ᠬᠠᠭᠤᠴᠢᠨ ᠬᠤᠷᠢᠶᠠᠯᠠᠯ ᠳᠤ ᠴᠠᠬᠢᠯᠭᠠᠨ ᠱᠠᠲᠤ ᠨᠡᠮᠡᠵᠦ ᠤᠭᠰᠠᠷᠠᠪᠠ
ᠨᠡᠶᠢᠲᠡᠯᠡᠭᠰᠡᠨ ᠴᠠᠭ᠄
2020/12/8


    12 ᠳ᠋ᠤᠭᠠᠷ ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠶᠠᠯᠠᠯ ᠤᠨ ᠴᠠᠬᠢᠯᠭᠠᠨ ᠱᠠᠲᠤ ᠤᠭᠰᠠᠷᠠᠭᠰᠠᠨ ᠬᠠᠭᠤᠴᠢᠨ ᠰᠠᠭᠤᠭᠠᠯᠢ ᠠᠷᠠᠳ ᠤᠨ ᠠᠰᠠᠷ ᠤᠨ ᠬᠠᠵᠠᠭᠤ ᠪᠠᠷ ᠰᠠᠭᠤᠭᠠᠯᠢ ᠠᠷᠠᠳ ᠥᠩᠭᠡᠷᠡᠵᠦ ᠪᠠᠶᠢᠭ᠎ᠠ ᠨᠢ᠃
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠶᠠᠯᠠᠯ ᠤᠨ ᠰᠠᠭᠤᠭᠠᠯᠢ ᠠᠷᠠᠳ ᠤᠨ ᠠᠰᠠᠷ ᠲᠤ ᠨᠡᠮᠡᠵᠦ ᠤᠭᠰᠠᠷᠠᠭᠰᠠᠨ 10 ᠴᠠᠬᠢᠯᠭᠠᠨ ᠱᠠᠲᠤ ᠶᠢᠨ ᠪᠠᠷᠢᠯᠭ᠎ᠠ ᠲᠠᠭᠤᠰᠤᠭᠠᠳ ᠰᠢᠯᠭᠠᠨ ᠠᠪᠬᠤ ᠶᠢᠨ ᠬᠠᠮᠲᠤ ᠲᠤᠰᠢᠶᠠᠨ ᠬᠡᠷᠡᠭᠯᠡᠭᠦᠯᠵᠡᠢ᠃ ᠡᠨᠡ ᠨᠢ᠂ ᠬᠠᠭᠤᠴᠢᠨ ᠬᠤᠷᠢᠶᠠᠯᠠᠯ ᠤᠨ ᠳᠡᠭᠡᠳᠦ ᠳᠠᠪᠬᠤᠷᠭ᠎ᠠ ᠶᠢᠨ ᠰᠠᠭᠤᠭᠠᠯᠢ ᠠᠷᠠᠳ ᠤᠨ ᠠᠰᠠᠷ ᠳᠠᠪᠠᠭ᠋ᠤ ᠪᠠ ᠪᠠᠭᠤᠬᠤ ᠠᠰᠠᠭᠤᠳᠠᠯ ᠢ ᠰᠢᠢᠳᠪᠦᠷᠢᠯᠡᠬᠦ ᠳᠤ ᠵᠣᠷᠢᠭᠤᠯᠵᠠᠢ᠃


    12 ᠳ᠋ᠤᠭᠠᠷ ᠰᠠᠷ᠎ᠠ ᠶᠢᠨ 7 ᠤ ᠡᠳᠦᠷ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠶᠠᠯᠠᠯ ᠤᠨ ᠨᠢᠭᠡᠨ ᠬᠠᠭᠤᠴᠢᠨ ᠰᠠᠭᠤᠭᠠᠯᠢ ᠠᠷᠠᠳ ᠤᠨ ᠠᠰᠠᠷ ᠲᠤ ᠨᠡᠮᠡᠵᠦ ᠤᠭᠰᠠᠷᠠᠭᠰᠠᠨ ᠴᠠᠬᠢᠯᠭᠠᠨ ᠱᠠᠲᠤ ᠠᠴᠠ ᠰᠠᠭᠤᠭᠠᠯᠢ ᠠᠷᠠᠳ ᠭᠠᠷᠴᠤ ᠢᠷᠡᠵᠦ ᠪᠠᠶᠢᠭ᠎ᠠ ᠨᠢ᠃


     12 ᠳ᠋ᠤᠭᠠᠷ ᠰᠠᠷ᠎ᠠ ᠶᠢᠨ 7 ᠤ ᠡᠳᠦᠷ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠶᠠᠯᠠᠯ ᠤᠨ ᠨᠢᠭᠡᠨ ᠬᠠᠭᠤᠴᠢᠨ ᠰᠠᠭᠤᠭᠠᠯᠢ ᠠᠷᠠᠳ ᠤᠨ ᠠᠰᠠᠷ ᠲᠤ ᠤᠭᠰᠠᠷᠠᠭᠰᠠᠨ ᠴᠠᠬᠢᠯᠭᠠᠨ ᠱᠠᠲᠤ ᠶᠢᠨ ᠡᠭᠦᠳᠡᠨ ᠳᠤ ᠠᠵᠢᠯᠲᠠᠳ ᠪᠠᠷᠢᠯᠭ᠎ᠠ ᠳᠠᠭᠤᠰᠤᠭᠰᠠᠨ ᠢᠯᠡᠷᠬᠡᠶᠢᠯᠡᠯ ᠡᠯᠭᠦᠵᠦ ᠪᠠᠶᠢᠭ᠎ᠠ ᠨᠢ᠃

ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ