ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2020 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/2/12

     2 ᠰᠠᠷ᠎ᠠ ᠶᠢᠨ 11 ᠤ ᠡᠲᠦᠷ᠂ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠢᠶᠠᠠ ᠤ ᠲᠡᠳ᠋ ᠱᠦᠵᠢ᠂ ᠦᠪᠡᠷᠲᠡᠭᠡᠡ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠠ ᠦᠪᠡᠷᠲᠡᠭᠡᠡ ᠵᠠᠰᠠᠬᠤ ᠤᠷᠤᠨ ᠤ ᠵᠠᠰᠠᠭ ᠤᠨ ᠤᠷᠲᠤᠨ ᠤ ᠪᠠᠶᠢᠩᠭᠤ ᠶᠢᠨ  ᠬᠤᠷᠠᠯ ᠢ ᠡᠷᠬᠢᠯᠡᠡ ᠬᠤᠷᠠᠯᠲᠤᠭᠤᠯᠵᠦ᠂ ᠤᠲᠤᠬᠠᠠ ᠤ ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠠᠵᠢᠯ᠂ ᠠᠵᠦ ᠠᠬᠤᠢ ᠶᠢᠨ ᠡᠷᠬᠢᠯᠳᠠ ᠵᠢᠴᠢ ᠠᠶᠤᠯᠭᠦᠢ ᠦᠢᠯᠡᠳᠪᠦᠷᠢᠯᠡᠯ ᠤᠨ ᠬᠤᠯᠪᠤᠭᠲᠠᠯ ᠪᠦᠬᠦᠢ ᠪᠠᠶᠢᠲᠠᠯ ᠤᠨ ᠬᠠᠷᠢᠭᠤ ᠮᠡᠲᠡᠭᠦᠯᠦᠯᠲᠡ ᠶᠢ ᠰᠤᠨᠤᠰᠴᠠᠢ᠃
     ᠬᠤᠷᠠᠯ ᠠᠴᠠ᠂ ᠤᠲᠤᠬᠠᠠ ᠤ ᠬᠢᠵᠢᠭ ᠤᠨ ᠪᠠᠶᠢᠲᠠᠯ ᠢ  ᠰᠡᠷᠭᠡᠶᠢᠯᠡᠡ ᠡᠵᠡᠮᠲᠡᠬᠦ ᠠᠵᠢᠯ  ᠳᠤ ᠲᠤᠯᠭᠠᠷᠠᠵᠦ ᠪᠠᠶᠢᠭ᠎ᠠ ᠪᠠᠶᠢᠲᠠᠯ ᠮᠦᠨ ᠴᠤ ᠨᠠᠷᠢᠨ ᠪᠤᠲᠤᠯᠢᠶᠠᠠᠲᠠᠢ ᠪᠦᠭᠡᠳ ᠬᠦᠨᠳᠦ ᠨᠤᠴᠢᠳᠠᠢ ᠪᠠᠶᠢᠭᠰᠠᠭᠠᠷ᠂ ᠭᠤᠷᠢᠲᠠᠬᠤ ᠪᠤᠲᠤᠯ ᠲᠠᠢ ᠪᠠᠶᠢᠵᠦ ᠤᠭᠲᠤ ᠪᠤᠯᠬᠤ ᠦᠭᠡᠢ᠂ ᠠᠯᠮᠠᠶᠢᠷᠠᠠ ᠲᠠᠶᠢᠪᠤᠰᠢᠷᠠᠵᠦ ᠪᠤᠯᠬᠤ ᠦᠭᠡᠢ᠂ ᠬᠢᠵᠢᠭ ᠤᠨ ᠪᠠᠶᠢᠲᠠᠯ ᠢ  ᠰᠡᠷᠭᠡᠶᠢᠯᠡᠡ ᠡᠵᠡᠮᠲᠡᠬᠦ ᠠᠵᠢᠯ ᠤᠨ ᠲᠤᠬᠠᠢ ᠨᠠᠮ ᠤᠨ ᠲᠦᠪ ᠬᠤᠷᠢᠶᠠᠠ ᠤ ᠡᠯ᠎ᠠ ᠵᠦᠢᠯ ᠤᠨ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠦ᠂ ᠢᠲᠡᠭᠡᠯ ᠵᠤᠷᠢᠬ   ᠢᠶᠠᠨ  ᠪᠠᠲᠤᠳᠬᠠᠬᠤ᠂ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠬᠤ᠂ ᠰᠢᠨᠵᠢᠯᠡᠬᠦ ᠤᠬᠠᠭᠠᠠᠴᠢ ᠪᠠᠷ ᠰᠡᠷᠭᠡᠶᠢᠯᠡᠡ ᠵᠠᠰᠠᠬᠤ᠂ ᠨᠠᠷᠢᠯᠢᠬ ᠤᠨᠤᠪᠴᠢᠲᠠᠢ ᠠᠷᠭ᠎ᠠ ᠪᠤᠲᠤᠯᠭ᠎ᠠ ᠭᠡᠷᠡᠭᠵᠢᠭᠦᠯᠬᠦ ᠶᠡᠷᠦᠩᠭᠡᠢ ᠱᠠᠭᠠᠷᠲᠠᠯᠭ᠎ᠠ  ᠶᠢ ᠡᠷᠡᠰ ᠲᠤᠭᠤᠰᠢᠯᠠᠭᠤᠯᠤᠨ᠂ ᠡᠯ᠎ᠠ ᠵᠦᠢᠯ ᠤᠨ ᠠᠵᠢᠯ ᠢᠶᠠᠨ ᠪᠤᠲᠠᠲᠠᠢ ᠪᠦᠭᠡᠳ ᠨᠢᠮᠪᠠᠢ ᠠᠳᠬᠤᠵᠦ᠂ ᠬᠢᠵᠢᠭ ᠤᠨ ᠪᠠᠶᠢᠲᠠᠯ ᠲᠠᠷᠬᠠᠠ ᠲᠡᠯᠭᠡᠷᠡᠬᠦ ᠬᠠᠨᠳᠤᠰᠢ ᠶᠢ ᠡᠷᠡᠰ ᠬᠤᠷᠢᠬᠯᠠᠬᠤ ᠭᠡᠷᠡᠭᠲᠡᠢ᠃ ᠠᠰᠠᠭᠤᠲᠠᠯ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠲᠠᠯᠠᠠ᠂ ᠪᠦᠬᠦ ᠤᠷᠤᠨ ᠤ ᠬᠢᠵᠢᠭ ᠤᠨ ᠪᠠᠶᠢᠲᠠᠯ ᠢ  ᠰᠡᠷᠭᠡᠶᠢᠯᠡᠡ ᠡᠵᠡᠮᠲᠡᠬᠦ ᠠᠵᠢᠯ ᠳᠤ ᠤᠷᠤᠰᠢᠵᠦ ᠪᠠᠶᠢᠭ᠎ᠠ ᠠᠰᠠᠭᠤᠲᠠᠯ ᠢ  ᠪᠦᠬᠦ ᠲᠠᠯ᠎ᠠ ᠪᠠᠷ ᠰᠢᠭᠰᠢᠨ ᠪᠠᠶᠢᠴᠠᠭᠠᠵᠦ ᠰᠢᠯᠤᠭᠤᠳᠬᠠᠠ᠂ ᠰᠢᠢᠳᠪᠦᠷᠢᠯᠡᠬᠦ ᠠᠷᠭ᠎ᠠ ᠬᠡᠮᠵᠢᠶ᠎ᠠ ᠶᠢ ᠴᠠᠭ ᠲᠤᠬᠠᠢ ᠳᠤᠨᠢ ᠰᠤᠲᠤᠯᠤᠨ ᠲᠤᠭᠲᠠᠭᠠᠬᠤ ᠭᠡᠷᠡᠭᠲᠡᠢ᠃ ᠬᠤᠯᠪᠤᠭᠠᠯᠠᠠ ᠰᠡᠷᠭᠡᠶᠢᠯᠡᠵᠦ ᠬᠤᠯᠪᠤᠭᠠᠯᠠᠠ ᠡᠵᠡᠮᠲᠡᠬᠦ᠂ ᠤᠯᠠᠠ ᠢᠶᠠᠷ ᠢᠶᠠᠨ ᠰᠡᠷᠭᠡᠶᠢᠯᠡᠵᠦ ᠤᠯᠠᠠ ᠢᠶᠠᠷ ᠢᠶᠠᠨ ᠵᠠᠰᠠᠬᠤ ᠠᠵᠢᠯ ᠢ  ᠦᠷᠬᠦᠯᠵᠢᠯᠡᠡ ᠰᠠᠶᠢᠲᠤᠷ ᠬᠢᠵᠦ᠂ ᠬᠢᠵᠢᠭ ᠤᠨ ᠪᠠᠶᠢᠲᠠᠯ ᠢ  ᠰᠡᠷᠭᠡᠶᠢᠯᠡᠡ ᠡᠵᠡᠮᠲᠡᠬᠦ ᠠᠵᠢᠯ ᠳᠠᠬᠢ ᠨᠡᠶᠢᠭᠡᠮ ᠲᠤᠭᠤᠷᠢᠬ ᠤᠨ ᠬᠤᠷᠢᠠᠠᠯᠠᠠ ᠠᠷᠢᠯᠭᠠᠬᠤ ᠦᠢᠯᠡᠲᠦᠯ ᠢ ᠰᠠᠶᠢᠲᠤᠷ ᠪᠠᠲᠠᠷᠠᠭᠤᠯᠬᠤ ᠭᠡᠷᠡᠭᠲᠡᠢ᠃ ᠪᠦᠬᠦ ᠰᠡᠵᠢᠭᠯᠡᠯᠲᠠᠢ ᠡᠪᠡᠳᠴᠢᠲᠠᠠ ᠪᠤᠯᠤᠨ ᠤᠨᠤᠰᠢᠯᠠᠭᠰᠠᠠ ᠡᠪᠡᠳᠴᠢᠨ ᠤ ᠵᠢᠱᠢᠶ᠎ᠠ ᠶᠢ ᠴᠠᠭ ᠲᠤᠬᠠᠢ ᠳᠤᠨᠢ ᠠᠪᠤᠷᠠᠠ ᠵᠠᠰᠠᠵᠦ᠂ ᠬᠦᠯᠢᠶᠡᠨ ᠠᠪᠴᠤ ᠡᠮᠨᠡᠨ ᠵᠠᠰᠠᠬᠤ ᠨᠤᠷᠮ᠎ᠠ ᠪᠤᠯᠤᠨ ᠢᠯᠡᠷᠢᠰᠢᠭᠦᠯᠬᠦ ᠨᠤᠷᠮ᠎ᠠ ᠶᠢ ᠴᠢᠷᠮᠠᠶᠢᠨ ᠲᠡᠭᠡᠭᠰᠢᠯᠡᠭᠦᠯᠵᠦ᠂ ᠬᠠᠯᠲᠠᠪᠤᠷᠢᠯᠠᠬᠤ ᠨᠤᠷᠮ᠎ᠠ ᠶᠢ ᠪᠦᠲᠦᠮᠵᠢᠲᠠᠢ ᠪᠠᠭᠤᠷᠠᠭᠤᠯᠬᠤ ᠭᠡᠷᠡᠭᠲᠡᠢ᠃ ᠦᠷᠭᠡᠡ ᠤᠯᠠᠠ ᠡᠮᠴᠢ ᠰᠤᠪᠢᠯᠠᠭᠴᠢ ᠵᠢᠴᠢ ᠲᠡᠲᠡᠡ ᠤ ᠲᠦᠷᠦᠯ ᠰᠠᠲᠤᠨ ᠢ ᠬᠠᠶᠢᠷᠠᠯᠠᠠ ᠬᠠᠯᠠᠮᠵᠢᠯᠠᠵᠦ᠂ ᠲᠡᠲᠡᠡ ᠢ ᠬᠠᠪᠰᠤᠷᠴᠤ ᠪᠤᠲᠠᠳᠠᠢ ᠬᠦᠴᠢᠷᠲᠠᠯ ᠪᠤᠯᠤᠨ ᠠᠰᠠᠭᠤᠲᠠᠯ ᠢ ᠨᠢ ᠰᠢᠢᠳᠪᠦᠷᠢᠯᠡᠵᠦ ᠦᠭᠬᠦ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ ᠠᠴᠠ᠂ ᠡᠯ᠎ᠠ ᠱᠠᠲᠤ ᠡᠯ᠎ᠠ ᠰᠠᠯᠠᠭ᠎ᠠ ᠮᠦᠴᠢᠷ ᠤᠨ ᠬᠢᠨ ᠬᠢᠵᠢᠭ ᠤᠨ ᠪᠠᠶᠢᠳᠠᠯ ᠢ  ᠰᠡᠷᠭᠡᠶᠢᠯᠡᠡ ᠡᠵᠡᠮᠲᠡᠬᠦ ᠠᠵᠢᠯ ᠢ  ᠪᠦᠬᠦ ᠬᠦᠴᠤᠨ ᠢᠶᠠᠷ   ᠢᠶᠠᠨ  ᠰᠠᠶᠢᠲᠤᠷ ᠠᠳᠬᠤᠬᠤ ᠶᠢᠨ  ᠵᠡᠷᠭᠡ ᠪᠠᠷ᠂ ᠤᠲᠤᠬᠠᠠ ᠤ ᠪᠠ ᠬᠤᠶᠢᠰᠢᠲᠠ ᠶᠢᠨ  ᠨᠢᠭᠡ ᠬᠤᠭᠤᠴᠠᠭᠠᠠ ᠤ ᠪᠦᠬᠦ ᠤᠷᠤᠨ ᠤ ᠠᠵᠦ ᠠᠬᠤᠢ ᠶᠢᠨ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠨᠡᠶᠢᠭᠡᠮ ᠤᠨ ᠵᠢᠱᠢᠯᠲᠠ ᠶᠢ ᠲᠤᠭᠳᠠᠪᠤᠷᠢᠵᠢᠭᠤᠯᠵᠦ᠂ ᠵᠠᠬ᠎ᠠ ᠲᠡᠯᠭᠡᠭᠦᠷ ᠤᠨ ᠢᠲᠡᠭᠡᠯ ᠢ ᠬᠦᠪᠴᠢᠯᠡᠬᠦ ᠪᠠᠷ ᠴᠢᠷᠮᠠᠶᠢᠬᠤ ᠭᠡᠷᠡᠭᠲᠡᠢ᠃ ᠠᠵᠦ ᠠᠬᠤᠢ ᠶᠢᠨ ᠡᠷᠬᠢᠯᠳᠠ ᠶᠢᠨ ᠪᠠᠶᠢᠲᠠᠯ ᠢ ᠬᠢᠨᠠᠠ ᠭᠡᠮᠵᠢᠵᠦ ᠲᠣᠬᠢᠷᠠᠭᠤᠯᠬᠤ ᠶᠢ ᠦᠷᠬᠦᠯᠵᠢᠯᠡᠡ ᠴᠢᠩᠭᠠᠳᠬᠠᠵᠦ᠂ ᠲᠠᠯᠪᠢᠬᠤ ᠬᠠᠮᠢᠶᠠᠷᠬᠤ ᠦᠢᠯᠡᠴᠢᠯᠡᠬᠦ ᠦᠭᠡᠷᠡᠴᠢᠯᠡᠯᠲᠡ ᠶᠢ ᠦᠷᠬᠦᠯᠵᠢᠯᠠᠠ ᠬᠦᠨᠵᠡᠭᠡᠶᠢᠷᠡᠭᠦᠯᠵᠦ᠂ ᠲᠤᠮᠲᠠ ᠪᠠᠭ᠎ᠠ ᠵᠢᠵᠢᠭ ᠠᠵᠦ ᠠᠬᠤᠢᠢᠯᠠᠯ ᠵᠡᠷᠭᠡ ᠵᠠᠬ᠎ᠠ ᠲᠡᠯᠭᠡᠭᠦᠷ ᠤᠨ ᠭᠤᠤᠯ ᠴᠤᠭᠴᠠ ᠶᠢ ᠬᠠᠪᠰᠤᠷᠴᠤ ᠪᠡᠯᠡ ᠮᠦᠩᠭᠦ᠂ ᠲᠦᠬᠦᠭᠡᠢ ᠮᠠᠲ᠋ᠧᠷᠢᠶᠠᠯ ᠤᠨ ᠬᠠᠩᠭᠠᠯᠭ᠎ᠠ ᠵᠢᠴᠢ ᠠᠵᠢᠯᠴᠢᠨ ᠭᠡᠷᠡᠭᠯᠡᠬᠦ᠂ ᠤᠰᠤ ᠭᠡᠷᠡᠭᠯᠡᠬᠦ᠂ ᠴᠠᠬᠢᠯᠭᠠᠠ ᠭᠡᠷᠡᠭᠯᠡᠬᠦ ᠵᠡᠷᠭᠡ ᠲᠠᠯ᠎ᠠ ᠪᠠᠷ ᠬᠢ ᠭᠡᠷᠡᠭᠴᠡᠭᠡ ᠱᠠᠭᠠᠷᠲᠠᠯᠭ᠎ᠠ  ᠶᠢ ᠨᠢ ᠰᠠᠶᠢᠳᠤᠷ ᠰᠢᠢᠳᠪᠦᠷᠢᠯᠡᠵᠦ ᠦᠭᠬᠦ ᠬᠡᠷᠡᠭᠲᠡᠢ᠃ ᠤᠯᠠᠠ ᠲᠦᠮᠡᠡ ᠤ ᠤᠷᠤᠯᠭ᠎ᠠ᠂ ᠠᠵᠢᠯ ᠤᠯᠭᠤᠯᠲᠠ ᠵᠡᠷᠭᠡ ᠲᠠᠯ᠎ᠠ ᠪᠠᠷ ᠬᠢ ᠬᠢᠵᠢᠭ ᠤᠨ ᠪᠠᠶᠢᠲᠠᠯ ᠤᠨ ᠦᠵᠡᠬᠦᠯᠦᠭᠰᠡᠨ ᠨᠦᠯᠦᠭᠡ ᠳᠤ ᠨᠠᠷᠢᠨ ᠬᠢᠨᠠᠮᠠᠭᠠᠢ ᠵᠠᠲᠠᠯᠤᠯᠲᠠ ᠬᠢᠵᠦ ᠰᠤᠳᠤᠯᠤᠨ ᠮᠠᠭᠠᠳᠯᠠᠵᠦ᠂ ᠡᠷᠲᠡᠭᠡᠨ ᠴᠢᠭᠯᠡᠭᠦᠯᠦᠯᠲᠦ ᠴᠢᠨᠠᠷ ᠲᠠᠢ ᠲᠦᠷᠦ ᠶᠢᠨ  ᠪᠤᠲᠤᠯᠭ᠎ᠠ ᠠᠷᠭ᠎ᠠ ᠬᠡᠮᠵᠢᠶ᠎ᠠ ᠠᠪᠬᠤ ᠭᠡᠷᠡᠭᠲᠡᠢ᠃ ᠠᠮᠢᠲᠤᠷᠠᠯ ᠤᠨ ᠴᠢᠬᠤᠯᠠ ᠪᠦᠬᠦᠢ ᠭᠡᠷᠡᠭᠰᠡᠯ ᠤᠨ ᠦᠢᠯᠡᠳᠪᠦᠷᠢᠯᠡᠯ ᠪᠤᠯᠤᠨ ᠬᠠᠩᠭᠠᠯᠭ᠎ᠠ ᠶᠢ ᠦᠨᠡᠠ ᠬᠦ ᠰᠠᠶᠢᠨ ᠠᠳᠬᠤᠵᠦ᠂ ᠪᠠᠷᠠᠭᠠᠠ ᠤ ᠦᠨ᠎ᠠ ᠶᠢ ᠦᠷᠢᠰᠦᠯᠲᠦᠨ ᠦᠰᠭᠡᠬᠦ᠂ ᠬᠤᠷᠠᠮᠳᠤᠭᠤᠯᠤᠨ ᠳᠠᠷᠤᠵᠦ ᠬᠤᠨᠵᠢᠨ ᠵᠠᠪᠰᠢᠬᠤ᠂ ᠠᠶᠤᠯ ᠢ  ᠲᠠᠯᠢᠮᠲᠠᠭᠤᠯᠤᠨ ᠠᠰᠢᠭ ᠤᠯᠬᠤ ᠵᠡᠷᠭᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠠᠷᠠᠳ ᠤᠯᠠᠠ ᠤ ᠡᠲᠦᠷ ᠲᠤᠲᠤᠮ ᠤᠨ ᠠᠮᠢᠲᠤᠷᠠᠯ ᠤᠨ ᠭᠡᠷᠡᠭᠴᠡᠭᠡ ᠱᠠᠭᠠᠷᠲᠠᠯᠭ᠎ᠠ  ᠶᠢ ᠰᠠᠶᠢᠳᠤᠷ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠡ ᠬᠦ ᠰᠠᠶᠢᠳᠤᠷ ᠠᠳᠬᠤᠵᠦ᠂ ᠡᠯ᠎ᠠ ᠱᠠᠲᠤ ᠡᠯ᠎ᠠ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠲᠠ ᠶᠢᠨ  ᠬᠠᠷᠢᠭᠤᠴᠠᠯᠭ᠎ᠠ ᠪᠤᠯᠤᠨ ᠠᠵᠦ ᠠᠬᠤᠢᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠲᠠ ᠪᠤᠲᠠᠲᠠᠶᠢᠵᠢᠭᠤᠯᠵᠦ᠂ ᠬᠦᠨᠲᠦ ᠤᠨᠴᠠ ᠶᠡᠭᠡ ᠠᠶᠤᠯᠭᠦᠢ ᠦᠢᠯᠡᠳᠪᠦᠷᠢᠯᠡᠯ ᠤᠨ ᠠᠲᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ ᠠᠴᠠ ᠪᠠᠰᠠ ᠪᠤᠰᠤᠳ ᠵᠦᠢᠯ ᠢ  ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ