ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ | ᠠᠵᠢᠯᠯᠠᠬᠤ ᠳᠤᠭᠤᠶᠢᠯᠠᠩ᠂ ᠪᠦᠷᠢᠯᠳᠦᠭᠦᠨ ᠨᠢᠭᠡᠴᠢ ᠳᠤ᠄ | ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ | ︽ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ ᠨᠠᠷᠢᠯᠢᠭ ᠣᠨᠣᠪᠴᠢᠲᠠᠢ ᠪᠠᠷ ᠲᠥᠷᠥ ᠶᠢᠨ ᠪᠣᠳᠣᠯᠭ᠎ᠠ | ᠬᠡᠷᠡᠭᠵᠢᠭᠦᠯᠦᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠣᠷᠣᠨ ᠪᠦᠰᠡ ᠬᠤᠪᠢᠶᠠᠨ | ᠳᠡᠰ ᠬᠤᠪᠢᠶᠠᠵᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ᠪᠠ | ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ︽ᠲᠥᠷᠥᠯ ᠬᠤᠪᠢᠶᠠᠨ ᠵᠢᠯᠣᠭᠤᠳᠴᠤ ᠨᠠᠷᠢᠯᠢᠭ | ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠭᠡᠳ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠲᠤᠬᠠᠶ ᠰᠠᠨᠠᠯ︾ ᠤᠨ | ᠵᠣᠷᠢᠭ ᠰᠠᠨᠠᠭ᠎ᠠ ᠶᠣᠰᠣᠭᠠᠷ᠂ ᠬᠢᠵᠢᠭ ᠤᠨ ᠪᠠᠶᠢᠳᠠᠯ ᠢ ᠨᠠᠷᠢᠯᠢᠭ ᠣᠨᠣᠪᠴᠢᠲᠠᠢ ᠪᠠᠷ ᠰᠡᠷᠭᠡᠶᠢᠯᠡᠨ ᠡᠵᠡᠮᠳᠡᠬᠦ ᠠᠵᠢᠯ ᠢ | ᠤᠯᠠᠮ ᠨᠢᠭᠡ ᠠᠯᠬᠤᠮ ᠰᠠᠶᠢᠲᠤᠷ ᠬᠢᠵᠦ᠂ ᠠᠵᠤ ᠠᠬᠤᠶᠢᠯᠠᠯ ᠤᠨ ᠡᠮᠬᠢ ᠵᠢᠷᠤᠮ ᠲᠠᠢ ᠪᠠᠷ ᠦᠶᠯᠡᠳᠪᠦᠷᠢᠯᠡᠯ ᠢᠶᠠᠨ | ᠰᠡᠷᠭᠦᠭᠡᠬᠦ ᠶᠢ ᠠᠬᠢᠭᠤᠯᠤᠨ᠂ ᠠᠵᠤ ᠠᠬᠤᠶ ᠨᠡᠶᠢᠭᠡᠮ ᠤᠨ ᠡᠮᠬᠢ ᠵᠢᠷᠤᠮ ᠢ ᠰᠡᠷᠭᠦᠭᠡᠵᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠦᠶᠯᠡᠳᠪᠦᠷᠢᠯᠡᠯ ᠬᠥᠭᠵᠢᠯᠲᠡ ᠶᠢᠨ ᠬᠤᠶᠠᠷ ᠲᠠᠯ᠎ᠠ ᠶᠢ ᠠᠳᠬᠤᠵᠤ᠂ ᠬᠤᠶᠠᠷ ᠢ | ᠰᠠᠭᠠᠲᠠᠭᠠᠬᠤ ᠥᠬᠡᠶ ᠪᠠᠶᠢᠯᠭᠠᠬᠤ ᠶᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠦᠬᠦᠢ | ᠵᠦᠢᠯ ᠢ ᠳᠤᠤᠷᠠᠬᠢ ᠮᠡᠲᠦ ᠮᠡᠳᠡᠭᠳᠡᠪᠡ᠄ | ᠨᠢᠭᠡ᠂ ᠲᠤᠰᠠᠭᠠᠷᠯᠠᠨ ᠠᠵᠢᠭᠯᠠᠬᠤ ᠲᠤᠬᠠᠶ | ︵ᠨᠢᠭᠡ︶ ᠲᠤᠲᠤᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠲᠠᠢ ᠨᠢᠭᠲᠠ | ᠣᠶᠢᠷᠠᠲᠤᠭᠰᠠᠳ ᠢ ᠲᠤᠰᠠᠭᠠᠷᠯᠠᠨ ᠠᠵᠢᠭᠯᠠᠬᠤ ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ᠂ ᠲᠤᠬᠠᠶ ᠶᠢᠨ | ᠭᠠᠵᠠᠷ ᠲᠤ ᠪᠠᠨ ᠡᠷᠡᠭᠦᠯ ᠮᠡᠨᠳᠦ ᠶᠢᠨ ᠠᠵᠢᠭᠯᠠᠯᠲᠠ ᠨᠢ ᠪᠦᠬᠦᠯᠢ ᠨᠢᠭᠡ ᠭᠠᠷᠠᠭ ᠠᠴᠠ ᠳᠡᠭᠡᠭᠰᠢ ᠪᠣᠯᠵᠤ᠂ | ᠲᠤᠰᠠᠭᠠᠷᠯᠠᠭᠰᠠᠨ ᠢ ᠨᠢ ᠬᠦᠴᠦᠨ ᠦᠭᠡᠢ ᠪᠣᠯᠭᠠᠭᠰᠠᠨ ᠡᠷᠡᠭᠦᠯ ᠮᠡᠨᠳᠦ ᠶᠢᠨ ᠭᠡᠷᠡᠴᠢ ᠭᠠᠷᠭᠠᠵᠤ ᠥᠭᠭᠦᠭᠰᠡᠨ ᠪᠠᠶᠢᠪᠠᠯ᠂ | ᠳᠠᠬᠢᠨ ᠲᠤᠰᠠᠭᠠᠷᠯᠠᠨ ᠠᠵᠢᠭᠯᠠᠯᠲᠠ ᠬᠢᠬᠦ ᠦᠭᠡᠢ᠃ | ︵ᠬᠤᠶᠠᠷ︶ ᠬᠤᠪᠧᠶ ᠮᠤᠵᠢ ᠪᠠᠷ ᠢᠷᠡᠵᠦ ᠵᠣᠷᠴᠢᠭᠰᠠᠨ ᠲᠡᠦᠬᠡ ᠲᠠᠢ ᠬᠥᠮᠦᠰ ᠢ ᠲᠤᠰᠠᠭᠠᠷᠯᠠᠨ ᠠᠵᠢᠭᠯᠠᠬᠤ | ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ᠂ ᠲᠤᠬᠠᠶ ᠶᠢᠨ ᠭᠠᠵᠠᠷ ᠲᠤ ᠪᠠᠨ ᠡᠷᠡᠭᠦᠯ ᠮᠡᠨᠳᠦ ᠶᠢᠨ ᠠᠵᠢᠭᠯᠠᠯᠲᠠ ᠨᠢ | ᠪᠦᠬᠦᠯᠢ ᠨᠢᠭᠡ ᠭᠠᠷᠠᠭ ᠠᠴᠠ ᠳᠡᠭᠡᠭᠰᠢ ᠪᠣᠯᠵᠤ᠂ ᠲᠤᠰᠠᠭᠠᠷᠯᠠᠭᠰᠠᠨ ᠢ ᠨᠢ ᠬᠦᠴᠦᠨ ᠦᠭᠡᠢ ᠪᠣᠯᠭᠠᠭᠰᠠᠨ ᠡᠷᠡᠭᠦᠯ | ᠮᠡᠨᠳᠦ ᠶᠢᠨ ᠭᠡᠷᠡᠴᠢ ᠭᠠᠷᠭᠠᠵᠤ ᠥᠭᠭᠦᠭᠰᠡᠨ ᠪᠠᠶᠢᠪᠠᠯ᠂ ᠳᠠᠬᠢᠨ ᠲᠤᠰᠠᠭᠠᠷᠯᠠᠨ ᠠᠵᠢᠭᠯᠠᠯᠲᠠ ᠬᠢᠬᠦ ᠦᠭᠡᠢ᠃ | ︵ᠭᠤᠷᠪᠠ︶ ᠭᠤᠸᠠᠩᠳᠦ᠋ᠩ ᠵᠡᠷᠭᠡ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ ᠢᠶᠠᠷ ᠢᠷᠡᠵᠦ | ᠵᠣᠷᠴᠢᠭᠰᠠᠨ ᠲᠡᠦᠬᠡ ᠲᠠᠢ ᠬᠥᠮᠦᠰ ᠢ ᠲᠤᠰᠠᠭᠠᠷᠯᠠᠨ ᠠᠵᠢᠭᠯᠠᠬᠤ ︵ᠭᠡᠷ ᠲᠤ ᠪᠠᠨ ᠰᠠᠭᠤᠵᠤ ᠲᠤᠰᠠᠭᠠᠷᠯᠠᠭᠰᠠᠨ | ᠪᠠᠭᠲᠠᠨ᠎ᠠ︶ ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ᠂ ᠳᠠᠬᠢᠨ ᠳᠠᠪᠲᠠᠨ ᠲᠤᠰᠠᠭᠠᠷᠯᠠᠨ ᠠᠵᠢᠭᠯᠠᠯᠲᠠ ᠬᠢᠬᠦ | ᠦᠭᠡᠢ᠃ | ︵ᠳᠥᠷᠪᠡ︶ ᠬᠤᠪᠧᠶ ᠵᠢᠴᠢ ᠪᠤᠰᠤᠳ ᠬᠢᠵᠢᠭ ᠤᠨ ᠪᠠᠶᠢᠳᠠᠯ ᠨᠡᠯᠢᠶᠡᠳ ᠬᠦᠨᠳᠦ ᠭᠠᠵᠠᠷ ᠣᠷᠣᠨ ᠠᠴᠠ | ᠭᠠᠳᠠᠨᠠᠬᠢ ᠮᠣᠵᠢ ᠣᠷᠣᠨ ᠢᠶᠠᠷ ᠢᠷᠡᠵᠦ ᠵᠣᠷᠴᠢᠭᠰᠠᠨ ᠲᠡᠦᠬᠡ ᠲᠠᠢ ᠬᠥᠮᠦᠰ ᠢ ᠲᠤᠰᠠᠭᠠᠷᠯᠠᠨ ᠠᠵᠢᠭᠯᠠᠯᠲᠠ ᠬᠢᠬᠦ | ᠦᠭᠡᠢ᠃ | ︵ᠲᠠᠪᠤ︶ ᠥᠪᠡᠷᠲᠡᠭᠡᠨ ᠵᠠᠰᠠᠬᠤ ᠣᠷᠣᠨ ᠤ ᠲᠤᠲᠤᠭᠠᠲᠤ ᠳᠤ ᠪᠠᠨ ᠢᠷᠡᠵᠦ ᠵᠣᠷᠴᠢᠭᠰᠠᠨ ᠬᠥᠮᠥᠰ ᠢ | ᠲᠤᠰᠠᠭᠠᠷᠯᠠᠨ ᠠᠵᠢᠭᠯᠠᠯᠲᠠ ᠬᠢᠬᠦ ᠦᠭᠡᠶ᠃ | ᠬᠤᠶᠠᠷ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠠᠮᠢᠶᠠᠷᠤᠨ ᠡᠵᠡᠮᠳᠡᠬᠦ ᠶᠢ ᠨᠠᠷᠢᠯᠢᠭ | ᠣᠨᠣᠪᠴᠢᠲᠠᠶ ᠪᠠᠷ ᠬᠡᠷᠡᠭᠵᠢᠭᠦᠯᠬᠦ ᠲᠤᠬᠠᠶ | ᠡᠯ᠎ᠡ ᠭᠠᠵᠠᠷ ᠤᠨ ᠬᠢᠨ ᠬᠠᠮᠢᠶᠠᠷᠤᠨ ᠡᠵᠡᠮᠳᠡᠬᠦ ᠨᠢᠭᠡᠴᠢ ᠶᠢ ᠪᠠᠭᠠᠰᠬᠠᠨ᠂ ᠰᠡᠷᠭᠡᠶᠢᠯᠡᠨ ᠡᠵᠡᠮᠳᠡᠬᠦ ᠶᠢ ᠨᠠᠷᠢᠯᠢᠭ | ᠣᠨᠣᠪᠴᠢᠲᠠᠢ ᠪᠠᠷ ᠬᠡᠷᠡᠭᠵᠢᠭᠦᠯᠬᠦ ᠦᠨᠳᠦᠰᠦᠨ ᠵᠠᠷᠴᠢᠮ ᠶᠣᠰᠣᠭᠠᠷ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠬᠠᠮᠢᠶᠠᠷᠤᠨ ᠡᠵᠡᠮᠳᠡᠬᠦ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠃ | ︵ᠨᠢᠭᠡ︶ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠠᠷᠢᠭᠤᠴᠠᠯᠭ᠎ᠠ ᠶᠢ ᠳᠠᠭᠰᠢᠷᠠᠭᠤᠯᠵᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ | ᠲᠣᠭᠤᠷᠢᠨ ᠪᠠᠶᠢᠴᠠᠭᠠᠬᠤ᠂ ᠵᠢᠵᠢᠭᠦᠷᠯᠡᠨ ᠰᠠᠬᠢᠬᠤ ᠵᠡᠷᠭᠡ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠶᠴᠡᠳ ᠬᠡᠷᠡᠭᠯᠡᠨ᠂ ᠬᠠᠷᠢᠶ᠎ᠠ ᠣᠷᠣᠨ ᠤ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠰᠠᠭᠤᠭᠠᠯᠢ ᠠᠷᠠᠳ ᠤᠨ | ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠳᠠᠩᠰᠠᠯᠠᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ | ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠢ ᠪᠠᠶᠢᠭᠤᠯᠬᠤ ᠬᠡᠷᠡᠭᠲᠡᠶ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ | ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠰᠠᠭᠤᠭᠠᠯᠢ ᠠᠷᠠᠳ ᠬᠠᠯᠠᠭᠤᠷᠠᠬᠤ᠂ ᠬᠠᠨᠢᠶᠠᠬᠤ ᠵᠡᠷᠭᠡ ᠬᠡᠪ ᠤᠨ | ᠪᠤᠰᠤ ᠪᠠᠶᠢᠳᠠᠯ ᠭᠠᠷᠪᠠᠯ᠂ ᠰᠠᠭᠤᠭ᠎ᠠ ᠭᠠᠵᠠᠷ ᠤᠨ ᠢᠶᠠᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠤᠨ | ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠠᠴᠠ ᠪᠠᠨ | ᠮᠡᠳᠡᠭᠦᠯᠬᠦ ᠬᠡᠷᠡᠭᠲᠡᠶ᠃ | ︵ᠭᠤᠷᠪᠠ︶ ᠲᠤᠰᠠᠭᠠᠷᠯᠠᠬᠤ ᠪᠠᠶᠢᠳᠠᠯ ᠳᠤ ᠨᠡᠶᠢᠴᠡᠬᠦ ᠬᠥᠮᠦᠰ ᠢ ᠣᠯᠵᠤ ᠮᠡᠳᠡᠪᠡᠯ᠂ ᠪᠠᠶᠢᠭ᠎ᠠ ᠭᠠᠵᠠᠷ ᠤᠨ | ᠢᠶᠠᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠣᠯᠤᠨ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠲᠤ ᠳᠠᠷᠤᠶ ᠲᠦᠷᠭᠡᠨ ᠮᠡᠳᠡᠭᠦᠯᠵᠦ᠂ ᠵᠣᠬᠢᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ | ᠠᠪᠬᠤ ᠬᠡᠷᠡᠭᠲᠡᠶ᠃ | ︵ᠳᠥᠷᠪᠡ︶ ᠬᠠᠷᠢᠶ᠎ᠠ ᠣᠷᠣᠨ ᠤ ᠪᠠᠨ ᠳᠣᠲᠣᠷᠠᠬᠢ ᠭᠡᠷ ᠲᠤ ᠪᠠᠨ ᠰᠠᠭᠤᠵᠤ ᠲᠤᠰᠠᠭᠠᠷᠯᠠᠬᠤ ᠬᠥᠮᠦᠰ ᠲᠤ | ᠡᠷᠡᠭᠦᠯ ᠮᠡᠨᠳᠦ ᠶᠢᠨ ᠪᠠᠶᠢᠳᠠᠯ ᠤᠨ ᠡᠳᠦᠷ ᠤᠨ ᠮᠡᠳᠡᠭᠦᠯᠦᠯᠲᠡ ᠬᠢᠵᠦ᠂ ᠬᠠᠯᠠᠭᠤᠷᠠᠬᠤ᠂ ᠬᠠᠨᠢᠶᠠᠬᠤ ᠵᠡᠷᠭᠡ ᠬᠡᠪ ᠤᠨ | ᠪᠤᠰᠤ ᠪᠠᠶᠢᠳᠠᠯ ᠭᠠᠷᠪᠠᠯ᠂ ᠪᠠᠶᠢᠭ᠎ᠠ ᠰᠢᠶᠠᠩ ᠪᠠᠯᠭᠠᠰᠤ ᠰᠤᠮᠤ ︵ᠵᠡᠭᠡᠯᠢ ᠭᠤᠳᠤᠮᠵᠢ︶ ᠪᠣᠯᠤᠨ ᠬᠠᠷᠢᠶ᠎ᠠ ᠭᠠᠵᠠᠷ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠤ ᠳᠠᠷᠤᠶᠢᠬᠠᠨ ᠮᠡᠳᠡᠭᠦᠯᠬᠦ ᠬᠡᠷᠡᠭᠲᠡᠶ᠃ | ︵ᠲᠠᠪᠤ︶ ᠬᠥᠮᠥᠰ ᠤᠨ ᠣᠷᠣᠵᠤ ᠭᠠᠷᠬᠤ ᠬᠠᠮᠢᠶᠠᠷᠤᠯᠲᠠ ᠶᠢ ᠴᠢᠩᠳᠠᠯᠠᠬᠤ ᠬᠡᠷᠡᠭᠲᠡᠶ᠃ ᠲᠣᠰ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ ᠲᠤ ᠣᠷᠣᠵᠤ ᠭᠠᠷᠬᠤ ᠶᠢ ᠨᠢ ᠳᠡᠩᠰᠡᠯᠡᠨ ᠲᠡᠮᠳᠡᠭᠯᠡᠬᠦ | ᠲᠦᠷᠢᠮ ᠢ ᠬᠡᠷᠡᠭᠵᠢᠭᠦᠯᠵᠦ᠂ ᠣᠷᠣᠵᠤ ᠭᠠᠷᠬᠤ ᠬᠥᠮᠦᠨ ᠤ ᠲᠤᠭ᠎ᠠ᠂ ᠤᠳᠠᠭ᠎ᠠ ᠪᠠ ᠴᠠᠭ ᠬᠤᠭᠤᠴᠠᠭ᠎ᠠ ᠶᠢ | ᠬᠢᠵᠠᠭᠠᠷᠯᠠᠬᠤ ᠥᠬᠡᠶ︔ ᠲᠣᠰ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠪᠤᠰᠤ ᠬᠥᠮᠦᠰ ᠲᠤ ᠯᠠᠪᠯᠠᠨ | ᠠᠰᠠᠭᠤᠬᠤ᠂ ᠳᠠᠩᠰᠠᠯᠠᠨ ᠲᠡᠮᠳᠡᠭᠯᠡᠬᠦ᠂ ᠪᠡᠶ᠎ᠡ ᠶᠢᠨ ᠳᠤᠯᠠᠭᠠᠨ ᠢ ᠨᠢ ᠪᠠᠶᠢᠴᠠᠭᠠᠨ ᠬᠡᠮᠵᠢᠬᠦ ᠵᠡᠷᠭᠡ ᠠᠵᠢᠯ ᠢ ᠰᠠᠶᠢᠲᠤᠷ | ᠬᠢᠵᠦ ᠣᠷᠣᠵᠤ ᠭᠠᠷᠬᠤ ᠶᠢ ᠨᠢ ᠵᠥᠪᠰᠢᠶᠡᠷᠡᠬᠦ ᠬᠡᠷᠡᠭᠲᠡᠶ᠃ | ᠭᠤᠷᠪᠠ᠂ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠳᠤ ᠠᠵᠢᠯᠴᠢᠨ ᠬᠡᠷᠡᠭᠯᠡᠬᠦ | ᠬᠠᠮᠢᠶᠠᠷᠤᠯᠲᠠ ᠶᠢᠨ ᠲᠤᠬᠠᠶ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ ᠨᠢ ︽ᠬᠡᠨ ᠠᠵᠢᠯᠲᠠᠨ | ᠬᠡᠷᠡᠭᠯᠡᠪᠡᠯ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠰ ᠠᠵᠤ ᠠᠬᠤᠶᠢᠯᠠᠯ᠂ ᠨᠢᠭᠡᠴᠢ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃ | ︵ᠨᠢᠭᠡ︶ ᠠᠵᠢᠯ ᠤᠨ ᠪᠠᠶᠢᠷᠢ ᠳᠤ ᠪᠠᠨ ᠪᠤᠴᠠᠭᠰᠠᠳ ᠪᠠ ᠭᠠᠳᠠᠨ᠎ᠠ ᠠᠴᠠ ᠢᠷᠡᠭᠰᠡᠨ ᠬᠥᠮᠦᠰ ᠤᠨ ᠬᠢᠵᠢᠭ ᠢ | ᠰᠡᠷᠭᠡᠶᠢᠯᠡᠬᠦ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠶ᠃ ᠠᠵᠢᠯ ᠤᠨ ᠪᠠᠶᠢᠷᠢ ᠳᠤ ᠪᠠᠨ ᠪᠤᠴᠠᠭᠰᠠᠨ᠂ ᠭᠠᠳᠠᠨ᠎ᠠ | ᠠᠴᠠ ᠢᠷᠡᠭᠰᠡᠳ ᠤᠨ ᠢᠷᠡᠭᠰᠡᠨ ᠭᠠᠵᠠᠷ ᠤᠨ ᠬᠢᠵᠢᠭ ᠤᠨ ᠪᠠᠶᠢᠳᠠᠯ ᠵᠢᠴᠢ ᠬᠤᠪᠢ ᠬᠥᠮᠦᠨ ᠤ ᠡᠷᠡᠭᠦᠯ ᠮᠡᠨᠳᠦ ᠶᠢᠨ | ᠪᠠᠶᠢᠳᠠᠯ ᠢ ᠨᠠᠷᠢᠯᠢᠭ ᠣᠨᠣᠪᠴᠢᠲᠠᠶ ᠡᠵᠡᠮᠰᠢᠬᠦ ᠬᠡᠷᠡᠭᠲᠡᠶ︔ ᠠᠵᠢᠯ ᠤᠨ ᠪᠠᠶᠢᠷᠢ ᠳᠤ ᠪᠠᠨ ᠪᠤᠴᠠᠭᠰᠠᠳ ᠢ | ᠲᠥᠪᠯᠡᠷᠡᠭᠦᠯᠦᠨ ᠵᠣᠬᠢᠶᠠᠨ ᠪᠠᠶᠢᠭᠤᠯᠵᠤ ᠵᠥᠭᠡᠭᠡᠪᠦᠷᠢᠯᠡᠬᠦ ᠠᠵᠢᠯ ᠢ ᠰᠠᠶᠢᠲᠤᠷ ᠬᠢᠵᠦ᠂ ᠠᠵᠢᠯ ᠤᠨ ᠪᠠᠶᠢᠷᠢ ᠳᠤ ᠪᠠᠨ | ᠪᠤᠴᠠᠭᠰᠠᠳ ᠢ ᠵᠠᠮ ᠵᠠᠭᠤᠷ᠎ᠠ ᠶᠢᠨ ᠬᠠᠮᠠᠭᠠᠯᠠᠯᠲᠠ ᠶᠢ ᠰᠠᠶᠢᠲᠤᠷ ᠬᠢᠬᠦ ᠶᠢ ᠱᠠᠭᠠᠷᠳᠠᠨ᠎ᠠ︔ ᠠᠵᠢᠯ ᠤᠨ ᠪᠠᠶᠢᠷᠢ ᠳᠤ | ᠭᠠᠷᠬᠤ ᠠᠴᠠ ᠡᠮᠦᠨᠡᠬᠢ ᠡᠷᠡᠭᠦᠯ ᠮᠡᠨᠳᠦ ᠶᠢᠨ ᠪᠠᠶᠢᠳᠠᠯ ᠤᠨ ᠪᠠᠶᠢᠴᠠᠭᠠᠯᠲᠠ ᠶᠢ ᠰᠠᠶᠢᠲᠤᠷ ᠬᠢᠵᠦ᠂ ᠠᠵᠢᠯᠲᠠᠨ | ᠠᠵᠢᠯᠴᠢᠨ ᠨᠢᠭᠡᠪᠦᠷᠢ ᠶᠢᠨ ᠡᠷᠡᠭᠦᠯ ᠮᠡᠨᠳᠦ ᠪᠠᠷ ᠠᠵᠢᠯ ᠤᠨ ᠪᠠᠶᠢᠷᠢ ᠳᠤ ᠭᠠᠷᠬᠤ ᠶᠢ ᠦᠨᠡᠨ ᠬᠦ ᠪᠠᠲᠤᠯᠠᠬᠤ | ᠬᠡᠷᠡᠭᠲᠡᠶ᠃ | ︵ᠬᠤᠶᠠᠷ︶ ᠠᠵᠤ ᠠᠬᠤᠶᠢᠯᠠᠯ᠂ ᠨᠢᠭᠡᠴᠢ ᠶᠢᠨ ᠳᠣᠲᠣᠭᠠᠳᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ᠰᠡᠷᠭᠡᠶᠢᠯᠡᠨ ᠡᠵᠡᠮᠳᠡᠬᠦ ᠲᠥᠰᠦᠯ ᠢ ᠤᠷᠢᠳᠴᠢᠯᠠᠨ ᠲᠣᠭᠲᠠᠭᠠᠵᠤ᠂ ᠬᠡᠷᠡᠭᠯᠡᠬᠦ ᠠᠵᠢᠯᠲᠠᠨ ᠠᠵᠢᠯᠴᠢᠨ ᠳᠤ ᠪᠦᠬᠦ | ᠶᠠᠪᠤᠴᠠ ᠶᠢᠨ ᠬᠠᠮᠢᠶᠠᠷᠤᠯᠲᠠ ᠬᠢᠬᠦ ᠬᠡᠷᠡᠭᠲᠡᠶ᠃ ᠡᠳᠦᠷ ᠪᠦᠷᠢ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠡᠷᠡᠭᠦᠯ ᠮᠡᠨᠳᠦ ᠶᠢᠨ ᠮᠡᠳᠡᠭᠦᠯᠦᠯᠲᠡ ᠪᠠ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ ᠳᠦᠷᠢᠮ ᠢ ᠪᠠᠶᠢᠭᠤᠯᠵᠤ᠂ | ᠠᠵᠢᠯᠲᠠᠨ ᠠᠵᠢᠯᠴᠢᠨ ᠤ ᠠᠮᠠᠪᠴᠢ ᠵᠡᠷᠭᠡ ᠬᠠᠮᠠᠭᠠᠯᠠᠯᠲᠠ ᠶᠢᠨ ᠬᠡᠷᠡᠭᠰᠡᠯ ᠵᠡᠭᠦᠬᠦ ᠶᠢ ᠱᠠᠭᠠᠷᠳᠠᠵᠤ᠂ ᠲᠣᠭᠲᠠᠭᠰᠠᠨ | ᠬᠤᠭᠤᠴᠠᠭ᠎ᠠ ᠲᠠᠢ ᠪᠠᠷ ᠠᠵᠢᠯᠯᠠᠬᠤ ᠲᠠᠯᠠᠪᠤᠷ ᠲᠤ ᠰᠠᠯᠬᠢ ᠨᠡᠪᠲᠡᠷᠡᠭᠦᠯᠵᠦ ᠠᠷᠢᠭᠤᠳᠬᠠᠨ᠎ᠠ᠃ ᠲᠤᠰᠠᠭᠠᠷ | ᠬᠤᠭᠤᠯᠠᠯᠠᠬᠤ ᠪᠤᠶᠤ ᠴᠠᠭ ᠬᠤᠪᠢᠶᠠᠨ ᠬᠤᠭᠤᠯᠠᠯᠠᠬᠤ ᠠᠷᠭ᠎ᠠ ᠬᠡᠯᠪᠡᠷᠢ ᠶᠢ ᠠᠪᠴᠤ᠂ ᠠᠵᠢᠯ ᠤᠨ ᠠᠮᠠᠷᠠᠯᠲᠠ ᠶᠢᠨ | ᠬᠤᠭᠤᠴᠠᠭᠠᠨ ᠳᠠᠬᠢ ᠬᠥᠮᠦᠰ ᠤᠨ ᠴᠤᠭᠯᠠᠷᠠᠬᠤ ᠶᠢ ᠪᠠᠭᠠᠰᠬᠠᠬᠤ ᠬᠡᠷᠡᠭᠲᠡᠶ᠃ ᠠᠵᠢᠯᠲᠠᠨ ᠤ ᠪᠠᠶᠢᠷᠢ ᠶᠢᠨ ᠰᠠᠯᠬᠢ | ᠨᠡᠪᠲᠡᠷᠡᠭᠦᠯᠬᠦ ᠪᠠ ᠣᠷᠴᠢᠨ ᠲᠣᠭᠤᠷᠢᠨ ᠢ ᠠᠷᠢᠭᠤᠳᠬᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠠᠳᠠᠨ᠎ᠠ ᠠᠴᠠ | ᠢᠷᠡᠭᠰᠡᠨ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ | ︵ᠭᠤᠷᠪᠠ︶ ᠡᠯ᠎ᠡ ᠭᠠᠵᠠᠷ ᠤᠨ ᠬᠢᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠠᠵᠤ | ᠠᠬᠤᠶᠢᠯᠠᠯ ᠢ ᠬᠠᠪᠰᠤᠷᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠠᠮᠠᠪᠴᠢ᠂ | ᠠᠷᠢᠭᠤᠳᠬᠠᠬᠤ ᠬᠡᠷᠡᠭᠰᠡᠯ ᠵᠡᠷᠭᠡ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢᠨ ᠲᠠᠯ᠎ᠠ ᠪᠠᠷ ᠳᠡᠮᠵᠢᠯᠭᠡ ᠦᠵᠡᠭᠦᠯᠬᠦ | ᠬᠡᠷᠡᠭᠲᠡᠶ᠃ ᠲᠤᠬᠠᠶ ᠶᠢᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ | ᠦᠶᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠰᠡᠷᠭᠡᠶᠢᠯᠡᠨ ᠡᠵᠡᠮᠳᠡᠬᠦ ᠠᠵᠢᠯ ᠤᠨ | ᠵᠢᠯᠣᠭᠤᠳᠣᠯᠭ᠎ᠠ ᠬᠢᠵᠦ᠂ ᠭᠤᠣᠯᠳᠠᠯᠭ᠎ᠠ ᠲᠠᠢ ᠠᠵᠢᠯᠴᠢᠨ ᠬᠡᠷᠡᠭᠯᠡᠬᠦ ᠠᠵᠤ ᠠᠬᠤᠶᠢᠯᠠᠯ ᠳᠤ ᠲᠤᠰᠬᠠᠶ ᠬᠥᠮᠦᠨ | ᠰᠣᠩᠭᠤᠨ ᠲᠣᠮᠢᠯᠠᠵᠤ ᠲᠤᠬᠠᠶ ᠶᠢᠨ ᠲᠠᠯᠠᠪᠤᠷ ︵ᠦᠶᠯᠡᠳᠪᠦᠷᠢ︶ ᠲᠤ ᠰᠠᠭᠤᠯᠭᠠᠵᠤ ᠵᠢᠯᠣᠭᠤᠳᠬᠤ ᠬᠡᠷᠡᠭᠲᠡᠶ᠃ | ᠳᠦᠷᠪᠡ᠂ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠡᠷᠬᠢᠯᠡᠬᠦ ᠲᠤᠬᠠᠶ | ᠠᠵᠢᠯᠯᠠᠭ᠎ᠠ ᠶᠢ ᠭᠤᠤᠯᠯᠠᠨ ᠡᠷᠬᠢᠯᠡᠬᠦ ᠨᠢᠭᠡᠴᠢ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠬᠠᠷᠢᠭᠤᠴᠠᠯᠭᠠᠲᠤ ᠨᠢᠭᠡᠴᠢ ᠮᠦᠨ᠃ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠥᠨᠡᠨ ᠬᠦ ᠰᠠᠶᠢᠲᠤᠷ ᠬᠢᠭᠰᠡᠨ | ᠨᠥᠬᠦᠴᠡᠯ ᠳᠣᠤᠷ᠎ᠠ᠂ ᠬᠠᠮᠢᠶ᠎ᠠ ᠪᠦᠬᠦᠢ ᠵᠢᠵᠢᠭ ᠬᠡᠯᠪᠡᠷᠢ ᠶᠢᠨ ᠵᠥᠪᠳᠡᠯᠴᠡᠭᠡᠷ᠂ ᠬᠡᠯᠡᠯᠴᠡᠭᠡᠷ᠂ ᠭᠡᠷ᠎ᠡ ᠲᠣᠭᠲᠠᠬᠤ | ᠵᠡᠷᠭᠡ ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠶᠢ ᠡᠷᠬᠢᠯᠡᠵᠦ ᠪᠣᠯᠤᠨ᠎ᠠ᠂ ᠦᠵᠡᠰᠬᠦᠯᠡᠩ᠂ ᠶᠠᠷᠢᠶᠠᠨ ᠤ | ᠲᠠᠪᠴᠠᠩ᠂ ᠣᠨ ᠤ ᠬᠤᠷᠠᠯ ᠵᠡᠷᠭᠡ ᠬᠥᠮᠦᠰ ᠨᠡᠯᠢᠶᠡᠳ ᠣᠯᠠᠨ ᠴᠤᠭᠯᠠᠷᠠᠬᠤ ᠴᠢᠨᠠᠷᠲᠠᠶ ᠠᠵᠢᠯᠯᠠᠭ᠎ᠠ ᠡᠷᠬᠢᠯᠡᠬᠦ ᠶᠢ | ᠴᠠᠭᠠᠵᠠᠯᠠᠨ᠎ᠠ᠃ | ︵ᠨᠢᠭᠡ︶ ᠠᠵᠢᠯᠯᠠᠭ᠎ᠠ ᠳᠤ ᠣᠷᠣᠯᠴᠠᠬᠤ ᠬᠥᠮᠦᠰ ᠤᠨ ᠬᠠᠮᠢᠶᠠᠷᠤᠯᠲᠠ᠃ ᠭᠠᠳᠠᠷ ᠮᠤᠵᠢ ᠣᠷᠣᠨ ᠠᠴᠠ | ᠢᠷᠡᠭᠰᠡᠨ ᠬᠦᠮᠦᠰ ᠢ ᠪᠠᠶᠢᠭ᠎ᠠ ᠭᠠᠵᠠᠷ ᠣᠷᠣᠨ ᠤ ᠬᠢᠨ ᠬᠢᠵᠢᠭ ᠤᠨ ᠪᠠᠶᠢᠳᠠᠯ ᠢ ᠦᠨᠳᠦᠰᠦᠯᠡᠨ ᠵᠣᠬᠢᠴᠠᠩᠭᠤᠶ ᠠᠷᠭ᠎ᠠ | ᠬᠡᠮᠵᠢᠶ᠎ᠡ ᠠᠪᠴᠤ᠂ ᠡᠩ ᠤᠨ ᠪᠠᠶᠢᠳᠠᠯ ᠳᠤ ᠣᠷᠣᠯᠴᠠᠭᠰᠠᠳ ᠠᠴᠠ ᠡᠷᠡᠭᠦᠯ ᠮᠡᠨᠳᠦ ᠶᠢᠨ ᠭᠡᠷᠡᠴᠢ ᠪᠤᠶᠤ ᠪᠢᠴᠢᠭ ᠤᠨ | ᠬᠡᠯᠪᠡᠷᠢ ᠶᠢᠨ ᠠᠮᠠᠯᠠᠯᠲᠠ ᠬᠠᠩᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠠᠴᠠ ᠢᠷᠡᠭᠰᠡᠨ | ᠬᠥᠮᠦᠨ ᠢ ᠭᠤᠤᠯᠯᠠᠨ ᠡᠷᠬᠢᠯᠡᠭᠰᠡᠨ ᠲᠠᠯ᠎ᠠ ᠠᠴᠠ ᠬᠠᠷᠢᠭᠤᠴᠠᠵᠤ᠂ ᠡᠷᠡᠭᠦᠯ ᠮᠡᠨᠳᠦ ᠶᠢᠨ ᠨᠥᠬᠦᠴᠡᠯ ᠳᠤ ᠨᠡᠶᠢᠴᠡᠪᠡᠯ | ᠳᠠᠷᠤᠶ ᠣᠷᠣᠯᠴᠠᠵᠤ ᠪᠣᠯᠤᠨ᠎ᠠ᠃ | ︵ᠬᠤᠶᠠᠷ︶ ᠠᠵᠢᠯᠯᠠᠭ᠎ᠠ ᠶᠢ ᠭᠤᠤᠯᠯᠠᠨ ᠡᠷᠬᠢᠯᠡᠬᠦ ᠲᠠᠯ᠎ᠠ ᠠᠴᠠ ᠬᠤᠯᠪᠣᠭᠳᠠᠯ ᠪᠦᠬᠦᠢ ᠢᠷᠡᠬᠦ ᠬᠥᠮᠦᠨ ᠤ | ᠮᠡᠳᠡᠭᠡ ᠵᠠᠩᠭᠢ ᠶᠢ ᠲᠡᠳᠡᠨ ᠤ ᠪᠠᠶᠢᠭ᠎ᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠤ ᠮᠡᠳᠡᠭᠦᠯᠬᠦ ᠬᠡᠷᠡᠭᠲᠡᠶ᠃ | ᠠᠵᠢᠯᠯᠠᠭ᠎ᠠ ᠶᠢ ᠵᠣᠬᠢᠶᠠᠨ ᠪᠠᠶᠢᠭᠤᠯᠬᠤ ᠳᠠᠭᠠᠨ ᠠᠵᠢᠯᠯᠠᠭ᠎ᠠ ᠶᠢᠨ ᠬᠡᠪᠴᠢᠶ᠎ᠡ ᠶᠢ ᠠᠯᠢ ᠴᠢᠳᠠᠬᠤ ᠪᠠᠷ ᠬᠢᠵᠠᠭᠠᠷᠯᠠᠨ᠂ | ᠣᠷᠣᠯᠴᠠᠬᠤ ᠬᠥᠮᠦᠰ ᠢ ᠴᠥᠭᠡᠳᠬᠡᠵᠦ᠂ ᠠᠵᠢᠯᠯᠠᠭᠠᠨ ᠤ ᠴᠠᠭ ᠢ ᠪᠣᠭᠤᠨᠢᠰᠬᠠᠬᠤ ᠬᠡᠷᠡᠭᠲᠡᠶ᠃ ᠠᠵᠢᠯᠯᠠᠭᠠᠨ ᠤ | ᠲᠠᠯᠠᠪᠤᠷ ᠤᠨ ᠰᠠᠯᠬᠢ ᠨᠡᠪᠲᠡᠷᠡᠭᠦᠯᠦᠨ ᠠᠭᠠᠷ ᠰᠣᠯᠢᠬᠤ ᠶᠢ ᠪᠠᠲᠤᠯᠠᠵᠤ᠂ ᠴᠢᠬᠤᠯᠠ ᠪᠦᠬᠦᠢ ᠠᠷᠢᠭᠤᠳᠬᠠᠯ ᠤᠨ | ᠠᠵᠢᠯ ᠢ ᠰᠠᠶᠢᠲᠤᠷ ᠬᠢᠵᠦ᠂ ᠬᠤᠷᠠᠯ ᠳᠤ ᠣᠷᠣᠯᠴᠠᠭᠰᠠᠳ ᠲᠤ ᠠᠮᠠᠪᠴᠢ ᠵᠡᠭᠦᠯᠭᠡᠬᠦ ᠬᠡᠷᠡᠭᠲᠡᠶ᠃ | ︵ᠭᠤᠷᠪᠠ︶ ᠲᠣᠤᠷ ᠰᠦᠯᠵᠢᠶ᠎ᠡ᠂ ᠸᠢᠳᠢᠤ᠋ ᠬᠤᠷᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠬᠤᠳᠠᠯᠳᠤᠭᠠᠨ ᠤ ᠶᠠᠪᠤᠳᠠᠯ ᠤᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ | ᠲᠠᠪᠤ᠂ ᠪᠣᠰᠣᠳ ᠠᠵᠢᠯ ᠲᠥᠷᠥᠯ ᠤᠨ ᠬᠠᠮᠢᠶᠠᠷᠤᠯᠲᠠ ᠶᠢᠨ ᠲᠤᠬᠠᠢ | ᠡᠭᠦᠨ ᠳᠤ ᠭᠤᠤᠯᠳᠠᠭᠤ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠪᠠᠩᠬᠢ ᠪᠣᠯᠤᠨ ᠣᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠣᠩᠬᠤᠪᠴᠢ ᠲᠠᠢ ᠨᠢᠭᠡᠴᠢ | ᠵᠡᠷᠭᠡ ᠪᠠᠭᠲᠠᠨ᠎ᠠ᠃ | ︵ᠨᠢᠭᠡ︶ ᠡᠯ᠎ᠡ ᠭᠠᠵᠠᠷ ᠣᠷᠣᠨ ᠨᠤᠭᠤᠳ ᠬᠠᠮᠢᠶ᠎ᠠ ᠪᠦᠬᠦᠢ ᠵᠦᠭᠯᠡᠭᠦᠷ ᠶᠣᠰᠣᠭᠠᠷ ᠰᠡᠷᠭᠡᠶᠢᠯᠡᠨ ᠡᠵᠡᠮᠳᠡᠬᠦ | ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠡᠵᠡᠩᠨᠡᠯᠲᠡ᠂ ᠦᠢᠯᠡᠴᠢᠯᠡᠭᠡᠨ ᠤ ᠡᠮᠬᠢ ᠵᠢᠷᠤᠮ ᠢ ᠡᠮᠬᠢ | ᠵᠢᠷᠤᠮ ᠲᠠᠢ᠂ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠰᠡᠷᠭᠦᠭᠡᠬᠦ ᠬᠡᠷᠡᠭᠲᠡᠶ᠃ | ︵ᠬᠤᠶᠠᠷ︶ ᠲᠤᠬᠠᠶ ᠶᠢᠨ ᠭᠠᠵᠠᠷ ᠤᠨ ᠬᠢᠵᠢᠭ ᠤᠨ ᠪᠠᠢᠳᠠᠯ ᠤᠨ ᠬᠤᠪᠢᠷᠠᠯᠲᠠ ᠶᠢ ᠦᠨᠳᠦᠰᠦᠯᠡᠨ᠂ ᠭᠠᠵᠠᠷ | ᠣᠷᠣᠨ ᠤ ᠲᠥᠷᠥᠯ ᠬᠤᠪᠢᠶᠠᠬᠤ ᠪᠠ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠳᠤ ᠬᠥᠳᠡᠯᠦᠩᠭᠦᠶ ᠲᠣᠬᠢᠷᠠᠭᠤᠯᠤᠯᠲᠠ | ᠬᠢᠵᠦ᠂ ᠳᠡᠭᠡᠷᠡᠬᠢ ᠠᠵᠢᠯ ᠲᠥᠷᠥᠯ ᠤᠨ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠳᠤ | ᠵᠣᠬᠢᠴᠠᠩᠭᠤᠢ ᠲᠣᠬᠢᠷᠠᠭᠤᠯᠤᠯᠲᠠ ᠬᠢᠬᠦ ᠬᠡᠷᠡᠭᠲᠡᠶ᠃ | ᠵᠢᠷᠭᠤᠭ᠎ᠠ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠢᠭ ᠢ ᠰᠡᠷᠭᠡᠶᠢᠯᠡᠬᠦ ᠠᠵᠢᠯ ᠤᠨ ᠲᠤᠬᠠᠶ | ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ᠂ | ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ | ᠵᠠᠮ ᠬᠠᠷᠢᠯᠴᠠᠭᠠᠨ ᠤ ᠠᠵᠢᠯ ᠲᠥᠷᠥᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ︵ᠨᠢᠭᠡ︶ ᠵᠢᠯᠣᠭᠤᠴᠢ ᠦᠢᠯᠡᠴᠢᠯᠡᠭᠴᠢ ᠶᠢᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ | ᠠᠵᠢᠯ ᠤᠨ ᠪᠠᠶᠢᠷᠢ ᠳᠤ ᠭᠠᠷᠬᠤ ᠠᠴᠠ ᠡᠮᠦᠨ᠎ᠡ᠂ ᠬᠢᠵᠢᠭ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ ᠬᠢᠵᠦ᠂ | ᠡᠷᠡᠭᠦᠯ ᠮᠡᠨᠳᠦ ᠶᠢ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠪᠡᠶ᠎ᠡ ᠶᠢᠨ ᠳᠤᠯᠠᠭᠠᠨ ᠢ ᠨᠢ ᠬᠡᠮᠵᠢᠬᠦ ᠬᠡᠷᠡᠭᠲᠡᠶ᠃ | ᠠᠵᠢᠯ ᠤᠨ ᠪᠠᠶᠢᠷᠢ ᠳᠤ ᠭᠠᠷᠬᠤ ᠳᠠᠭᠠᠨ ᠠᠮᠠᠪᠴᠢ᠂ ᠪᠡᠭᠡᠯᠡᠶ ᠵᠡᠷᠭᠡ ᠬᠠᠮᠠᠭᠠᠯᠠᠯᠲᠠ ᠬᠢᠬᠦ ᠬᠡᠷᠡᠭᠲᠡᠶ᠃ ᠰᠦᠯᠵᠢᠶᠡᠨ | ᠳᠡᠭᠡᠷ᠎ᠡ ᠲᠣᠭᠠᠴᠠᠭ᠎ᠠ ᠬᠢᠬᠦ ᠶᠢ ᠵᠣᠷᠢᠭᠵᠢᠭᠤᠯᠤᠨ᠎ᠠ᠃ | ︵ᠬᠤᠶᠠᠷ︶ ᠠᠶᠠᠨᠴᠢᠳ ᠤᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠪᠠᠶᠢᠳᠠᠯ ᠢ | ᠦᠵᠡᠵᠦ ᠪᠠᠶᠢᠭᠠᠳ ᠲᠡᠷᠭᠡᠨ ᠳᠤ ᠰᠠᠭᠤᠬᠤ ᠠᠶᠠᠨᠴᠢᠳ ᠲᠤ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠵᠦ᠂ | ᠠᠶᠠᠨᠴᠢᠳ ᠢ ᠠᠮᠠᠪᠴᠢ ᠵᠡᠭᠦᠯᠭᠡᠬᠦ᠂ ᠲᠠᠷᠠᠬᠠᠶ ᠪᠤᠲᠠᠷᠬᠠᠶ ᠪᠠᠷ ᠰᠠᠭᠤᠳᠠᠯ ᠰᠣᠩᠭᠤᠭᠤᠯᠬᠤ᠂ ᠲᠠᠷᠠᠬᠠᠶ ᠪᠤᠲᠠᠷᠬᠠᠶ ᠪᠠᠷ | ᠲᠡᠷᠭᠡ ᠬᠦᠯᠢᠶᠡᠬᠦ ᠶᠢ ᠱᠠᠭᠠᠷᠳᠠᠨ᠂ ᠠᠶᠠᠨᠴᠢᠳ ᠤᠨ ᠨᠢᠭᠲᠠᠴᠠ ᠶᠢ ᠡᠵᠡᠮᠳᠡᠬᠦ ᠬᠡᠷᠡᠭᠲᠡᠢ᠃ | ︵ᠭᠤᠷᠪᠠ︶ ᠠᠶᠠᠨᠴᠢᠳ ᠤᠨ ᠵᠥᠭᠡᠭᠡᠪᠦᠷᠢ ᠶᠢᠨ ᠲᠡᠷᠭᠡ ᠬᠥᠰᠬᠡ ᠶᠢᠨ ᠣᠷᠴᠢᠨ ᠲᠣᠭᠤᠷᠢᠨ ᠤ ᠠᠷᠢᠭᠤᠨ | ᠴᠡᠪᠡᠷ ᠢ ᠪᠠᠲᠤᠯᠠᠵᠤ᠂ ᠵᠢᠷᠤᠮᠵᠢᠯ ᠲᠠᠢ ᠠᠷᠢᠭᠤᠳᠬᠠᠨ᠂ ᠰᠠᠯᠬᠢ ᠨᠡᠪᠲᠡᠷᠡᠬᠦ ᠶᠢ ᠴᠢᠩᠭᠠᠳᠬᠠᠨ ᠠᠭᠠᠷ ᠨᠡᠪᠲᠡᠷᠡᠬᠦ ᠶᠢ | ᠪᠠᠲᠤᠯᠠᠬᠤ ᠬᠡᠷᠡᠭᠲᠡᠶ᠃ | ︵ᠳᠥᠷᠪᠡ︶ ᠲᠡᠷᠭᠡᠨ ᠥᠷᠲᠡᠭᠡᠨ ᠳᠤ ᠲᠡᠷᠭᠡ ᠬᠦᠯᠢᠶᠡᠬᠦ᠂ ᠪᠢᠯᠧᠲ ᠬᠤᠳᠠᠯᠳᠤᠨ ᠠᠪᠬᠤ ᠪᠠ ᠪᠢᠯᠧᠲ | ᠪᠤᠴᠠᠭᠠᠬᠤ ᠵᠡᠷᠭᠡ ᠠᠶᠠᠨᠴᠢᠳ ᠲᠤ ᠲᠠᠷᠠᠬᠠᠶ ᠪᠤᠲᠠᠷᠬᠠᠶ ᠪᠠᠶᠢᠯᠭᠠᠬᠤ ᠠᠷᠭ᠎ᠠ ᠬᠡᠮᠵᠢᠶ᠎ᠡ ᠠᠪᠴᠤ᠂ ᠠᠶᠠᠨᠴᠢᠳ ᠤᠨ | ᠴᠤᠭᠯᠠᠷᠠᠯ ᠤᠨ ᠬᠡᠮᠵᠢᠶ᠎ᠡ ᠶᠢ ᠪᠠᠭᠤᠷᠠᠭᠤᠯᠬᠤ ᠬᠡᠷᠡᠭᠲᠡᠶ᠃ ᠥᠷᠲᠡᠭᠡ ᠲᠠᠯᠠᠪᠤᠷ ᠤᠨ ᠬᠢᠵᠢᠭ ᠰᠡᠷᠭᠡᠶᠢᠯᠡᠬᠦ ᠠᠷᠢᠭᠤᠳᠬᠠᠯ᠂ | ᠠᠷᠢᠭᠤᠨ ᠴᠡᠪᠡᠷ ᠪᠠᠶᠢᠯᠭᠠᠬᠤ ᠪᠠ ᠰᠠᠯᠬᠢ ᠨᠡᠪᠲᠡᠷᠡᠭᠦᠯᠵᠦ ᠠᠭᠠᠷ ᠰᠣᠯᠢᠬᠤ ᠶᠢ ᠴᠢᠩᠭᠠᠳᠬᠠᠨ᠂ ᠲᠡᠷᠭᠡ ᠬᠦᠯᠢᠶᠡᠬᠦ | ᠣᠷᠴᠢᠨ ᠲᠣᠭᠤᠷᠢᠨ ᠤ ᠠᠭᠠᠷ ᠴᠡᠪᠡᠷ ᠪᠠᠶᠢᠬᠤ ᠶᠢ ᠪᠠᠲᠤᠯᠠᠬᠤ ᠬᠡᠷᠡᠭᠲᠡᠢ᠃ | ︵ᠲᠠᠪᠤ︶ ᠠᠶᠠᠨᠴᠢᠳ ᠶᠡᠷᠦ ᠪᠤᠰᠤ ᠶᠢᠨ ᠪᠠᠶᠢᠳᠠᠯ ᠭᠠᠷᠪᠠᠯ ᠴᠠᠭ ᠲᠤᠬᠠᠶ ᠳᠤᠨᠢ ᠮᠡᠳᠡᠭᠦᠯᠵᠦ᠂ ᠬᠥᠮᠦᠰ ᠢ | ᠲᠠᠷᠬᠠᠭᠠᠨ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠬᠠᠮᠵᠢᠯᠴᠠᠨ ᠰᠠᠶᠢᠲᠤᠷ ᠬᠢᠵᠦ᠂ ᠬᠠᠮᠢᠶ᠎ᠠ | ᠪᠦᠬᠦᠢ ᠥᠷᠲᠡᠭᠡ ᠲᠠᠯᠠᠪᠤᠷ᠂ ᠲᠡᠷᠭᠡ ᠬᠥᠰᠬᠡ ᠶᠢ ᠲᠦᠢᠯᠪᠤᠷᠢᠲᠠᠶ ᠠᠷᠢᠭᠤᠳᠬᠠᠨ ᠰᠢᠢᠳᠪᠦᠷᠢᠯᠡᠬᠦ ᠬᠡᠷᠡᠭᠲᠡᠶ᠃ | | 2020 ᠣᠨ ᠤ 2 ᠳ᠋ᠤᠭᠠᠷ ᠰᠠᠷ᠎ᠠ ᠶᠢᠨ 23 ᠤ ᠡᠳᠦᠷ | |