ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠲᠤᠰᠠᠳᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠶᠢᠨ ᠣᠷᠳᠣᠰ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠤᠶᠠᠳᠤᠭᠠᠷ ᠭᠠᠶᠢᠯᠢ ᠶᠢᠨ | ᠶᠠᠪᠤᠳᠠᠯ ᠤᠨ ᠬᠤᠪᠢᠶᠠᠷᠢ ᠲᠣᠪᠴᠢᠶ᠎ᠠ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠭᠠᠶᠢᠯᠢ ᠳᠤ | ᠬᠤᠯᠪᠣᠭᠳᠠᠬᠤ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠠᠶᠢᠯᠢ ᠰᠦᠢᠳᠬᠡᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠪᠥᠬᠦ ᠬᠦᠴᠦᠨ ᠢᠶᠠᠷ ᠨᠠᠶᠢᠳᠠᠪᠤᠷᠢᠵᠢᠭᠤᠯᠪᠠ᠃ ᠤᠯᠤᠰ ᠠᠴᠠ ᠵᠠᠯᠭᠠᠭ᠎ᠠ ᠪᠠᠷ ᠨᠡᠶᠢᠲᠡᠯᠡᠭᠰᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠳᠡᠮᠵᠢᠬᠦ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠤᠨ ᠠᠷᠪᠠᠨ ᠬᠤᠶᠠᠷ ᠵᠦᠢᠯ ᠤᠨ | ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠪᠠ ᠠᠵᠤ ᠠᠬᠤᠶᠢᠯᠠᠯ ᠤᠨ ᠨᠡᠶᠢᠭᠡᠮ ᠤᠨ ᠪᠠᠲᠤᠯᠠᠭ᠎ᠠ ᠶᠢᠨ | ᠰᠦᠢᠳᠬᠡᠯ ᠢ ᠱᠠᠲᠤ ᠦᠶᠡᠴᠢ ᠴᠢᠨᠠᠷᠲᠠᠶ ᠪᠠᠷ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ | ᠲᠣᠭᠤᠷᠢᠨ ᠳᠤ᠂ ᠲᠣᠰ ᠲᠣᠪᠴᠢᠶ᠎ᠠ ᠨᠢ ᠡᠯ᠎ᠡ ᠲᠤᠬᠠᠶᠢᠯᠠᠭᠰᠠᠨ ᠠᠵᠢᠯ ᠤᠨ ᠰᠲ᠋ᠣᠺ ᠤᠨ ᠲᠠᠰᠤᠭ ᠠᠴᠠ 15 | ᠰᠢᠯᠢᠳᠡᠭ ᠭᠠᠶᠢᠯᠢ ᠶᠢᠨ ᠶᠠᠪᠤᠳᠠᠯ ᠤᠨ ᠺᠠᠳ᠋ᠷ ᠢ ᠰᠣᠩᠭᠤᠨ ᠲᠣᠮᠢᠯᠠᠵᠦ᠂ ᠭᠠᠶᠢᠯᠢ ᠶᠢᠨ ᠶᠠᠪᠤᠳᠠᠯ ᠤᠨ ᠲᠣᠮᠣ | ᠳ᠋ᠠᠶᠢᠲ᠋ᠠ ᠶᠢ ᠭᠦᠢᠴᠡᠳ ᠠᠰᠢᠭᠯᠠᠨ᠂ ᠭᠠᠶᠢᠯᠢ ᠶᠢᠨ ᠶᠠᠪᠤᠳᠠᠯ ᠤᠨ ᠲᠤᠭ᠎ᠠ ᠪᠠᠷᠢᠮᠲᠠ ᠪᠠ ᠨᠡᠶᠢᠭᠡᠮ ᠤᠨ | ᠪᠠᠲᠤᠯᠠᠭ᠎ᠠ ᠶᠢᠨ ᠲᠤᠭ᠎ᠠ ᠪᠠᠷᠢᠮᠲᠠ ᠶᠢᠨ ᠭᠦᠢᠴᠡᠳ ᠬᠠᠷᠢᠴᠠᠭᠤᠯᠤᠯ ᠢᠶᠠᠷ ᠳᠠᠮᠵᠢᠭᠤᠯᠤᠨ᠂ ᠲᠣᠰ ᠤᠳᠠᠭᠠᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠬᠠᠮᠢᠶ᠎ᠠ ᠪᠥᠬᠦᠶ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠬᠦᠷᠲᠡᠬᠦ ᠠᠵᠤ ᠠᠬᠤᠶᠢᠯᠠᠯ ᠢ ᠵᠥᠪ ᠣᠨᠤᠪᠴᠢᠲᠠᠢ ᠪᠠᠷ ᠢᠯᠭᠠᠨ ᠲᠠᠨᠢᠬᠤ | ᠪᠠ ᠵᠠᠳᠠᠯᠤᠨ ᠡᠮᠬᠢᠯᠡᠵᠦ᠂ ᠠᠵᠤ ᠠᠬᠤᠶᠢᠯᠠᠯ ᠢ ︽ᠨᠢᠭᠡ ᠳᠤ ᠨᠢᠭᠡ︾ ᠪᠠᠷ ᠬᠠᠪᠰᠤᠷᠤᠨ ᠲᠡᠳᠬᠦᠵᠦ ᠬᠠᠷᠢᠶ᠎ᠠ ᠠᠵᠤ | ᠠᠬᠤᠶᠢᠯᠠᠯ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ | ᠰᠠᠶᠢᠲᠤᠷ ᠬᠢᠵᠡᠶ᠃ ᠲᠣᠰ ᠲᠣᠪᠴᠢᠶ᠎ᠠ ᠨᠢ ᠥᠪᠥᠷ ᠮᠣᠩᠭᠤᠯ ᠤᠨ ᠢ ᠲᠠᠢ ᠪᠦᠯᠦᠭᠯᠡᠯ ᠤᠨ ᠬᠢᠵᠠᠭᠠᠷᠲᠤ ᠺᠣᠮᠫᠠᠨᠢ | ᠦᠬᠠᠨ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ 1500 ᠲᠦᠮᠡᠨ ᠲᠥᠭᠦᠷᠢᠭ ᠬᠠᠨᠳᠢᠪᠯᠠᠭᠰᠠᠨ ᠢ | ᠣᠯᠵᠤ ᠮᠡᠳᠡᠭᠰᠡᠨ ᠤ ᠳᠠᠷᠠᠭ᠎ᠠ᠂ ᠲᠡᠷᠡ ᠳᠠᠷᠤᠶ ᠳᠤᠨᠢ ᠲᠡᠳᠡᠨ ᠳᠤ ᠬᠡᠷᠬᠢᠨ ᠪᠠᠷᠢᠮᠲᠠ ᠬᠢᠵᠦ ᠥᠭᠬᠦ ᠵᠢᠴᠢ ᠭᠠᠶᠢᠯᠢ | ᠲᠠᠲᠠᠪᠤᠷᠢ ᠶᠢᠨ ᠬᠠᠷᠠᠭᠠᠯᠵᠠᠯ ᠭᠥᠷᠳᠡᠬᠦ ᠲᠤᠬᠠᠶ ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ ᠥᠭᠴᠡᠢ᠂ ᠥᠪᠥᠷ | ᠮᠣᠩᠭᠤᠯ ᠤᠨ ᠢ ᠲᠠᠢ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠭᠠᠶᠢᠯᠢ ᠶᠢᠨ ᠶᠠᠪᠤᠳᠠᠯ ᠤᠨ ᠪᠡᠯᠡᠳᠬᠡᠯ | ᠰᠠᠯᠠᠭ᠎ᠠ ᠶᠢᠨ ᠳᠡᠳ᠋ ᠭᠤᠣᠯᠴᠢᠯᠠᠨ ᠬᠠᠮᠢᠶᠠᠷᠬᠤ ᠲᠠᠰ ᠤᠨ ᠨᠢᠭᠲᠠᠯᠠᠨ ᠪᠤᠳᠤᠭᠴᠢ ᠳ᠋ᠦ᠋ ᠮᠢᠨ ᠬᠡᠯᠡᠬᠦ ᠳᠤ ᠪᠠᠨ᠂ | ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠴᠠᠭ ᠳᠠᠷᠤᠢ ᠳᠤᠨᠢ ᠬᠢᠭᠰᠡᠨ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠪᠠ ᠵᠢᠯᠣᠭᠤᠳᠤᠮᠵᠢ ᠨᠢ᠂ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯ ᠢᠶᠠᠨ ᠰᠡᠷᠭᠦᠭᠡᠬᠦ ᠪᠠ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠦᠨᠡᠨ ᠪᠣᠳᠠᠲᠠᠶ ᠬᠥᠳᠡᠯᠭᠡᠬᠦ ᠬᠦᠴᠦᠨ ᠢ ᠣᠯᠭᠤᠪᠠ ᠭᠡᠵᠡᠶ᠃ | ᠥᠪᠥᠷ ᠮᠣᠩᠭᠤᠯ ᠤᠨ ᠢ ᠲᠠᠢ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯ ᠨᠡᠭᠦᠷᠡᠰᠦᠨ ᠤ ᠦᠢᠯᠡᠳᠪᠦᠷᠢᠯᠡᠯ᠂ | ᠲᠡᠭᠡᠭᠡᠪᠦᠷᠢ᠂ ᠪᠣᠷᠣᠯᠠᠭᠤᠯᠭ᠎ᠠ ᠳᠤ ᠰᠠᠭᠤᠷᠢᠯᠠᠵᠤ᠂ ᠲᠡᠮᠦᠷ ᠵᠠᠮ᠂ ᠨᠡᠭᠦᠷᠡᠰᠦᠨ ᠤ ᠬᠢᠮᠢ ᠶᠢᠨ ᠠᠵᠤ | ᠦᠢᠯᠡᠳᠪᠦᠷᠢ ᠪᠠᠷ ᠨᠢᠭᠡ ᠴᠣᠭᠴᠠ ᠪᠣᠯᠭᠠᠭᠰᠠᠨ᠂ ᠭᠡᠷ ᠭᠠᠵᠠᠷ ᠬᠥᠷᠥᠩᠭᠡ ᠶᠢᠨ ᠨᠡᠭᠡᠭᠡᠨ ᠠᠰᠢᠭᠯᠠᠬᠤ᠂ ᠠᠮᠢ | ᠠᠬᠤᠶ ᠶᠢ ᠰᠡᠷᠭᠦᠭᠡᠨ ᠵᠠᠰᠠᠬᠤ ᠵᠢᠴᠢ ᠣᠷᠭᠠᠨᠢᠭ ᠲᠠᠷᠢᠶᠠᠯᠠᠩ ᠵᠡᠷᠭᠡ ᠨᠡᠭᠦᠷᠡᠰᠦᠨ ᠤ ᠪᠤᠰᠤ ᠠᠵᠤ ᠦᠢᠯᠡᠰ ᠢᠶᠠᠷ | ᠬᠠᠷᠢᠯᠴᠠᠨ ᠨᠥᠬᠦᠪᠥᠷᠢᠯᠡᠭᠰᠡᠨ ᠲᠣᠮᠣ ᠬᠡᠯᠪᠡᠷᠢ ᠶᠢᠨ ᠴᠡᠪᠡᠷ ᠡᠨᠧᠷᠭᠢ ᠶᠢᠨ ᠠᠵᠤ ᠠᠬᠤᠶᠢᠯᠠᠯ ᠪᠣᠯᠤᠨ᠎ᠠ᠃ | ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠪᠥᠬᠦ ᠤᠯᠤᠰ ᠤᠨ ᠨᠡᠭᠦᠷᠡᠰᠦ᠂ ᠰᠢᠲᠠᠮᠠᠬᠠᠶ | ᠬᠡᠶ ᠶᠢᠨ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ᠂ ᠢ ᠲᠠᠢ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠷᠢᠶ᠎ᠠ | ᠪᠦᠬᠦᠢ 12 ᠨᠡᠭᠦᠷᠡᠰᠦᠨ ᠠᠭᠤᠷᠬᠠᠶ ᠶᠢᠨ ᠬᠤᠳᠳᠤᠭ ᠨᠢ ᠴᠠᠭᠠᠨ ᠰᠠᠷ᠎ᠠ ᠶᠢᠨ ᠬᠤᠭᠤᠴᠠᠭᠠᠨ ᠳᠤ | ᠦᠢᠯᠡᠳᠪᠦᠷᠢᠯᠡᠯ ᠢᠶᠠᠨ ᠵᠣᠭᠰᠣᠭᠠᠭᠰᠠᠨ ᠥᠬᠡᠶ᠂ ᠨᠡᠭᠦᠷᠡᠰᠦᠨ ᠠᠭᠤᠷᠬᠠᠶ ᠶᠢᠨ ᠠᠵᠢᠯᠴᠢᠳ ᠠᠵᠢᠯ ᠤᠨ | ᠪᠠᠶᠢᠷᠢ ᠠᠴᠠ ᠪᠠᠨ ᠦᠨᠳᠦᠰᠦᠨ ᠳᠤ ᠪᠠᠨ ᠰᠠᠯᠤᠭᠰᠠᠨ ᠦᠭᠡᠢ ᠪᠠᠶᠢᠵᠤ᠂ ᠳᠣᠤᠷᠠᠳᠤ ᠤᠷᠤᠰᠬᠠᠯ ᠤᠨ ᠴᠠᠬᠢᠯᠭᠠᠨ | ᠬᠦᠴᠦᠨ ᠤ ᠠᠵᠤ ᠠᠬᠤᠶᠢᠯᠠᠯ ᠳᠤ ᠲᠣᠭᠳᠠᠭᠤᠨ ᠢᠶᠠᠷ ᠨᠡᠭᠦᠷᠡᠰᠦ ᠬᠠᠩᠭᠠᠬᠤ ᠶᠢ ᠦᠨᠡᠨ ᠬᠦ ᠪᠠᠲᠤᠯᠠᠪᠠ᠂ ᠢ ᠲᠠᠢ | ᠺᠣᠮᠫᠠᠨᠢ ᠶᠢᠨ ᠨᠡᠭᠦᠷᠡᠰᠦ ᠪᠠᠷ ᠲᠣᠰᠣ ᠦᠢᠯᠡᠳᠬᠦ ᠲᠥᠷᠥᠯ ᠵᠦᠢᠯ ᠨᠢ ᠴᠦ ᠬᠢᠵᠢᠭ ᠠᠴᠠ ᠪᠣᠯᠣᠭᠰᠠᠨ ᠡᠯ᠎ᠡ ᠵᠦᠢᠯ ᠤᠨ | ᠬᠦᠴᠢᠷᠳᠡᠯ ᠢ ᠢᠯᠠᠨ ᠳᠠᠪᠠᠵᠤ᠂ ᠪᠥᠬᠦ ᠲᠠᠯ᠎ᠠ ᠪᠠᠷ ᠬᠡᠪ ᠤᠨ ᠦᠢᠯᠡᠳᠪᠦᠷᠢᠯᠡᠯ ᠢ ᠵᠣᠬᠢᠶᠠᠨ ᠪᠠᠶᠢᠭᠤᠯᠵᠤ᠂ | ᠣᠳᠣᠬᠠᠨ ᠳᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠤ ᠪᠠᠨ | ᠬᠠᠩᠭᠠᠵᠤ ᠪᠠᠶᠢᠨ᠎ᠠ᠃ ᠥᠪᠥᠷ ᠮᠣᠩᠭᠤᠯ ᠤᠨ ᠢ ᠲᠠᠢ ᠪᠦᠯᠦᠭᠯᠡᠯ ᠢᠯᠡᠳᠬᠡᠬᠦ ᠳᠤ ᠪᠠᠨ᠂ ᠣᠳᠣᠬᠠᠨ ᠳᠤ ᠰᠢᠨ᠎ᠡ | ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ | ᠣᠷᠣᠰᠢᠵᠤ ᠪᠣᠢ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠨᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠡᠭᠡ ᠲᠠᠯ᠎ᠠ ᠳᠤ ᠦᠢᠯᠡᠴᠢᠯᠡᠬᠦ ᠶᠢ ᠪᠠᠲᠤᠯᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ | ᠶᠤᠮ ᠭᠡᠵᠡᠶ᠃ |