ᠲᠦᠷᠭᠡᠨ ᠬᠦᠷᠭᠡᠯᠳᠡ ᠶᠢᠨ ᠪᠤᠭᠤᠳᠠᠯ ᠢ ᠠᠪᠬᠤ ᠳᠤ ᠡᠨᠡ ᠬᠡᠳᠦᠨ ᠲᠠᠯ᠎ᠠ ᠶᠢ ᠠᠩᠬᠠᠷᠬᠤ ᠬᠡᠷᠡᠭᠳᠡᠢ
ᠨᠡᠶᠢᠲᠡᠯᠡᠭᠰᠡᠨ ᠴᠠᠭ᠄
2020/2/12

     ᠠᠰᠠᠭᠤᠯᠳᠠ᠄ ᠲᠦᠷᠭᠡᠨ ᠬᠦᠷᠭᠡᠯᠳᠡ ᠨᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠢ  ᠲᠠᠷᠬᠠᠭᠠᠨ᠎ᠠ ᠦᠦ︖ ᠲᠦᠷᠭᠡᠨ ᠬᠦᠷᠭᠡᠯᠳᠡ ᠶᠢᠨ ᠪᠤᠭᠤᠳᠠᠯ ᠢ ᠠᠪᠬᠤ ᠳᠤ ᠶᠠᠮᠠᠷ ᠠᠩᠬᠠᠷᠬᠤ ᠵᠦᠢᠯ ᠪᠠᠶᠢᠬᠤ

ᠪᠤᠢ︖        
     ᠬᠠᠷᠢᠭᠤᠯᠳᠠ᠄ ᠤᠳᠤᠬᠠᠨ ᠤ  ᠰᠢᠨ᠎ᠠ  ᠲᠢᠳᠢᠮᠯᠢᠭ  ᠠᠭᠤᠰᠬᠢᠨ  ᠦᠷᠪᠢᠰᠦᠯ ᠤᠨ  ᠲᠤᠬᠠᠢ  ᠳᠠᠨᠢᠨ  ᠮᠡᠳᠡᠭᠰᠡᠨ ᠢ ᠦᠨᠳᠦᠰᠦᠯᠡᠪᠡᠯ᠂  ᠲᠡᠭᠦᠨ ᠤ  ᠭᠤᠤᠯ  ᠬᠠᠯᠳᠠᠪᠤᠷᠢᠯᠠᠬᠤ  ᠠᠷᠭ᠎ᠠ  ᠵᠠᠮ ᠨᠢ  ᠠᠮᠢᠰᠬᠤᠯ ᠤᠨ  ᠵᠠᠮ ᠤᠨ  ᠦᠰᠦᠷᠳᠡᠰᠦ ᠪᠠ ᠬᠦᠷᠦᠯᠴᠡᠬᠦ ᠠᠴᠠ ᠲᠠᠷᠬᠠᠳᠠᠭ᠃  ᠶᠡᠷᠦ ᠶᠢᠨ  ᠪᠠᠶᠢᠳᠠᠯ  ᠲᠤᠤᠷ᠎ᠠ᠂  ᠲᠦᠷᠭᠡᠨ  ᠬᠦᠷᠭᠡᠯᠳᠡ ᠶᠢᠨ  ᠪᠤᠭᠤᠳᠠᠯ ᠢ ᠲᠡᠭᠡᠭᠡᠪᠤᠷᠢᠯᠡᠬᠦ ᠶᠠᠪᠤᠴᠠ ᠳᠤ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠲᠤ ᠪᠤᠬᠢᠷᠳᠤᠭᠳᠠᠬᠤ  ᠪᠤᠯᠤᠯᠴᠠᠭ᠎ᠠ ᠪᠠᠭ᠎ᠠ  ᠪᠠᠶᠢᠳᠠᠭ᠃ ᠤᠳᠤᠬᠠᠨ ᠳᠤ ᠲᠦᠷᠭᠡᠨ ᠬᠦᠷᠭᠡᠯᠳᠡ ᠶᠢ ᠬᠦᠯᠢᠶᠡᠨ ᠠᠪᠤᠭᠰᠠᠨ ᠠᠴᠠ ᠪᠤᠯᠵᠤ᠂ ᠰᠢᠨ᠎ᠠ  ᠲᠢᠳᠢᠮᠯᠢᠭ  ᠠᠭᠤᠰᠬᠢᠨ  ᠦᠷᠪᠢᠰᠦᠯ ᠬᠠᠯᠳᠠᠪᠤᠷᠢᠯᠠᠭᠰᠠᠨ ᠲᠤᠬᠠᠢ  ᠮᠡᠳᠡᠭᠡᠯᠡᠯ  ᠬᠠᠷᠠᠬᠠᠨ  ᠭᠠᠷᠤᠭ᠎ᠠ  ᠦᠭᠡᠢ᠃ ᠰᠢᠨ᠎ᠠ  ᠲᠢᠳᠢᠮᠯᠢᠭ ᠠᠭᠤᠰᠬᠢᠨ ᠦᠷᠪᠢᠰᠦᠯ ᠤᠨ ᠲᠠᠷᠬᠠᠭᠰᠠᠨ ᠭᠠᠵᠠᠷ ᠤᠷᠤᠨ ᠳᠤ᠂ ᠬᠦᠷᠦᠯᠴᠡᠵᠦ ᠲᠠᠷᠬᠠᠬᠤ ᠠᠶᠤᠯ ᠲᠦᠭᠰᠢᠭᠦᠷᠢ ᠠᠴᠠ ᠵᠠᠶᠢᠯᠠᠰᠬᠢᠬᠦ ᠶᠢᠨ ᠲᠤᠰᠠᠳᠠ᠂ ᠲᠤᠤᠷᠠᠬᠢ ᠮᠡᠳᠦ ᠰᠡᠷᠭᠡᠶᠢᠯᠡᠬᠦ ᠠᠷᠭ᠎ᠠ ᠬᠡᠮᠵᠢᠶ᠎ᠠ ᠠᠪᠤᠪᠠᠯ ᠵᠤᠬᠢᠨ᠎ᠠ᠃        
     1. ᠲᠦᠷᠭᠡᠨ ᠬᠦᠷᠭᠡᠭᠴᠢ ᠠᠴᠠ ᠲᠦᠷᠭᠡᠨ ᠬᠦᠷᠭᠡᠯᠳᠡ ᠶᠢᠨ ᠪᠤᠭᠤᠳᠠᠯ ᠢ ᠰᠢᠢᠳᠪᠦᠷᠢᠯᠡᠬᠦ ᠪᠠ ᠲᠡᠭᠡᠭᠡᠪᠦᠷᠢᠯᠡᠨ ᠬᠦᠷᠭᠡᠬᠦ ᠪᠦᠬᠦ ᠶᠠᠪᠤᠴᠠ ᠳᠤ ᠠᠮᠠᠪᠴᠢ ᠪᠠ ᠪᠡᠭᠡᠯᠡᠢ ᠪᠠᠨ ᠰᠠᠶᠢᠳᠤᠷ ᠵᠡᠭᠦᠭᠦ  ᠬᠡᠷᠡᠭᠳᠡᠢ᠂  ᠪᠤᠭᠤᠳᠠᠯ ᠢ  ᠠᠷᠢᠭᠤᠨ ᠴᠡᠪᠡᠷ  ᠪᠠᠶᠢᠯᠭᠠᠬᠤ ᠶᠢ ᠠᠩᠬᠠᠷᠴᠤ᠂ ᠢᠯᠠᠩᠭᠤᠶ᠎ᠠ ᠪᠤᠭᠤᠳᠠᠯ ᠢ ᠰᠢᠢᠳᠪᠦᠷᠢᠯᠡᠬᠦ ᠪᠠ ᠲᠡᠭᠡᠭᠡᠪᠦᠷᠢᠯᠡᠬᠦ ᠶᠠᠪᠤᠴᠠ ᠳᠤ ᠬᠦᠮᠦᠰ ᠤᠨ  ᠠᠮᠢᠰᠬᠤᠯ ᠤᠨ ᠵᠠᠮ ᠤᠨ ᠰᠢᠭᠦᠷᠡᠭᠦᠯᠬᠦ ᠪᠤᠳᠠᠰ ᠦᠩᠭᠡᠨ ᠲᠠᠯ᠎ᠠ ᠶᠢ ᠪᠤᠬᠢᠷᠳᠤᠭᠤᠯᠬᠤ ᠠᠴᠠ ᠵᠠᠶᠢᠯᠠᠰᠬᠢᠬᠦ ᠬᠡᠷᠡᠭᠳᠡᠢ᠃        
     2. ᠪᠤᠭᠤᠳᠠᠯ ᠢ ᠬᠦᠯᠢᠶᠡᠨ ᠠᠪᠤᠭᠴᠢ ᠨᠢ ᠭᠡᠷ ᠲᠡᠭᠡᠨ ᠲᠦᠷᠭᠡᠨ ᠬᠦᠷᠭᠡᠯᠳᠡ ᠶᠢ ᠲᠤᠰᠬᠤ ᠦᠶᠡᠰ᠂ ᠲᠦᠷᠭᠡᠨ ᠬᠦᠷᠭᠡᠭᠴᠢ ᠲᠠᠢ ᠬᠦᠷᠦᠯᠴᠡᠬᠦ ᠠᠴᠠ ᠡᠮᠦᠨ᠎ᠠ᠂ ᠠᠮᠠᠪᠴᠢ ᠪᠠ ᠪᠡᠭᠡᠯᠡᠢ ᠵᠡᠭᠦᠪᠡᠯ ᠬᠠᠮᠤᠭ ᠰᠠᠶᠢᠨ᠃ ᠪᠤᠭᠤᠳᠠᠯ ᠢᠶᠠᠨ ᠰᠢᠢᠳᠪᠦᠷᠢᠯᠡᠵᠦ ᠪᠠᠷᠠᠭᠰᠠᠨ ᠤ ᠲᠠᠷᠠᠭ᠎ᠠ᠂ ᠪᠡᠭᠡᠯᠡᠢ ᠪᠠᠨ ᠴᠠᠭ ᠲᠤᠬᠠᠢ ᠳᠤᠨᠢ ᠠᠪᠴᠤ ᠬᠠᠶᠠᠬᠤ ᠶᠢᠨ ᠬᠠᠮᠳᠤ ᠠᠷᠢᠭᠤᠳᠬᠠᠬᠤ  ᠰᠢᠩᠭᠡᠨ  ᠪᠤᠶᠤ ᠭᠤᠭᠤᠵᠢᠭᠤᠷ ᠤᠰᠤ ᠪᠠᠷ ᠭᠠᠷ ᠢᠶᠠᠨ ᠤᠬᠢᠶᠠᠬᠤ ᠬᠡᠷᠡᠭᠳᠡᠢ᠃        
     3. ᠪᠤᠭᠤᠳᠠᠯ ᠢ ᠬᠦᠯᠢᠶᠡᠨ ᠠᠪᠤᠭᠴᠢ ᠨᠢ ᠰᠠᠭᠤᠭᠠᠯᠢ ᠲᠤᠭᠤᠷᠢᠭ ᠤᠨ ᠢᠶᠠᠨ ᠡᠭᠦᠳᠡᠨ ᠠᠴᠠ ᠲᠦᠷᠭᠡᠨ  ᠬᠦᠷᠭᠡᠯᠳᠡ ᠶᠢ ᠲᠤᠰᠬᠤ ᠦᠶᠡᠰ᠂ ᠭᠡᠷ ᠠᠴᠠ ᠪᠠᠨ ᠭᠠᠷᠬᠤ ᠠᠴᠠ ᠡᠮᠦᠨ᠎ᠠ ᠠᠮᠠᠪᠴᠢ ᠪᠤᠯᠤᠨ ᠪᠡᠭᠡᠯᠡᠢ ᠪᠠᠨ ᠰᠠᠶᠢᠳᠤᠷ  ᠵᠡᠭᠦᠵᠦ᠂ ᠬᠦᠮᠦᠨ ᠤ ᠴᠤᠭᠯᠠᠭᠠᠨ ᠠᠴᠠ ᠵᠠᠶᠢᠯᠠᠰᠬᠢᠨ᠎ᠠ᠃ ᠪᠤᠭᠤᠳᠠᠯ ᠢᠶᠠᠨ ᠰᠢᠢᠳᠪᠦᠷᠢᠯᠡᠵᠦ ᠲᠠᠭᠤᠰᠤᠭᠰᠠᠨ ᠤ ᠲᠠᠷᠠᠭ᠎ᠠ ᠪᠡᠭᠡᠯᠡᠢ ᠪᠠᠨ ᠴᠠᠭ ᠲᠤᠬᠠᠢ ᠳᠤᠨᠢ ᠠᠪᠴᠤ ᠬᠠᠶᠠᠬᠤ ᠶᠢᠨ ᠬᠠᠮᠳᠤ ᠠᠷᠢᠭᠤᠳᠬᠠᠬᠤ ᠰᠢᠩᠭᠡᠨ ᠪᠤᠶᠤ ᠭᠤᠭᠤᠵᠢᠭᠤᠷ ᠤᠰᠤ ᠪᠠᠷ ᠭᠠᠷ ᠢᠶᠠᠨ ᠤᠬᠢᠶᠠᠬᠤ ᠬᠡᠷᠡᠭᠳᠡᠢ᠃        
     4. ᠨᠦᠭᠦᠴᠡᠯ ᠲᠠᠢ ᠭᠠᠵᠠᠷ ᠤᠷᠤᠨ ᠨᠢ ᠲᠦᠷᠭᠡᠨ ᠬᠦᠷᠭᠡᠭᠴᠢ ᠪᠠᠷ ᠡᠳ᠋ ᠪᠠᠷᠠᠭ᠎ᠠ ᠪᠠᠨ ᠲᠦᠷᠭᠡᠨ  ᠬᠦᠷᠭᠡᠯᠳᠡ ᠶᠢᠨ ᠬᠤᠷᠭᠤ ᠳᠤ ᠬᠠᠳᠠᠭᠠᠯᠠᠭᠤᠯᠵᠤ᠂ ᠪᠠᠷᠠᠭ᠎ᠠ ᠭᠠᠷᠭᠠᠨ ᠠᠪᠤᠭᠴᠢ ᠨᠢ ᠭᠠᠳᠠᠭᠰᠢ ᠭᠠᠷᠴᠤ ᠲᠦᠷᠭᠡᠨ  ᠬᠦᠷᠭᠡᠯᠳᠡ ᠶᠢ ᠠᠪᠬᠤ ᠠᠴᠠ ᠡᠮᠦᠨ᠎ᠠ ᠠᠮᠠᠪᠴᠢ ᠪᠤᠯᠤᠨ ᠪᠡᠭᠡᠯᠡᠢ ᠵᠡᠭᠦᠬᠦ ᠬᠡᠷᠡᠭᠳᠡᠢ᠃ ᠪᠤᠭᠤᠳᠠᠯ ᠢᠶᠠᠨ ᠰᠢᠢᠳᠪᠦᠷᠢᠯᠡᠵᠦ ᠪᠠᠷᠠᠭᠰᠠᠨ ᠤ  ᠲᠠᠷᠠᠭ᠎ᠠ᠂ ᠪᠡᠭᠡᠯᠡᠢ ᠪᠠᠨ ᠴᠠᠭ ᠲᠤᠬᠠᠢ ᠳᠤᠨᠢ ᠠᠪᠴᠤ ᠬᠠᠶᠠᠬᠤ ᠶᠢᠨ ᠬᠠᠮᠳᠤ ᠠᠷᠢᠭᠤᠳᠬᠠᠬᠤ ᠰᠢᠩᠭᠡᠨ  ᠪᠤᠶᠤ  ᠭᠤᠭᠤᠵᠢᠭᠤᠷ  ᠤᠰᠤ ᠪᠠᠷ  ᠭᠠᠷ ᠢᠶᠠᠨ ᠤᠬᠢᠶᠠᠬᠤ ᠬᠡᠷᠡᠭᠳᠡᠢ᠃        
     5. ᠲᠦᠷᠭᠡᠨ ᠬᠦᠷᠭᠡᠯᠳᠡ ᠶᠢᠨ ᠭᠠᠳᠠᠷ ᠪᠤᠭᠤᠳᠠᠯ ᠢ  ᠠᠮᠢᠳᠤᠷᠠᠯ ᠤᠨ  ᠬᠤᠭ ᠨᠤᠪᠰᠢ ᠶᠢ  ᠲᠦᠷᠦᠯ  ᠬᠤᠪᠢᠶᠠᠬᠤ ᠱᠠᠭᠠᠷᠳᠠᠯᠭ᠎ᠠ ᠶᠤᠰᠤᠭᠠᠷ ᠴᠠᠭ ᠲᠤᠬᠠᠢ ᠳᠤᠨᠢ ᠲᠤᠬᠢᠳᠠᠢ ᠰᠢᠢᠳᠪᠦᠷᠢᠯᠡᠬᠦ ᠬᠡᠷᠡᠭᠳᠡᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ