ᠬᠤᠸᠠᠩ ᡁᠢ ᠴᠢᠶᠠᠩ ᠠᠯᠠᠱᠠ ᠪᠠᠷᠠᠭᠤᠨ ᠬᠤᠰᠢᠭᠤᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠬᠤ ᠳᠠᠭᠠᠨ ᠬᠤᠯᠪᠣᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠶ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/2/11
     2 ᠰᠠᠷ᠎ᠠ ᠶᠢᠨ 9᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠠᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠠᠳ᠋ ᠶᠡᠷᠦᠩᠬᠡᠶ ᠵᠢᠯᠣᠭᠤᠳᠣᠭᠴᠢ ᠬᠤᠸᠠᠩ ᡁᠢ ᠴᠢᠶᠠᠩ ᠠᠯᠠᠱᠠ ᠪᠠᠷᠠᠭᠤᠨ ᠬᠤᠰᠢᠭᠤᠨ ᠳᠤ ᠬᠦᠷᠴᠦ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠸᠠᠩ ᡁᠢ ᠴᠢᠶᠠᠩ ᠤᠷᠢᠳ ᠬᠤᠵᠢᠳ ᠠᠯᠠᠱᠠᠨ ᠪᠠᠷᠠᠭᠤᠨ ᠬᠤᠰᠢᠭᠤᠨ ᠤ ᠬᠠᠶᠢᠰᠤᠨ ᠴᠢᠯᠠᠭᠤ᠂ ᠴᠠᠭᠠᠨ ᠲᠥᠩᠭᠡ᠂ ᠠᠯᠲᠠᠨ ᠣᠪᠣᠭ᠎ᠠ ᠪᠠᠯᠭᠠᠰᠤ ᠵᠡᠷᠭᠡ ᠵᠠᠮ ᠬᠠᠷᠢᠯᠴᠠᠭᠠᠨ ᠤ ᠪᠠᠶᠢᠴᠠᠭᠠᠯᠲᠠ ᠶᠢᠨ ᠥᠷᠲᠡᠭᠡ ᠪᠠ ᠠᠯᠠᠱᠨ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ᠂ ᠠᠵᠢᠯᠲᠠᠨ ᠤ ᠪᠠᠶᠢᠷᠢᠯᠠᠭᠤᠯᠤᠯᠲᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ᠂ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠵᠢᠴᠢ ᠡᠮᠨᠡᠯᠭᠡ ᠶᠢᠨ ᠬᠤᠷᠢᠶᠠᠨ ᠤ ᠲᠦᠷᠭᠡᠨ ᠡᠮᠴᠢᠯᠡᠭᠡ ᠶᠢ ᠭᠥᠯᠢᠶᠡᠨ ᠠᠪᠬᠤ᠂ ᠰᠢᠭᠰᠢᠨ ᠪᠠᠶᠢᠴᠠᠭᠠᠬᠤ ᠶᠠᠪᠤᠴᠠ ᠵᠢᠴᠢ ᠰᠡᠷᠭᠡᠶᠢᠯᠡᠨ ᠬᠠᠮᠠᠭᠠᠯᠠᠵᠤ ᠠᠪᠤᠷᠠᠨ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠪᠠᠶᠢᠴᠠᠭᠠᠨ ᠵᠢᠯᠤᠭᠤᠳᠪᠠ᠃      ᠬᠤᠸᠠᠩ ᡁᠢ ᠴᠢᠶᠠᠩ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠮᠠᠯ ᠵᠠᠮ ᠳᠤ ᠭᠠᠷᠬᠤ ᠪᠤᠭᠤᠮᠲᠠ ᠶᠢ ᠴᠢᠩᠭ᠎ᠠ ᠰᠠᠬᠢᠵᠤ᠂ ᠵᠠᠰᠠᠮᠠᠯ ᠵᠠᠮ ᠢᠶᠠᠷ ᠣᠷᠣᠵᠤ ᠭᠠᠷᠬᠤ ᠲᠡᠷᠬᠡ ᠬᠦᠮᠦᠨ ᠢ ᠡᠷᠭᠡᠪᠰᠢ ᠪᠠᠶᠢᠴᠠᠭᠠᠵᠤ᠂ ᠨᠢᠭᠡ ᠶᠢ ᠴᠤ ᠤᠷᠬᠢᠬᠳᠠᠭᠤᠯᠬᠤ ᠥᠬᠡᠶ ᠪᠠᠶᠢᠬᠤ ᠶᠢ ᠪᠠᠲᠤᠯᠠᠵᠤ᠂ ᠬᠢᠵᠢᠭ ᠤᠨ ᠪᠠᠶᠢᠳᠠᠯ ᠣᠷᠣᠵᠤ ᠢᠷᠡᠬᠦ ᠶᠢ ᠡᠷᠡᠰ ᠬᠤᠷᠢᠭᠯᠠᠬᠤ ᠬᠡᠷᠡᠭᠲᠡᠶ ᠭᠡᠵᠡᠶ᠃ ᠡᠯ᠎ᠡ ᠠᠵᠢᠯ ᠲᠥᠷᠥᠯ ᠤᠨ ᠬᠢᠨ ᠤ ᠦᠢᠯᠡᠳᠪᠦᠷᠢᠯᠡᠯ ᠢᠶᠠᠨ ᠰᠡᠷᠭᠦᠭᠡᠬᠦ ᠪᠡᠯᠡᠳᠬᠡᠯ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠬ᠎ᠠ ᠳᠡᠯᠭᠡᠭᠦᠷ ᠢᠶᠠᠷ ᠬᠥᠲᠥᠯᠥᠨ ᠵᠢᠯᠣᠭᠤᠳᠤᠭᠤᠯᠬᠤ︾ ᠵᠠᠷᠴᠢᠮ ᠶᠣᠰᠣᠭᠠᠷ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠶᠣᠰᠣᠭᠠᠷ ᠠᠵᠢᠯ ᠡᠬᠢᠯᠡᠬᠦ ᠪᠠ ᠠᠵᠢᠯ ᠰᠡᠷᠭᠦᠭᠡᠬᠦ ᠠᠵᠤ ᠠᠬᠤᠶᠢᠯᠠᠯ ᠤᠨ ᠰᠡᠷᠭᠡᠶᠢᠯᠡᠨ ᠬᠠᠮᠠᠭᠠᠯᠠᠬᠤ ᠡᠳ᠋ ᠪᠣᠳᠠᠰ᠂ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠵᠠᠰᠠᠬᠤ ᠡᠨᠡ ᠬᠦ ᠱᠤᠭᠤᠮ ᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠢᠨ ᠤᠷᠢᠳᠴᠢᠯᠠᠨ ᠵᠢᠯᠣᠭᠤᠳᠴᠤ᠂ ᠲᠤᠰᠬᠠᠶ ᠮᠡᠷᠭᠡᠵᠢᠯ ᠤᠨ ᠪᠣᠯᠪᠠᠰᠤᠷᠠᠯ ᠢᠶᠠᠨ ᠴᠢᠩᠭᠠᠷᠠᠭᠤᠯᠤᠨ᠂ ᠠᠶᠤᠯ ᠲᠦᠭᠰᠢᠭᠦᠷᠢ ᠶᠡᠬᠡᠲᠡᠶ ᠬᠥᠮᠦᠰ ᠢ ᠰᠠᠨᠠᠭᠠᠴᠢᠯᠠᠭ᠎ᠠ ᠠᠴᠠ ᠪᠠᠨ ᠰᠢᠭᠰᠢᠨ ᠪᠠᠶᠢᠴᠠᠭᠠᠵᠤ ᠢᠯᠡᠷᠡᠭᠦᠯᠬᠦ ᠶᠢᠨ ᠬᠠᠮᠲᠤ ᠴᠠᠭ ᠲᠤᠬᠠᠶ ᠳᠤᠨᠢ ᠬᠠᠮᠢᠶᠠᠷᠤᠨ ᠡᠵᠡᠮᠳᠡᠵᠦ ᠴᠢᠳᠠᠬᠤ ᠬᠡᠷᠡᠭᠲᠡᠶ᠃ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ ᠨᠡᠶᠢᠲᠡᠯᠢᠭ ᠡᠪᠡᠳᠴᠢᠨ ᠤ ᠵᠢᠱᠢᠶ᠎ᠡ ᠶᠢᠨ ᠬᠠᠯᠳᠠᠪᠤᠷᠢᠯᠠᠬᠤ ᠬᠡᠯᠬᠢᠶᠡᠰᠦ ᠶᠢ ᠲᠣᠳᠣᠷᠬᠠᠶ ᠤᠢᠢᠯᠠᠭᠠᠭᠤᠯᠵᠤ᠂ ᠥᠷᠭᠡᠨ ᠣᠯᠠᠨ ᠲᠦᠮᠡᠨ ᠤ ᠤᠬᠠᠮᠰᠠᠷ ᠠᠴᠠ ᠪᠠᠨ ᠰᠡᠷᠭᠡᠶᠢᠯᠡᠯᠲᠡ ᠪᠠᠨ ᠴᠢᠩᠭᠠᠳᠬᠠᠬᠤ ᠶᠢ ᠬᠥᠲᠥᠯᠥᠨ ᠵᠢᠯᠣᠭᠤᠳᠬᠤ ᠬᠡᠷᠡᠭᠲᠡᠶ᠃ ᠬᠤᠯᠪᠤᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠦᠨᠳᠦᠰᠦᠨ ᠱᠠᠲᠤᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠳᠠᠶᠢᠴᠢᠯᠠᠯᠲᠠ᠂ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠲᠤᠰᠠᠭᠠᠷᠯᠠᠨ ᠲᠠᠰᠤᠯᠬᠤ᠂ ᠡᠮ ᠡᠮᠨᠡᠯᠭᠡ ᠶᠢᠨ ᠠᠪᠤᠷᠠᠨ ᠵᠠᠰᠠᠬᠤ ᠵᠡᠷᠭᠡ ᠲᠠᠯ᠎ᠠ ᠪᠠᠷ ᠪᠣᠳᠠᠲᠠᠶ ᠶᠢ ᠡᠷᠬᠢᠮᠯᠡᠭᠰᠡᠨ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠲᠣᠭᠲᠠᠭᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠶ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号