ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠶᠠᠳᠠᠭᠤ ᠬᠦᠴᠢᠷᠳᠡᠯᠲᠡᠢ | ᠡᠩᠨᠡᠭᠡ ᠠᠴᠠ ᠭᠠᠷᠭᠠᠬᠤ ᠲᠣᠭᠲᠠᠴᠠ ᠶᠢ ᠪᠠᠶᠢᠭᠤᠯᠬᠤ ᠲᠤᠬᠠᠶ ᠰᠠᠨᠠᠯ︾ ︵ᠲᠢᠩᠬᠢᠮ ᠥᠰᠥᠭ ︹ 2016︺16 | ᠳ᠋ᠤᠭᠠᠷ ᠲᠣᠭᠠᠲᠤ︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠶᠠᠳᠠᠭᠤ ᠬᠦᠴᠢᠷᠳᠡᠯᠲᠡᠢ ᠡᠩᠨᠡᠭᠡ ᠠᠴᠠ ᠭᠠᠷᠭᠠᠬᠤ | ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠲᠢᠩᠬᠢᠮ ᠲᠠᠷᠬᠠᠭᠠᠭᠰᠠᠨ ︹ 2018︺ 11 | ᠳ᠋ᠦ᠋ᠭᠡᠷ ᠲᠣᠭᠠᠲᠤ︶ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠥᠯᠥᠨ ᠪᠤᠶᠢᠷ | ᠬᠤᠲᠠ ᠶᠢᠨ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠳᠠᠭᠤᠷ | ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ | ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠪᠠᠭᠠᠷᠢᠨ | ᠵᠡᠭᠦᠨ ᠬᠤᠰᠢᠭᠤ᠂ ᠣᠩᠨᠢᠭᠤᠳ ᠬᠤᠰᠢᠭᠤ᠂ ᠠᠤᠬᠠᠨ ᠬᠤᠰᠢᠭᠤ᠂ ᠰᠢᠯᠢ ᠶᠢᠨ ᠭᠤᠤᠯ ᠠᠶᠢᠮᠠᠭ ᠤᠨ ᠲᠠᠶᠢᠹᠤᠰᠧ | ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ | ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ ᠵᠦᠸᠧᠽᠢ ᠰᠢᠶᠠᠨ᠂ | ᠰᠢᠩᠾᠧ ᠰᠢᠶᠠᠨ᠂ ᠱᠠᠩᠳᠤ ᠰᠢᠶᠠᠨ᠂ ᠬᠤᠸᠠᠳᠧ ᠰᠢᠶᠠᠨ ᠵᠡᠷᠭᠡ ᠤᠯᠤᠰ ᠤᠨ ᠲᠠᠰ ᠤᠨ 20 ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠨᠢᠭᠡᠨᠲᠡ ᠰᠢᠶᠠᠨ ᠤ ᠱᠠᠲᠤᠨ ᠳᠤ ᠭᠤᠶᠤᠴᠢᠯᠠᠬᠤ᠂ ᠬᠤᠲᠠ ᠶᠢᠨ ᠲᠠᠰ ᠠᠩᠬ᠎ᠠ | ᠬᠢᠨᠠᠬᠤ᠂ ᠥᠪᠡᠷᠲᠡᠭᠡᠨ ᠵᠠᠰᠠᠬᠤ ᠣᠷᠣᠨ ᠲᠤᠰᠬᠠᠶ ᠬᠢᠨᠠᠨ ᠪᠠᠶᠢᠴᠠᠭᠠᠵᠤ ᠦᠨᠡᠯᠡᠨ ᠵᠢᠱᠢᠬᠦ ᠵᠡᠷᠭᠡ ᠲᠠᠰ ᠳᠠᠷᠠᠭᠠᠯᠠᠯ ᠢ | ᠪᠡᠶᠡᠯᠡᠭᠦᠯᠪᠡ᠃ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ ᠵᠡᠷᠭᠡ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠶᠡᠷᠦᠩᠬᠡᠶᠢᠯᠡᠭᠰᠡᠨ ᠶᠠᠳᠠᠭᠤᠷᠠᠬᠤ ᠨᠤᠷᠮ᠎ᠠ ᠴᠥᠮ 3% ᠠᠴᠠ ᠳᠣᠤᠷ᠎ᠠ ᠪᠣᠯᠵᠤ᠂ ᠥᠨᠡᠯᠲᠡ ᠠᠴᠠ ᠣᠷᠬᠢᠭᠳᠠᠭᠰᠠᠨ | ᠨᠣᠷᠮ᠎ᠠ ᠪᠠ ᠪᠤᠷᠤᠭᠤ ᠪᠠᠷ ᠭᠠᠷᠭᠠᠭᠰᠠᠨ ᠨᠣᠷᠮ᠎ᠠ ᠴᠥᠮ 2% ᠠᠴᠠ ᠳᠣᠤᠷ᠎ᠠ ᠪᠠᠶᠢᠵᠤ᠂ ᠣᠯᠠᠨ ᠲᠦᠮᠡᠨ ᠤ | ᠶᠡᠷᠦᠩᠬᠡᠶᠢᠯᠡᠭᠰᠡᠨ ᠮᠡᠳᠡᠷᠡᠬᠦ ᠬᠡᠮᠵᠢᠶ᠎ᠡ ᠴᠥᠮ 90% ᠠᠴᠠ ᠳᠡᠭᠡᠭᠰᠢ ᠳᠤ ᠬᠦᠷᠴᠦ᠂ ᠮᠠᠯᠵᠢᠬᠤ ᠲᠠᠷᠢᠶᠠᠯᠠᠬᠤ | ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ | ᠴᠥᠮ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠤ᠂ ᠣᠯᠠᠨ ᠨᠡᠶᠢᠲᠡ ᠶᠢᠨ ᠦᠢᠯᠡᠴᠢᠯᠡᠭᠡ | ᠪᠠ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠨ᠂ | ᠶᠠᠳᠠᠭᠤ ᠠᠴᠠ ᠠᠩᠭᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠨᠢ ᠪᠦᠷᠢᠨᠰᠢᠵᠦ᠂ | ᠦᠷᠭᠦᠯᠵᠢᠯᠡᠨ ᠬᠥᠭᠵᠢᠬᠦ ᠴᠢᠳᠠᠪᠤᠷᠢ ᠴᠢᠩᠭᠠᠷᠠᠨ᠂ ᠨᠢᠭᠡᠨᠲᠡ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ | ᠭᠠᠷᠭᠠᠬᠤ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃ | ᠡᠳᠦᠭᠡ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ 20 ᠶᠠᠳᠠᠭᠤ ᠬᠦᠴᠢᠷᠳᠡᠯᠲᠡᠶ | ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠨᠡᠷᠡᠰ ᠢ ᠨᠡᠶᠢᠭᠡᠮ ᠨᠡᠶᠢᠲᠡ ᠳᠤ 7 ᠡᠳᠦᠷ ︵ᠠᠮᠠᠷᠠᠯᠲᠠ ᠶᠢᠨ ᠡᠳᠦᠷ | ᠪᠠᠭᠲᠠᠬᠤ ᠥᠬᠡᠶ︶ ᠢᠯᠡ ᠨᠡᠶᠢᠲᠡᠯᠡᠬᠦ ᠪᠠᠷ ᠪᠣᠯᠪᠠ᠂ ᠬᠡᠷᠪᠡ ᠰᠠᠨᠠᠭᠤᠯᠭ᠎ᠠ ᠰᠠᠨᠠᠯ ᠪᠠᠶᠢᠪᠠᠯ᠂ 2020 ᠣᠨ ᠤ 3 | ᠳ᠋ᠤᠭᠠᠷ ᠰᠠᠷ᠎ᠠ ᠶᠢᠨ 3 ᠤ ᠡᠳᠦᠷ ᠠᠴᠠ ᠡᠮᠦᠨ᠎ᠡ ᠵᠠᠬᠢᠳᠠᠯ ᠪᠤᠶᠤ ᠡᠯᠧᠺᠲᠷᠣᠨ ᠰᠢᠤᠳᠠᠨ᠂ ᠳ᠋ᠢᠶᠠᠩᠬᠤᠸᠠ ᠵᠡᠷᠭᠡ | ᠠᠷᠭ᠎ᠠ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ | ᠬᠡᠷ ᠲᠤ ᠬᠠᠷᠢᠭᠤ ᠲᠤᠰᠬᠠᠬᠤ ᠪᠣᠯᠪᠠᠤ᠃ | ᠬᠠᠷᠢᠯᠴᠠᠬᠤ ᠤᠲᠠᠰᠤ᠄ 0471 — 4969849 | ᠢᠮᠧᠯ᠄ fpblwt@163.com | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠯᠪᠠᠨ ᠬᠡᠷ ︵ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 82 ᠳ᠋ᠤᠭᠠᠷ ᠨᠣᠮᠧᠷ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ | 2020 ᠣᠨ ᠤ 2 ᠳ᠋ᠤᠭᠠᠷ ᠰᠠᠷ᠎ᠠ ᠶᠢᠨ 24 ᠤ ᠡᠳᠦᠷ |