ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠭᠠᠰᠢ᠂ ᠬᠥᠯᠥᠨ ᠪᠤᠶᠢᠷ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠭᠰᠡᠭᠡᠷ ᠢᠷᠡᠪᠡ᠃ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠢ ᠲᠦᠷᠭᠡᠳᠬᠡᠨ ᠰᠡᠷᠭᠦᠭᠡᠵᠦ᠂ ᠡᠪᠡᠰᠦ ᠪᠣᠷᠳᠤᠭ᠎ᠠ ᠨᠥᠭᠡᠴᠡᠯᠡᠬᠦ ᠵᠡᠷᠭᠡ ᠠᠵᠢᠯ ᠢ | ᠰᠠᠶᠢᠲᠤᠷ ᠬᠢᠬᠦ ᠶᠢᠨ ᠲᠤᠰᠠᠳᠠ᠂ ᠣᠶᠢᠷ᠎ᠠ ᠳᠤ᠂ ᠳᠡᠭᠡᠳᠦ ᠱᠠᠲᠤᠨ ᠠᠴᠠ ᠪᠠᠭᠤᠯᠭᠠᠭᠰᠠᠨ ᠲᠥᠪ ᠤᠨ ᠲᠠᠷᠢᠶᠠᠯᠠᠩ ᠤᠨ | ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢᠨ ᠭᠦᠢᠴᠡᠳᠬᠡᠯ ᠲᠤᠭ᠎ᠠ ᠶᠢ ᠣᠯᠵᠤ ᠠᠪᠤᠭᠰᠠᠨ ᠤ | ᠳᠠᠷᠠᠭ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠭᠡᠰᠢᠭᠦᠳ ᠤᠨ ᠬᠤᠷᠠᠯ ᠤᠨ ᠵᠣᠷᠢᠭ ᠰᠠᠭᠠᠭ᠎ᠠ | ᠶᠣᠰᠣᠭᠠᠷ᠂ ᠬᠤᠲᠠ ᠶᠢᠨ ᠡᠳ᠋ ᠤᠨ ᠵᠠᠰᠠᠭ ᠬᠠᠮᠤᠭ ᠲᠡᠷᠢᠭᠦᠨ ᠳᠤ ᠲᠥᠪ ᠤᠨ ᠲᠠᠷᠢᠶᠠᠯᠠᠩ ᠤᠨ ᠦᠢᠯᠡᠳᠪᠦᠷᠢᠯᠡᠯ ᠤᠨ | ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠰᠠᠯᠭᠠᠨ ᠥᠭᠴᠡᠢ᠃ | ᠲᠣᠰ ᠤᠳᠠᠭ᠎ᠠ ᠨᠥᠬᠦᠪᠥᠷᠢ ᠮᠥᠩᠭᠦ ᠶᠢ ᠨᠡᠶᠢᠲᠡ 1478 ᠲᠦᠮᠡᠨ ᠲᠥᠭᠦᠷᠢᠭ ᠪᠠᠭᠤᠯᠭᠠᠵᠤ᠂ ᠭᠤᠤᠯᠳᠠᠭᠤ | 12.23 ᠲᠦᠮᠡᠨ ᠲᠣᠨ ᠡᠪᠡᠰᠦ ᠪᠣᠷᠳᠤᠭ᠎ᠠ ᠬᠠᠳᠠᠭᠠᠯᠠᠵᠤ ᠵᠥᠭᠡᠭᠡᠪᠦᠷᠢᠯᠡᠬᠦ ᠨᠥᠬᠦᠪᠥᠷᠢ ᠶᠢᠨ ᠠᠵᠢᠯ ᠳᠤ ᠬᠡᠷᠡᠭᠯᠡᠵᠦ᠂ | ᠨᠥᠬᠦᠪᠥᠷᠢ ᠶᠢᠨ ᠪᠠᠷᠢᠮᠵᠢᠶ᠎ᠠ ᠨᠢ ᠳᠤᠮᠳᠠᠴᠢ ᠪᠠᠷ ᠲᠣᠨ ᠪᠦᠷᠢ 120.83 ᠲᠥᠭᠦᠷᠢᠭ ᠪᠠᠶᠢᠵᠤ᠂ ᠰᠢᠨ᠎ᠡ ᠪᠠᠷᠭᠤ | ᠵᠡᠭᠦᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠬᠠᠭᠤᠴᠢᠨ ᠪᠠᠷᠭᠤ ᠬᠤᠰᠢᠭᠤ᠂ ᠡᠸᠡᠩᠬᠢ ᠬᠤᠰᠢᠭᠤ᠂ | ᠬᠠᠶᠢᠯᠠᠷ ᠲᠣᠭᠤᠷᠢᠭ᠂ ᠡᠷᠭᠦᠨ᠎ᠡ ᠬᠤᠲᠠ ᠵᠡᠷᠭᠡ 6 ᠬᠤᠰᠢᠭᠤ ᠬᠤᠲᠠ ᠲᠣᠭᠤᠷᠢᠭ ᠢ ᠬᠠᠮᠤᠷᠪᠠ᠃ | ᠲᠥᠪ ᠤᠨ ᠲᠠᠷᠢᠶᠠᠯᠠᠩ ᠤᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ | ᠪᠠᠭᠤᠯᠭᠠᠭᠰᠠᠨ ᠨᠢ ᠬᠢᠵᠢᠭ ᠤᠨ ᠪᠠᠶᠢᠳᠠᠯ ᠠᠴᠠ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠳᠤ ᠦᠵᠡᠭᠦᠯᠬᠦ ᠳᠠᠭᠠᠷᠢᠯᠲᠠ ᠪᠠ ᠨᠥᠯᠥᠭᠡ ᠶᠢ ᠤᠯᠠᠮ ᠨᠢᠭᠡ ᠠᠯᠬᠤᠮ ᠪᠠᠭᠤᠷᠠᠭᠤᠯᠵᠤ᠂ | ᠭᠠᠮᠰᠢᠭᠳᠠᠭᠰᠠᠨ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠬᠠᠪᠰᠤᠷᠤᠨ ᠰᠢᠢᠳᠪᠦᠷᠢᠯᠡᠵᠦ᠂ | ᠲᠠᠷᠢᠶᠠᠴᠢᠳ ᠤᠨ ᠭᠠᠮᠰᠢᠭ ᠠᠴᠠ ᠪᠣᠯᠬᠤ ᠬᠤᠬᠢᠷᠠᠯ ᠢ ᠪᠠᠭᠠᠰᠬᠠᠵᠤ᠂ ᠪᠦᠬᠦ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠠᠵᠢᠯ ᠢ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠤᠨ ᠠᠬᠢᠴᠠ ᠶᠢ ᠲᠦᠷᠭᠡᠳᠬᠡᠬᠦ ᠳᠤ | ᠠᠰᠢᠭᠲᠠᠶ ᠪᠣᠯᠪᠠ᠃ ᠪᠡᠯᠡ ᠮᠥᠩᠭᠦ ᠶᠢ ᠴᠠᠭ ᠲᠤᠬᠠᠶ ᠳᠤᠨᠢ ᠪᠠᠭᠤᠯᠭᠠᠬᠤ ᠶᠢᠨ ᠬᠠᠮᠲᠤ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ ᠠᠴᠠ ᠬᠤᠯᠪᠣᠭᠳᠠᠯ ᠪᠦᠬᠦᠢ ᠬᠤᠰᠢᠭᠤ ᠰᠢᠶᠠᠨ ᠳᠤ ᠪᠡᠯᠡ ᠮᠥᠩᠭᠦ ᠶᠢᠨ ᠬᠠᠮᠢᠶᠠᠷᠤᠯᠲᠠ ᠶᠢᠨ | ᠠᠷᠭ᠎ᠠ ᠶᠢ ᠴᠢᠩᠭ᠎ᠠ ᠵᠢᠷᠤᠮᠯᠠᠨ᠂ ᠲᠥᠪ ᠤᠨ ᠨᠥᠬᠦᠪᠥᠷᠢ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ | ᠬᠡᠷᠡᠭᠯᠡᠵᠦ᠂ ᠪᠡᠯᠡ ᠮᠥᠩᠭᠦ ᠶᠢ ᠰᠠᠯᠭᠠᠨ ᠥᠭᠬᠦ ᠪᠠ ᠲᠥᠰᠦᠪ ᠤᠨ ᠬᠡᠷᠡᠭᠵᠢᠭᠦᠯᠦᠯᠲᠡ ᠶᠢ ᠲᠦᠷᠭᠡᠳᠬᠡᠵᠦ᠂ ᠲᠤᠰᠬᠠᠶ | ᠵᠣᠭᠤᠰ ᠢ ᠲᠤᠰᠬᠠᠶ ᠵᠦᠢᠯ ᠳᠤᠨᠢ ᠬᠡᠷᠡᠭᠯᠡᠵᠦ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠠᠰᠢᠭ ᠢᠶᠠᠨ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠱᠠᠭᠠᠷᠳᠠᠪᠠ᠃ |