠳᠡᠷᠵᠢᠭᠦᠯᠬᠦ ᠬᠡᠷᠡᠭᠲᠡᠶ᠃ | ︵ᠭᠤᠷᠪᠠ︶ ᠣᠷᠣᠨ ᠨᠤᠲᠤᠭ ᠤᠨ ᠡᠷᠬᠡ ᠪᠠ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠤ᠂ ᠠᠶᠢᠮᠠᠭ ᠬᠤᠲᠠ ᠶᠢᠨ ᠨᠢᠭᠡᠳᠦᠯᠲᠡᠶ ᠲᠥᠯᠥᠪᠯᠡᠬᠦ ᠶᠢ | ᠴᠢᠩᠭᠠᠳᠬᠠᠬᠤ ᠬᠡᠷᠡᠭᠲᠡᠶ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠲᠥᠰᠦᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠰᠤᠷᠭᠠᠨ ᠬᠥᠮᠥᠵᠢᠯ ᠤᠨ ᠬᠦᠷᠢᠶᠡᠨ ᠳᠠᠬᠢ ᠡᠳ᠋ ᠤᠨ | ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠣᠬᠢᠰᠲᠠᠶ ᠬᠤᠪᠢᠶᠠᠷᠢᠯᠠᠬᠤ ᠬᠡᠷᠡᠭᠲᠡᠶ᠃ ᠠᠶᠢᠮᠠᠭ ᠬᠤᠲᠠ ᠶᠢᠨ ᠡᠭᠦᠷᠭᠡᠯᠡᠬᠦ ᠳᠤ | ᠵᠤᠬᠢᠯᠳᠤᠬᠤ ᠰᠤᠷᠭᠠᠨ ᠬᠥᠮᠦᠵᠢᠯ ᠤᠨ ᠬᠦᠷᠢᠶᠡᠨ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠵᠠᠷᠤᠯᠭ᠎ᠠ ᠶᠢᠨ ᠬᠠᠷᠢᠭᠤᠴᠠᠯᠭ᠎ᠠ ᠶᠢ ᠠᠶᠢᠮᠠᠭ ᠬᠤᠲᠠ | ᠡᠭᠦᠷᠭᠡᠯᠡᠵᠦ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠡᠲᠦ ᠶᠡᠭᠡ ᠵᠠᠷᠤᠯᠭ᠎ᠠ ᠶᠢᠨ ᠬᠠᠷᠢᠭᠤᠴᠠᠯᠭ᠎ᠠ ᠡᠭᠦᠷᠭᠡᠯᠡᠬᠦ ᠠᠴᠠ ᠵᠠᠶᠢᠯᠠᠰᠬᠢᠬᠦ | ᠬᠡᠷᠡᠭᠲᠡᠶ᠃ ᠠᠶᠢᠮᠠᠭ ᠬᠤᠲᠠ ᠶᠢᠨ ᠨᠢᠭᠡᠳᠦᠯᠲᠡᠶ ᠲᠥᠯᠥᠪᠯᠡᠨ ᠲᠡᠩᠴᠡᠭᠦᠯᠬᠦ ᠴᠢᠳᠠᠪᠤᠷᠢ ᠶᠢ ᠴᠢᠩᠭᠠᠳᠬᠠᠵᠤ᠂ ᠬᠦᠴᠢᠷᠳᠡᠯᠲᠡᠶ ᠭᠠᠵᠠᠷ ᠣᠷᠣᠨ ᠳᠤ ᠰᠢᠯᠵᠢᠭᠦᠯᠦᠨ ᠥᠭᠬᠦ | ᠡᠷᠴᠢᠮ ᠢ ᠴᠢᠩᠭᠠᠷᠠᠭᠤᠯᠬᠤ ᠬᠡᠷᠡᠭᠲᠡᠢ᠃ | ︵ᠳᠥᠷᠪᠡ︶ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠢᠷᠤᠮᠵᠢᠭᠤᠯᠤᠨ ᠠᠵᠢᠯᠯᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠠᠶᠢᠮᠠᠭ | ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠥᠰᠦᠯ ᠤᠨ ᠵᠣᠷᠢᠭ ᠰᠠᠨᠠᠭ᠎ᠠ ᠶᠣᠰᠣᠭᠠᠷ᠂ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠭᠰᠡᠨ | ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠳᠤ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ | ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ | ᠬᠠᠷᠢᠭᠤᠴᠠᠯᠭ᠎ᠠ ᠶᠢ ᠴᠠᠭ ᠲᠤ ᠨᠢ ᠲᠣᠬᠢᠷᠠᠭᠤᠯᠤᠨ ᠳᠡᠰ ᠳᠠᠷᠠᠭᠠᠯᠠᠯ ᠶᠤᠰᠤᠭᠠᠷ ᠦᠨᠳᠦᠰᠦᠨ ᠳᠤ ᠪᠠᠨ ᠵᠢᠷᠤᠮᠵᠢᠭᠤᠯᠵᠤ᠂ ᠬᠠᠤᠯᠢ ᠲᠣᠭᠲᠠᠭᠠᠯ ᠪᠤᠶᠤ ᠵᠠᠰᠠᠭ | ᠵᠠᠬᠢᠷᠭᠠᠨ ᠤ ᠲᠣᠭᠲᠠᠭᠠᠯ ᠳᠦᠷᠢᠮ ᠤᠨ ᠬᠡᠯᠪᠡᠷᠢ ᠪᠠᠷ ᠲᠣᠭᠲᠠᠭᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠳ᠋ ᠮᠥᠩᠭᠦ ᠬᠠᠮᠢᠶᠠᠷᠬᠤ ᠶᠢ | ᠲᠦᠷᠭᠡᠳᠬᠡᠨ ᠠᠬᠢᠭᠤᠯᠬᠤ ᠬᠡᠷᠡᠭᠲᠡᠢ᠃ | ︵ᠲᠠᠪᠤ︶ ᠥᠭᠡᠷᠡᠴᠢᠯᠡᠯᠲᠡ ᠶᠢ ᠵᠤᠬᠢᠴᠠᠯᠳᠤᠭᠤᠯᠤᠨ ᠠᠬᠢᠭᠤᠯᠵᠤ᠂ ᠰᠠᠶᠢᠨ ᠦᠢᠯᠡᠳᠦᠯᠴᠡᠯ ᠢ ᠪᠣᠢ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ | ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠬᠤᠪᠢᠶᠠᠷᠢᠯᠠᠬᠤ ᠥᠭᠡᠷᠡᠴᠢᠯᠡᠯᠲᠡ ᠶᠢ ᠰᠤᠷᠭᠠᠨ ᠬᠥᠮᠦᠵᠢᠯ ᠤᠨ | ᠬᠦᠷᠢᠶᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠲᠠᠢ ᠨᠢᠭᠲᠠ ᠤᠶᠠᠯᠳᠤᠭᠤᠯᠤᠨ᠂ ᠵᠤᠬᠢᠴᠠᠯᠳᠤᠭᠤᠯᠤᠨ ᠠᠬᠢᠭᠤᠯᠵᠤ᠂ ᠰᠠᠶᠢᠨ ᠦᠢᠯᠡᠳᠦᠯᠴᠡᠭᠦᠯᠦᠨ᠂ ᠨᠡᠶᠢᠯᠡᠮᠡᠯ | ᠬᠦᠴᠦᠨ ᠢ ᠪᠦᠷᠢᠯᠳᠦᠭᠦᠯᠬᠦ ᠶᠢᠨ ᠬᠠᠮᠲᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠵᠡᠷᠭᠡ ᠪᠠᠶᠢᠳᠠᠯ ᠢ ᠦᠨᠳᠦᠰᠦᠯᠡᠨ᠂ ᠤᠳᠤ ᠦᠶ᠎ᠡ ᠶᠢᠨ ᠡᠳ᠋ ᠤᠨ | ᠵᠠᠰᠠᠭ ᠤᠨ ᠲᠦᠷᠢᠮ ᠢ ᠲᠦᠷᠭᠡᠪᠴᠢᠯᠡᠨ ᠪᠠᠶᠢᠭᠤᠯᠬᠤ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ ᠠᠵᠢᠯ ᠶᠠᠪᠤᠳᠠᠯ | ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠬᠥᠳᠡᠯᠦᠩᠭᠦᠶ ᠪᠠᠷ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃ | ᠲᠤᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | |