12 ᠰᠠᠷ᠎ᠡ ᠶᠢᠨ 3 ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠱᠦᠵᠢ᠂ | ᠦᠪᠡᠷᠳᠡᠭᠡᠨ ᠵᠠᠰᠬᠠᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠶᠠᠨ ᠤ ᠡᠷᠬᠢᠯᠡᠭᠴᠢ | ᠱᠢ ᠲᠠᠢ ᠹᠧᠩ ᠦᠪᠡᠷᠳᠡᠭᠡᠨ ᠵᠠᠰᠬᠠᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠬᠤᠷᠢᠶᠠᠨ ᠤ ᠨᠢᠭᠡᠳᠤᠭᠡᠷ ᠤᠳᠠᠭ᠎ᠠ ᠶᠢᠨ ᠬᠤᠷᠠᠯ ᠵᠢᠴᠢ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠱᠠᠯᠠᠪᠳᠠᠭᠤᠯᠤᠨ ᠪᠠᠶᠢᠴᠠᠭᠠᠯᠳᠠ ᠳᠤ ᠬᠠᠷᠢᠭᠤ ᠲᠤᠰᠬᠠᠬᠰᠡᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ | ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠵᠢᠴᠢ ︽ᠡᠷᠬᠢᠨ ᠬᠠᠷᠠᠬᠤ︾ | ᠳᠤ ᠬᠠᠷᠢᠭᠤ ᠲᠤᠰᠬᠠᠬᠰᠡᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠡᠨ ᠪᠠᠶᠢᠳᠠᠯ ᠪᠤᠯᠤᠨ | ᠦᠪᠡᠷᠳᠡᠭᠡᠨ ᠵᠠᠰᠬᠠᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ | ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠤᠨᠤᠰᠴᠤ᠂ ᠤᠷᠴᠢᠨ ᠲᠤᠭᠤᠷᠢᠨ ᠤ ᠬᠠᠮᠠᠭᠠᠯᠠᠯᠳᠠ ᠶᠢ | ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ | ᠠᠵᠢᠯ ᠢ ᠰᠤᠳᠤᠯᠤᠨ ᠪᠠᠶᠢᠷᠢᠯᠠᠭᠤᠯᠪᠠ᠃ | ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠶᠠᠨ ᠤ | ᠡᠷᠬᠢᠯᠡᠭᠴᠢ ᠪᠦ᠋ ᠰᠢᠶᠤᠤ ᠯᠢᠨ᠂ ᠲᠡᠳ᠋ ᠡᠷᠬᠢᠯᠡᠭᠴᠢ ᠯᠢᠨ ᠱᠤᠤ ᠴᠦᠨ᠂ ᠵᠠᠩ ᠱᠤᠤ ᠴᠦᠨ᠂ ᠠᠢ ᠯᠢ ᠬᠤᠸᠠ᠂ ᠯᠢ | ᠪᠢᠩ ᠷᠦᠩ᠂ ᠾᠧᠩ ᠰᠢᠶᠤᠤ ᠹᠠᠨ ᠬᠤᠷᠠᠯ ᠳᠤ ᠤᠷᠤᠯᠴᠠᠵᠠᠢ᠃ | ᠬᠤᠷᠠᠯ ᠠᠴᠠ᠂ ᠤᠢᠢᠷ᠎ᠡ ᠶᠢᠨ ᠵᠢᠯ ᠠᠴᠠ ᠨᠠᠭᠠᠰᠢ᠂ ᠪᠦᠬᠦ ᠤᠷᠤᠨ ᠤ ᠲᠡᠭᠡᠳᠤ ᠲᠤᠤᠷᠠᠳᠤ ᠱᠠᠳᠤ ᠪᠠᠷ ᠢᠶᠠᠨ | ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠦᠳᠦᠭᠡᠨ ᠪᠠᠶᠢᠭᠤᠯᠤᠯᠳᠠ ᠳᠤ ᠢᠳᠡᠪᠬᠢᠳᠠᠢ ᠠᠬᠢᠯᠳᠠ ᠪᠠ | ᠦᠷ᠎ᠡ ᠪᠦᠳᠦᠮᠵᠢ ᠤᠯᠬᠤ ᠶᠢ ᠠᠬᠢᠭᠤᠯᠪᠠ᠃ ᠬᠡᠪᠡᠴᠤ ᠶᠡᠷᠤᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ | ᠲᠤᠬᠠᠢ ᠴᠢᠬᠤᠯᠠ ᠶᠠᠷᠢᠶ᠎ᠡ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠤᠯᠤᠨ ᠨᠠᠮ ᠤᠨ ᠲᠦᠪ | ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠲᠠᠢ ᠪᠠᠷᠢᠮᠵᠢᠶᠠᠯᠠᠪᠠᠯ ᠡᠯ᠎ᠡ ᠱᠠᠳᠤᠨ ᠤ ᠤᠳᠤᠷᠢᠳᠬᠤ | ᠺᠠᠳ᠋ᠷᠴᠤᠳ ᠦᠵᠡᠯ ᠰᠠᠨᠠᠭ᠎ᠠ ᠲᠠᠨᠢᠯᠳᠠ ᠪᠠᠨ ᠬᠦᠨᠵᠡᠬᠡᠶᠢᠷᠡᠬᠦᠯᠬᠦ᠂ ᠦᠢᠯᠡ ᠠᠵᠢᠯᠯᠠᠭ᠎ᠠ ᠲᠠᠬᠡᠷ᠎ᠠ ᠪᠠᠨ | ᠦᠢᠯᠡᠳᠦᠯᠬᠡᠵᠢᠬᠦᠯᠬᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠡᠯ᠎ᠡ ᠪᠠᠷ ᠪᠠᠰᠠ ᠪᠠᠭ᠎ᠠ ᠪᠤᠰᠤ | ᠵᠦᠷᠢᠶ᠎ᠡ ᠲᠠᠢ ᠪᠠᠶᠢᠭᠰᠠᠭᠠᠷ᠂ ᠮᠠᠨ ᠤ ᠤᠷᠤᠨ ᠤᠷᠤᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠬᠦᠯᠬᠦ᠂ ᠠᠵᠤ | ᠦᠢᠯᠡᠰ ᠤᠨ ᠪᠦᠳᠦᠴᠡ ᠶᠢ ᠲᠤᠬᠢᠷᠠᠭᠤᠯᠬᠤ᠂ ᠬᠦᠭᠵᠢᠯᠳᠠ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠵᠡᠷᠭᠡ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠦᠬᠦ ᠲᠠᠯ᠎ᠡ ᠳᠤ ᠬᠤᠯᠪᠤᠭᠳᠠᠬᠤ ᠴᠢᠬᠤᠯᠠ ᠶᠡᠭᠡ ᠠᠰᠠᠭᠤᠳᠠᠯ ᠢ | ᠬᠠᠷᠠᠬᠠᠨ ᠪᠦᠷᠢᠮᠤᠰᠤᠨ ᠰᠢᠢᠳᠪᠤᠷᠢᠯᠡᠭᠡᠳᠤᠢ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠤᠷᠴᠢᠨ | ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠬᠤ ᠠᠵᠢᠯ ᠮᠦᠨ ᠬᠦ ᠡᠬᠦᠷᠭᠡ ᠬᠦᠨᠳᠤ ᠵᠠᠮ ᠬᠤᠯᠠ ᠪᠠᠶᠢᠬᠰᠠᠭᠠᠷ᠃ | ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠬᠦᠯᠵᠤ᠂ ᠦᠵᠡᠯ | ᠰᠠᠨᠠᠭ᠎ᠠ ᠲᠠᠨᠢᠯᠳᠠ ᠪᠠᠨ ᠬᠦᠨᠵᠡᠭᠡᠶᠢᠷᠠᠬᠦᠯᠤᠨ᠂ ᠮᠠᠨ ᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ | ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠳᠤ ᠲᠤᠯᠭᠠᠷᠠᠵᠤ ᠪᠠᠶᠢᠭ᠎ᠠ ᠪᠠᠶᠢᠳᠠᠯ ᠡᠬᠦᠷᠭᠡ ᠶᠢ | ᠬᠦᠨᠵᠡᠭᠡᠢ ᠵᠠᠳᠠᠯᠤᠨ ᠤᠨᠤᠴᠠᠳᠠᠢ ᠰᠤᠳᠤᠯᠤᠨ ᠮᠠᠭᠠᠳᠯᠠᠵᠤ᠂ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠡᠷᠡᠰ | ᠭᠤᠶᠢᠪᠢᠰᠢ ᠦᠬᠡᠢ ᠲᠤᠭᠤᠰᠢᠯᠠᠭᠤᠯᠤᠨ᠂ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠳᠤ | ᠰᠠᠬᠢᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ | ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠰᠦᠪᠡᠭᠴᠢᠯᠡᠨ ᠰᠠᠶᠢᠳᠤᠷ ᠵᠠᠮᠨᠠᠬᠤ ᠭᠡᠷᠡᠭᠳᠠᠢ ᠭᠡᠵᠤ | ᠵᠢᠭᠠᠵᠤ ᠭᠠᠷᠭᠠᠪᠠ᠃ | ᠬᠤᠷᠠᠯ ᠠᠴᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠳᠠ ᠪᠤᠯ ᠰᠢᠰᠲ᠋ᠧᠮᠳᠤ ᠢᠨᠵᠧᠨᠧᠷᠢᠩ ᠪᠤᠯᠤᠨ᠎ᠠ᠂ ᠨᠢᠬᠡᠳᠤᠯᠳᠠᠢ ᠲᠦᠯᠤᠪᠵᠢᠬᠦᠯᠤᠨ ᠤᠳᠠᠭᠠᠨ | ᠳᠠᠭᠠᠭᠠᠮᠠᠭᠠᠢ ᠲᠠᠶᠢᠨ ᠬᠢᠬᠦ ᠴᠢᠬᠤᠯᠠᠳᠠᠢ ᠪᠦᠬᠡᠳ ᠪᠠᠰᠠ ᠭᠤᠤᠯᠳᠠᠯᠭ᠎ᠠ ᠶᠢ ᠲᠤᠪᠤᠶᠢᠯᠭᠠᠨ ᠪᠤᠭᠤᠮᠳᠠ ᠰᠢᠪᠳᠤᠯᠬᠤ | ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠳᠠᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ ᠪᠤᠭᠤᠮᠳᠠ ᠰᠢᠪᠳᠤᠯᠤᠨ | ᠬᠠᠷᠰᠢ ᠰᠠᠭᠠᠳ ᠢ ᠠᠷᠢᠯᠭᠠᠬᠤ ᠶᠢ ᠪᠠᠷᠢᠮᠳᠠᠯᠠᠵᠤ᠂ ᠭᠤᠤᠯᠳᠠᠯᠭ᠎ᠠ ᠲᠠᠢ ᠭᠠᠵᠠᠷ ᠤᠷᠤᠨ ᠤ ᠠᠭᠠᠷ ᠮᠠᠨᠳᠠᠯ ᠤᠨ | ᠪᠤᠬᠢᠷᠳᠤᠯ ᠢ ᠪᠦᠬᠦ ᠬᠦᠴᠤᠨ ᠢᠶᠠᠷ ᠴᠡᠭᠴᠡᠯᠡᠨ ᠵᠠᠰᠠᠵᠤ᠂ ᠭᠤᠤᠯᠳᠠᠯᠭ᠎ᠠ ᠲᠠᠢ ᠭᠤᠤᠯ ᠮᠦᠷᠡᠨ ᠨᠠᠭᠤᠷ ᠪᠦᠷᠢᠳᠦ ᠶᠢᠨ | ᠤᠰᠤᠨ ᠤ ᠠᠮᠢ ᠠᠬᠤᠢ᠂ ᠨᠤᠳᠤᠬ ᠪᠡᠯᠴᠢᠭᠡᠷ ᠤᠢ ᠰᠢᠭᠤᠢ ᠶᠢᠨ ᠠᠮᠢ ᠠᠬᠤᠢ ᠶᠢᠨ ᠵᠠᠰᠠᠯᠳᠠ ᠶᠢ ᠦᠷᠬᠦᠯᠵᠢᠯᠠᠨ | ᠠᠬᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠳᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠷ ᠰᠠᠶᠢᠳᠠᠢ ᠪᠡᠶᠡᠯᠡᠬᠦᠯᠵᠤ᠂ | ᠦᠨᠳᠤᠰᠤᠳᠠᠨ ᠨᠦᠭᠦᠳ ᠤᠨ ᠤᠯᠠᠨ ᠲᠦᠮᠡᠨ ᠪᠤᠯᠤᠨ ᠨᠡᠶᠢᠬᠡᠮ ᠤᠨ ᠡᠯ᠎ᠠ ᠲᠠᠯ᠎ᠠ ᠶᠢᠨ ᠬᠢᠨ ᠳᠤ ᠢᠯᠡᠳᠳᠡ | ᠬᠤᠪᠢᠷᠠᠯᠳᠠ ᠶᠢ ᠦᠵᠡᠬᠦᠯᠵᠤ᠂ ᠦᠨᠡᠨ ᠪᠤᠳᠠᠳᠠᠢ ᠬᠦᠷᠳᠡᠮᠵᠢ ᠶᠢᠨ ᠲᠦᠷᠦᠭᠳᠡᠯ ᠤᠯᠭᠤᠬᠤ ᠭᠡᠷᠡᠭᠳᠠᠢ᠃ ︽ᠠᠷᠪᠠᠨ | ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠨᠠᠶᠢᠷᠠᠭᠤᠯᠤᠨ ᠲᠤᠭᠳᠠᠭᠠᠬᠤ ᠠᠵᠢᠯ ᠲᠠᠢ ᠤᠶᠠᠯᠳᠤᠭᠤᠯᠤᠨ | ᠦᠨᠳᠤᠰᠤ ᠠᠴᠠ ᠨᠢ ᠵᠠᠰᠠᠬᠤ ᠠᠷᠭ᠎ᠠ ᠶᠢ ᠰᠦᠪᠡᠭᠴᠢᠯᠠᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ | ᠪᠦᠳᠤᠬᠡᠨ ᠪᠠᠶᠢᠭᠤᠯᠤᠯᠳᠠ ᠶᠢ ᠴᠢᠩᠭᠠᠳᠬᠠᠬᠤ ᠶᠡᠭᠡ ᠲᠠᠯ᠎ᠠ ᠠᠴᠠ ᠡᠬᠦᠰᠴᠤ᠂ ᠤᠯᠤᠰ ᠤᠨ ᠨᠤᠳᠤᠬ ᠲᠡᠪᠢᠰᠬᠡᠷ ᠤᠨ | ᠤᠷᠤᠨ ᠵᠠᠢ᠂ ᠠᠵᠤ ᠤᠢᠢᠯᠡᠰ ᠤᠨ ᠰᠠᠭᠤᠷᠢᠨ᠂ ᠤᠷᠤᠨ ᠪᠦᠰᠠ ᠶᠢᠨ ᠠᠵᠤ ᠠᠬᠤᠢ ᠪᠤᠯᠤᠨ ᠬᠤᠳᠠ ᠶᠢᠨ ᠪᠦᠳᠦᠭᠡᠨ | ᠪᠠᠶᠢᠭᠤᠯᠤᠯᠳᠠ ᠶᠢᠨ ᠪᠠᠶᠢᠷᠢᠰᠢᠭᠤᠯᠤᠯᠳᠠ ᠶᠢ ᠲᠤᠬᠢᠷᠠᠭᠤᠯᠤᠨ ᠰᠢᠯᠢᠳᠡᠭᠵᠢᠬᠦᠯᠬᠦ ᠬᠡᠷᠡᠭᠳᠠᠢ᠂ ᠭᠤᠤᠯ ᠴᠤᠬᠴᠠ ᠶᠢᠨ | ᠴᠢᠳᠠᠪᠬᠢᠳᠤ ᠤᠷᠤᠨ ᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠳᠠᠪᠬᠢᠳᠤ | ᠤᠷᠤᠨ ᠢ ᠦᠨᠳᠦᠰᠦᠯᠡᠨ ᠪᠠᠶᠢᠷᠢ ᠲᠤᠭᠳᠠᠭᠠᠯᠳᠠ ᠬᠢᠬᠦ᠂ ᠲᠠᠪᠠᠭᠤᠯᠢᠬ ᠤᠷᠤᠨ ᠲᠡᠶᠢᠰᠢ ᠲᠦᠪᠯᠡᠷᠡᠬᠦᠯᠬᠦ᠂ ᠠᠰᠢᠬᠳᠠᠢ | ᠪᠠᠶᠢᠷᠢᠨ ᠳᠤ ᠤᠷᠤᠭᠤᠯᠤᠨ ᠬᠦᠭᠵᠢᠬᠦᠯᠬᠦ᠂ ᠵᠦᠢ ᠵᠤᠬᠢᠰᠳᠠᠢ ᠪᠠᠷ ᠪᠠᠶᠢᠷᠢᠰᠢᠭᠤᠯᠬᠤ ᠠᠵᠤ ᠤᠢᠢᠯᠡᠰ ᠤᠨ ᠠᠵᠢᠯ ᠤᠨ | ᠬᠤᠪᠢᠶᠠᠷᠢᠯᠠᠯ ᠤᠨ ᠰᠢᠰᠲ᠋ᠧᠮ ᠢ ᠬᠦᠴᠤᠯᠠᠨ ᠪᠠᠶᠢᠭᠤᠯᠵᠤ᠂ ᠵᠡᠬᠦᠨ᠂ ᠳᠤᠮᠳᠠ᠂ ᠪᠠᠷᠠᠭᠤᠨ ᠤᠷᠤᠨ ᠤ | ᠵᠦᠷᠢᠶᠠᠴᠢᠯᠡᠭᠰᠡᠨ ᠵᠤᠬᠢᠴᠠᠩᠭᠤᠢ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠤᠨ᠂ ᠪᠦᠬᠦ ᠬᠦᠷᠢᠶ᠎ᠠ ᠪᠦᠬᠦ | ᠲᠠᠯ᠎ᠠ ᠪᠠᠷ ᠪᠤᠬᠢᠷᠳᠤᠯ ᠦᠬᠡᠢ ᠬᠦᠭᠵᠢᠯᠲᠡ ᠲᠡᠶᠢᠰᠢ ᠰᠢᠯᠵᠢᠬᠦ ᠶᠢ ᠠᠬᠢᠭᠤᠯᠬᠤ ᠭᠡᠷᠡᠭᠳᠠᠢ᠃ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠪᠤᠯᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠬᠤ ᠶᠢᠨ | ᠵᠠᠩᠬᠢᠯᠠᠭ᠎ᠠ ᠨᠢ ᠤᠳᠤᠷᠢᠳᠬᠤ ᠺᠠᠳ᠋ᠷ ᠲᠤ ᠪᠠᠶᠢᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠪᠠᠶᠢᠨ᠎ᠠ᠂ ᠡᠯ᠎ᠠ | ᠠᠶᠢᠮᠠᠬ ᠬᠤᠳᠠ ᠡᠯ᠎ᠠ ᠬᠤᠰᠢᠭᠤᠨ ᠰᠢᠶᠠᠨ ᠨᠢ ᠲᠤᠰ ᠱᠠᠳᠤᠨ ᠤ ᠪᠠᠨ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠬᠤᠷᠢᠶ᠎ᠠ ᠶᠢ ᠲᠦᠷᠬᠡᠨ ᠪᠠᠶᠢᠭᠤᠯᠵᠤ᠂ ᠵᠤᠬᠢᠶᠠᠨ ᠪᠠᠶᠢᠭᠤᠯᠵᠦ ᠤᠳᠤᠷᠢᠳᠤᠬᠤ ᠪᠠᠨ ᠴᠢᠩᠭᠠᠳᠬᠠᠨ | ᠬᠠᠷᠢᠭᠤᠴᠠᠯᠭ᠎ᠠ ᠶᠢᠨ ᠭᠡᠯᠬᠢᠶ᠎ᠠ ᠶᠢ ᠴᠢᠩᠭᠠᠯᠠᠵᠤ᠂ ᠡᠯ᠎ᠠ ᠲᠠᠯ᠎ᠠ ᠶᠢᠨ ᠬᠢᠨ ᠤ ᠤᠶᠤᠨ ᠤᠬᠠᠭᠠᠨ ᠪᠠ ᠬᠦᠴᠤᠨ | ᠴᠢᠳᠠᠯ ᠢ ᠨᠢᠬᠳᠠᠷᠠᠭᠤᠯᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠡᠯ᠎ᠠ ᠵᠦᠢᠯ ᠤᠨ ᠰᠢᠢᠳᠪᠤᠷᠢᠳᠤ | ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠷᠡᠭᠳᠠᠢ ᠬᠡᠵᠤ ᠴᠢᠬᠤᠯᠠᠴᠢᠯᠠᠪᠠ᠃ | ᠬᠤᠷᠠᠯ ᠠᠴᠠ ︽ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠬᠤᠷᠢᠶᠠᠨ ᠤ ᠠᠵᠢᠯ ᠤᠨ ᠲᠦᠷᠢᠮ︾ ᠢ ᠬᠢᠨᠠᠨ ᠵᠦᠪᠯᠡᠵᠦ ᠪᠠᠳᠤᠯᠠᠨ᠂ ︽ᠲᠠᠯ᠎ᠠ ᠨᠤᠳᠤᠬ ᠲᠡᠬᠡᠷᠡᠬᠢ ᠶᠠᠷ᠎ᠠ ᠰᠤᠷᠪᠢ︾ | ᠬᠡᠬᠦ ᠲᠤᠰᠬᠠᠢ ᠰᠡᠳᠤᠪᠳᠤ ᠹᠢᠯᠢᠮ ᠢ ᠵᠤᠬᠢᠶᠠᠨ ᠪᠠᠶᠢᠭᠤᠯᠵᠤ ᠦᠵᠡᠬᠦᠯᠪᠠ᠃ | ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠶᠠᠨ ᠤ | ᠬᠡᠰᠢᠬᠦᠳ ᠬᠤᠷᠠᠯ ᠳᠤ ᠤᠷᠤᠯᠴᠠᠵᠠᠢ᠃ |