ᠪᠦ᠋ ᠰᠢᠶᠣᠤ ᠯᠢᠨ ᠠᠷᠵᠠᠢ ᠠᠭᠤᠢ ᠶᠢᠨ ᠬᠠᠮᠠᠭᠠᠯᠠᠯᠳᠠ ᠶᠢᠨ ᠪᠠᠶᠢᠳᠠᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2020/12/7

 

   

     12 ᠰᠠᠷ᠎ᠠ ᠶᠢᠨ 5  ᠤ ᠡᠳᠦᠷ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠷᠳᠤᠰ ᠬᠤᠳᠠ ᠶᠢᠨ ᠤᠳᠤᠬ ᠬᠤᠰᠢᠭᠤᠨ ᠳᠤ ᠬᠦᠷᠴᠦ᠂ ᠠᠷᠵᠠᠢ ᠠᠭᠤᠢ ᠶᠢᠨ ᠬᠠᠮᠠᠭᠠᠯᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠠᠷᠵᠠᠢ ᠠᠭᠤᠢ ᠨᠢ

︽ᠲᠠᠯ᠎ᠠ ᠨᠤᠲᠤᠭ ᠤᠨ ᠳ᠋ᠦᠨᠬᠤᠸᠠᠩ︾ ᠭᠡᠮᠡᠬᠦ ᠰᠠᠶᠢᠬᠠᠨ ᠠᠯᠳᠠᠷ ᠲᠠᠢ ᠶᠤᠮ᠂ ᠬᠦᠷᠡᠩ ᠤᠯᠠᠭᠠᠨ ᠬᠠᠶᠢᠷ ᠴᠢᠯᠠᠭᠤᠨ ᠠᠭᠤᠯᠠ ᠶᠢ ᠨᠦᠭᠡᠯᠡᠵᠦ ᠭᠠᠷᠭᠠᠭᠰᠠᠨ ᠪᠥᠭᠡᠳ ᠠᠭᠤᠯᠠᠨ ᠣᠷᠤᠢ ᠳᠤᠨᠢ ᠤᠤᠯ ᠳᠠᠭᠠᠨ ᠰᠦᠮ᠎ᠡ ᠲᠠᠢ ᠪᠠᠶᠢᠭᠰᠠᠨ ᠢᠶᠠᠷ ᠪᠠᠰᠠ ᠠᠷᠵᠠᠢ ᠠᠭᠤᠢ ᠶᠢᠨ ᠰᠦᠮ᠎ᠡ ᠭᠡᠳᠡᠭ᠃ ᠲᠡᠷᠡ ᠨᠢ 1600 ᠭᠠᠷᠤᠢ ᠵᠢᠯ ᠤᠨ ᠲᠡᠦᠬᠡ ᠲᠠᠢ ᠪᠠᠶᠢᠵᠦ᠂ ᠮᠠᠨ ᠤ ᠤᠷᠤᠨ ᠤ ᠬᠢᠯᠢ ᠳᠣᠲᠤᠷ᠎ᠠ ᠢᠯᠡᠷᠡᠭᠰᠡᠨ ᠬᠡᠪᠴᠢᠶ᠎ᠡ ᠪᠠᠷ ᠬᠠᠮᠤᠭ ᠶᠡᠭᠡ ᠴᠢᠯᠠᠭᠤᠨ ᠠᠭᠤᠢ ᠶᠢᠨ ᠪᠠᠷᠢᠯᠭ᠎ᠠ ᠶᠢᠨ ᠪᠦᠯᠦᠭᠵᠢᠯ ᠪᠤᠯᠬᠤ ᠪᠦᠭᠡᠳ ᠰᠦᠮ᠎ᠡ᠂ ᠠᠭᠤᠢ ᠶᠢᠨ ᠪᠠᠷᠢᠯᠭ᠎ᠠ᠂ ᠬᠠᠲᠠᠨ ᠰᠡᠶᠢᠯᠦᠮᠡᠯ ᠵᠢᠷᠤᠭ ᠲᠦᠷᠰᠦ᠂ ᠬᠠᠨ᠎ᠠ ᠶᠢᠨ ᠵᠢᠷᠤᠭ᠂ ᠱᠤᠭᠤᠮᠠᠯ ᠬᠦᠷᠦᠭ᠂ ᠫᠠᠶᠢᠰᠠ ᠪᠢᠴᠢᠯᠭᠡ ᠶᠢ ᠨᠢᠭᠡ ᠴᠤᠬᠴᠠᠵᠢᠭᠤᠯᠤᠭᠰᠠᠨ ᠪᠤᠷᠬᠠᠨ ᠱᠠᠰᠢᠨ ᠤ ᠤᠷᠠᠯᠢᠭ ᠤᠨ ᠡᠷᠳᠡᠨᠢ ᠶᠢᠨ ᠰᠠᠩ ᠪᠣᠯᠤᠨ᠎ᠠ᠂ ᠠᠭᠤᠢ ᠳᠣᠲᠤᠷ᠎ᠠ ᠲᠦᠪᠡᠳ ᠭᠡᠯᠡ᠂ ᠤᠢᠢᠭᠤᠷᠵᠢᠨ ᠮᠤᠩᠭᠤᠯ ᠭᠡᠯᠡᠨ ᠤ ᠫᠠᠶᠢᠰᠠ ᠪᠢᠴᠢᠯᠭᠡ ᠬᠠᠳᠠᠭᠠᠯᠠᠬᠳᠠᠵᠦ᠂ ᠡᠷᠳᠡᠨ ᠤ ᠦᠶ᠎ᠡ ᠶᠢᠨ ᠤᠯᠠᠨ ᠦᠨᠳᠦᠰᠦᠳᠡᠨ ᠤ ᠰᠤᠶᠤᠯ ᠤᠨ ᠰᠣᠯᠢᠯᠴᠠᠭ᠎ᠠ ᠶᠢ ᠲᠤᠰᠬᠠᠨ᠂ ᠮᠠᠰᠢ ᠦᠨᠳᠦᠷ ᠲᠡᠦᠭᠡ᠂ ᠰᠤᠶᠤᠯ ᠪᠠ ᠤᠷᠠᠯᠢᠭ ᠤᠨ ᠦᠷᠳᠡᠭ ᠲᠠᠢ ᠶᠤᠮ᠃
     ᠪᠦ᠋ ᠰᠢᠶᠤᠤ ᠯᠢᠨ ᠠᠭᠤᠯᠠ ᠲᠠᠭᠠᠨ ᠶᠠᠪᠤᠵᠦ ᠠᠭᠤᠢ ᠳᠤ ᠤᠷᠤᠵᠤ᠂ ᠬᠠᠨ᠎ᠠ ᠶᠢᠨ ᠵᠢᠷᠤᠭ ᠤᠨ ᠤᠳᠤᠬᠢ ᠪᠠᠶᠢᠳᠠᠯ ᠢ ᠪᠠᠶᠢᠴᠠᠭᠠᠨ ᠦᠵᠡᠵᠦ᠂ ᠠᠭᠤᠢ ᠶᠢ ᠬᠠᠮᠠᠭᠠᠯᠠᠨ ᠵᠠᠰᠠᠵᠦ ᠰᠡᠷᠬᠦᠭᠡᠬᠦ᠂ ᠡᠷᠳᠡᠮ ᠰᠢᠨᠵᠢᠯᠡᠭᠡᠨ ᠤ ᠰᠤᠳᠤᠯᠭᠠᠨ ᠵᠢᠴᠢ ᠬᠠᠭᠤᠴᠢ ᠦᠯᠡᠳᠡᠭᠳᠡᠯ ᠢ ᠬᠠᠮᠠᠭᠠᠯᠠᠬᠤ ᠲᠦᠯᠦᠪᠵᠢᠬᠦᠯᠭᠡ ᠪᠠ ᠲᠦᠰᠦᠯ ᠲᠤᠭᠳᠠᠭᠠᠭᠰᠠᠨ ᠪᠠᠶᠢᠳᠠᠯ ᠢ ᠤᠢᠢᠯᠠᠭᠠᠵᠦ᠂ ᠠᠷᠵᠠᠢ ᠠᠭᠤᠢ ᠶᠢ ᠪᠦᠬᠦᠯᠢ ᠴᠤᠬᠴᠠ ᠪᠠᠷ ᠨᠢ ᠬᠠᠮᠠᠭᠠᠯᠠᠬᠤ ᠶᠢᠨ ᠲᠠᠭᠠᠤ ᠬᠠᠭᠤᠴᠢ ᠰᠤᠳᠤᠯᠤᠯ ᠤᠨ ᠠᠭᠤᠳᠠᠯᠤᠯᠳᠠ ᠰᠤᠲᠤᠯᠭᠠᠨ ᠤ ᠠᠵᠢᠯ ᠢ ᠰᠠᠶᠢᠳᠤᠷ ᠬᠢᠵᠦ᠂ ᠡᠬᠦᠨ ᠳᠤ ᠠᠭᠤᠯᠤᠭᠳᠠᠵᠦ ᠪᠠᠶᠢᠭ᠎ᠠ ᠰᠤᠶᠤᠯ ᠤᠨ ᠳᠤᠳᠤᠭᠠᠳᠦ ᠠᠭᠤᠯᠬᠤᠨ ᠢ ᠠᠭᠤᠳᠠᠯᠤᠨ᠂ ᠠᠭᠤᠢ ᠶᠢᠨ ᠲᠡᠦᠭᠡ ᠰᠤᠶᠤᠯ ᠤᠨ ᠦᠨ᠎ᠡ ᠦᠷᠳᠡᠭ ᠢ ᠪᠠᠳᠠᠷᠠᠭᠤᠯᠬᠤ ᠭᠡᠷᠡᠭᠲᠡᠢ ᠭᠡᠵᠦ ᠱᠠᠭᠠᠷᠳᠠᠪᠠ᠃ ᠪᠦ᠋ ᠰᠢᠶᠤᠤ ᠯᠢᠨ᠂ ᠠᠭᠤᠢ ᠶᠢᠨ ᠰᠦᠮ᠎ᠡ ᠶᠢᠨ ᠬᠠᠮᠠᠭᠠᠯᠠᠯᠳᠠ ᠪᠠ ᠠᠰᠢᠬᠯᠠᠯᠳᠠ ᠶᠢ ᠴᠢᠩᠭᠠᠳᠬᠠᠬᠤ ᠨᠢ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠡᠨ ᠬᠦᠭᠵᠢᠬᠦᠯᠬᠦ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠲᠡᠤᠭᠡ ᠶᠢᠨ ᠲᠤᠷᠠᠰᠬᠠᠯᠳᠤ ᠵᠦᠢᠯᠡᠰ ᠤᠨ ᠠᠵᠢᠯ ᠤᠨ ᠲᠤᠬᠠᠢ ᠶᠡᠷᠤᠩᠭᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠦᠬᠦᠯᠡᠯᠳᠠ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ᠂ ᠠᠭᠤᠢ ᠶᠢᠨ ᠰᠦᠮ᠎ᠡ ᠶᠢᠨ ᠬᠠᠮᠠᠭᠠᠯᠠᠯᠳᠠ ᠪᠠ ᠠᠰᠢᠬᠯᠠᠯᠳᠠ ᠶᠢᠨ ᠠᠵᠢᠯ ᠢ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠡᠨ ᠲᠢᠩᠭᠢᠮ ᠤᠨ ᠵᠢᠯᠤᠭᠤᠳᠬᠤ ᠰᠠᠨᠠᠯ ᠢ ᠰᠠᠶᠢᠳᠤᠷ ᠨᠠᠶᠢᠳᠠᠪᠤᠷᠢᠵᠢᠭᠤᠯᠵᠤ᠂ ᠬᠠᠭᠤᠴᠢ ᠰᠤᠳᠤᠯᠤᠯ ᠤᠨ ᠠᠵᠢᠯ ᠪᠠ ᠲᠡᠤᠭᠡ ᠶᠢᠨ ᠰᠣᠳᠤᠯᠭᠠᠨ ᠢ ᠴᠢᠩᠭᠠᠳᠬᠠᠨ᠂ ᠠᠭᠤᠢ ᠶᠢᠨ ᠰᠦᠮ᠎ᠡ ᠵᠡᠷᠭᠡ ᠲᠡᠤᠭᠡ ᠰᠤᠶᠤᠯ ᠤᠨ ᠦᠪ ᠢ ᠰᠠᠶᠢᠳᠤᠷ ᠬᠠᠮᠠᠭᠠᠯᠠᠨ ᠤᠯᠠᠮᠵᠢᠯᠠᠵᠤ᠂ ᠪᠦᠬᠦ ᠨᠡᠶᠢᠭᠡᠮ ᠤᠨ ᠲᠡᠤᠭᠡ ᠰᠤᠶᠤᠯ ᠤᠨ ᠰᠢᠮ᠎ᠡ ᠲᠡᠵᠢᠭᠡᠯ ᠢ ᠪᠠᠶᠠᠯᠢᠬᠵᠢᠭᠤᠯᠤᠨ᠂ ᠲᠡᠤᠭᠡ ᠪᠠᠷ ᠬᠦᠮᠦᠨ ᠬᠦᠮᠦᠵᠢᠬᠦᠯᠬᠦ ᠦᠢᠯᠡᠳᠦᠯ ᠢ ᠪᠠᠳᠠᠷᠠᠭᠤᠯᠵᠤ᠂ ᠰᠤᠶᠤᠯ ᠤᠨ ᠢᠲᠡᠭᠡᠯ ᠢ ᠨᠡᠮᠡᠭᠳᠡᠬᠦᠯᠬᠦ ᠳᠤ ᠨᠡᠩ ᠬᠦᠴᠤᠳᠠᠢ ᠲᠤᠯᠭᠠᠭᠤᠷᠢᠯᠠᠯ ᠬᠠᠨᠭ᠍ᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃
     ᠦᠪᠡᠷᠳᠡᠭᠡᠨ ᠵᠠᠰᠬᠠᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠵᠠᠢ᠃

ᠢᠷᠡᠯᠲᠡ᠄ ᠳᠣᠮᠳᠠᠳᠣ ᠣᠯᠣᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ