ᠦᠪᠦᠷ ᠮᠤᠩᠭᠤᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠭᠡᠨᠡᠳᠳᠡ ᠡᠭᠦᠰᠬᠦ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠠᠵᠢᠯᠯᠠᠭ᠎ᠠ ᠶᠢᠨ ᠲᠡᠰ ᠢ ᠦᠪᠡᠷᠳᠡᠭᠡᠨ ᠵᠠᠰᠠᠬᠤ ᠤᠷᠤᠨ ᠤ ᠲᠠᠰ ᠤᠨ ᠨᠢᠭᠡᠳᠦᠭᠡᠷ ᠲᠠᠰ ᠠᠴᠠ ᠭᠤᠷᠪᠠᠳᠤᠭᠠᠷ ᠲᠠᠰ ᠪᠤᠯᠭᠠᠨ ᠲᠤᠬᠢᠷᠠᠭᠤᠯᠪᠠ
ᠨᠡᠶᠢᠲᠡᠯᠡᠭᠰᠡᠨ ᠴᠠᠭ᠄
2020/2/26
     2 ᠰᠠᠷ᠎ᠠ ᠶᠢᠨ 25᠎ ᠤ ᠡᠳᠤᠷ᠂ ᠥᠪᠡᠷᠲᠡᠭᠡᠨ ᠵᠠᠰᠠᠬᠤ ᠣᠷᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠎ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠥᠭᠤᠳᠬᠤ ᠭᠠᠵᠠᠷ ᠬᠤᠷᠢ ᠶᠢᠰᠥᠳᠥᠭᠡᠷ ᠤᠳᠠᠭ᠎ᠠ ᠎ ᠶᠢᠨ ᠰᠤᠨᠢᠨ ᠮᠡᠳᠡᠭᠡ ᠨᠡᠶᠢᠳᠠᠯᠠᠬᠦ ᠬᠤᠷᠠᠯ ᠬᠤᠷᠠᠯᠳᠤᠵᠠᠢ᠃ ᠬᠤᠷᠠᠯ ᠲᠡᠭᠡᠷ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ ᠥᠪᠡᠷᠲᠡᠭᠡᠨ ᠵᠠᠰᠠᠬᠤ ᠣᠷᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠭᠡᠨᠡᠳᠳᠡ ᠡᠭᠦᠰᠬᠦ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠠᠵᠢᠯᠯᠠᠭ᠎ᠠ ᠶᠢᠨ ᠲᠡᠰ ᠢ ᠦᠪᠡᠷᠳᠡᠭᠡᠨ ᠵᠠᠰᠠᠬᠤ ᠤᠷᠤᠨ ᠤ ᠲᠠᠰ ᠤᠨ ᠨᠢᠭᠡᠳᠦᠭᠡᠷ ᠲᠠᠰ ᠠᠴᠠ ᠭᠤᠷᠪᠠᠳᠤᠭᠠᠷ ᠲᠠᠰ ᠪᠤᠯᠭᠠᠨ ᠲᠤᠬᠢᠷᠠᠭᠤᠯᠤᠭᠰᠠᠨ ᠲᠤᠬᠠᠢ ᠮᠡᠳᠡᠭᠳᠡᠵᠤ᠂ 2020 ᠣᠨ ᠤ 2 ᠰᠠᠷ᠎ᠠ ᠶᠢᠨ 25᠎ ᠤ ᠡᠳᠦᠷ ᠤᠨ 24 ᠴᠠᠭ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠨᠢᠭᠡᠳᠦᠭᠡᠷ ᠳᠡᠰ ᠤᠨ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠲᠠᠰ ᠤᠨ ᠠᠵᠢᠯᠯᠠᠭ᠎ᠠ ᠪᠤᠯᠭᠠᠨ ᠲᠣᠬᠢᠷᠠᠭᠤᠯᠬᠤ ᠪᠠᠷ ᠲᠣᠭᠲᠠᠭᠠᠵᠥ᠂ ᠨᠠᠷᠢᠨ ᠠᠭᠤᠯᠭ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠠ ᠪᠠᠷ ᠳᠠᠮᠵᠢᠭᠤᠯᠤᠨ ᠨᠡᠶᠢᠲᠡᠯᠡᠨ᠎ᠡ ᠬᠡᠵᠡᠢ᠃      ᠦᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠭᠲᠠ ᠠᠩᠬᠠᠷᠴᠤ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠷᠡ ᠳᠠᠷᠤᠶ ᠳᠤᠨᠢ ᠪᠠᠶᠢᠷᠢᠯᠠᠭᠤᠯᠪᠠ᠃ ᠡᠨᠡ ᠵᠢᠯ ᠤᠨ 1 ᠰᠠᠷ᠎ᠠ ᠶᠢᠨ 24᠎ ᠤ ᠡᠳᠦᠷ᠂ ᠮᠠᠨ ᠤ ᠣᠷᠣᠨ ᠠᠩᠬᠠᠳᠠᠭᠴᠢ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠵᠦ᠂ ᠪᠥᠬᠦ ᠤᠯᠤᠰ ᠤᠨ ᠬᠢᠵᠢᠭ ᠤᠨ ᠪᠠᠶᠢᠳᠠᠯ ᠎ ᠤᠨ ᠳᠡᠯᠭᠡᠷᠡᠬᠦ ᠪᠠᠶᠢᠳᠠᠯ ᠢ ᠭᠦᠢᠴᠡᠳ ᠰᠤᠳᠤᠯᠤᠨ ᠮᠠᠭᠠᠳᠯᠠᠭᠰᠠᠨ ᠤ ᠳᠠᠷᠠᠭ᠎ᠠ᠂ 1 ᠰᠠᠷ᠎ᠠ ᠶᠢᠨ 25᠎ ᠤ ᠡᠳᠤᠷ ᠥᠪᠡᠷᠲᠡᠭᠡᠨ ᠵᠠᠰᠠᠬᠤ ᠣᠷᠣᠨ ᠬᠥᠨᠲᠥ ᠶᠡᠭᠡ ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠨᠢᠭᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠦᠭᠰᠡᠨ ᠪᠥᠭᠡᠳ ᠠᠯᠢ ᠣᠯᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠬᠢᠵᠢᠭ ᠤᠨ ᠪᠠᠶᠢᠳᠠᠯ ᠳᠤ ᠶᠡᠭᠡ ᠬᠡᠪᠴᠢᠶ᠎ᠡ ᠪᠠᠷ ᠳᠡᠯᠭᠡᠷᠡᠬᠦ ᠪᠠ ᠨᠡᠶᠢᠭᠡᠮ ᠲᠣᠭᠤᠷᠢᠭ ᠲᠤ ᠳᠡᠯᠭᠡᠷᠡᠬᠦ ᠪᠠᠶᠢᠳᠠᠯ ᠭᠠᠷᠤᠭᠰᠠᠨ ᠥᠬᠡᠶ᠂ ᠰᠡᠷᠭᠡᠶᠢᠯᠡᠨ ᠡᠵᠡᠮᠳᠡᠬᠦ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠰᠡᠷᠭᠡᠶᠢᠯᠡᠨ ᠡᠵᠡᠮᠳᠡᠬᠦ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃      ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ︽ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ ᠣᠷᠣᠨ ᠬᠤᠪᠢᠶᠠᠨ ᠱᠠᠲᠤ ᠬᠤᠪᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾᠎ ᠢ ᠳᠠᠷᠤᠮᠠᠯᠯᠠᠨ ᠲᠠᠷᠬᠠᠭᠠᠵᠤ᠂ ᠡᠯ᠎ᠡ ᠮᠤᠵᠢ ︵ᠬᠤᠲᠠ᠂ ᠥᠪᠡᠷᠲᠡᠭᠡᠨ ᠵᠠᠰᠠᠬᠤ ᠣᠷᠣᠨ︶᠎ ᠨᠤᠭᠤᠳ ᠪᠣᠳᠠᠲᠤ ᠪᠠᠶᠢᠳᠠᠯ ᠎ ᠢᠶᠠᠨ ᠦᠨᠳᠦᠰᠦᠯᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠨᠢᠬᠡᠳᠤᠭᠡᠷ ᠲᠠᠰ ᠤᠨ ᠠᠵᠢᠯᠯᠠᠭ᠎ᠠ ᠳᠤ ᠲᠣᠬᠢᠷᠠᠭᠤᠯᠤᠯᠲᠠ ᠬᠢᠬᠦ ᠬᠡᠷᠡᠭᠲᠡᠶ ᠭᠡᠵᠦ ᠱᠠᠭᠠᠷᠳᠠᠪᠠ᠃ ᠪᠢᠴᠢᠭ ᠮᠠᠲ᠋ᠧᠷᠢᠶᠠᠯ ᠢ ᠪᠠᠭᠤᠯᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠳᠤ ᠪᠥᠬᠦ ᠲᠠᠯ᠎ᠠ ᠶᠢᠨ ᠦᠨᠡᠯᠡᠨ ᠵᠢᠱᠢᠯᠲᠡ ᠪᠠ ᠨᠠᠷᠢᠨ ᠬᠢᠨᠠᠮᠠᠭᠠᠶ ᠰᠤᠳᠤᠯᠤᠨ ᠮᠠᠭᠠᠳᠯᠠᠯᠲᠠ ᠬᠢᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号