2 ᠰᠠᠷ᠎ᠠ ᠶᠢᠨ 2 ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠰᠢᠨ᠎ᠠ ᠬᠡᠯᠪᠡᠷᠢ ᠶᠢᠨ ᠲᠢᠳᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ᠰᠡᠷᠬᠡᠶᠢᠯᠠᠨ ᠡᠵᠡᠮᠳᠡᠬᠦ ᠠᠵᠢᠯ ᠤᠨ ᠵᠢᠯᠤᠭᠤᠳᠬᠤ | ᠭᠠᠵᠠᠷ ᠶᠢᠰᠤᠳᠤᠭᠡᠷ ᠤᠳᠠᠭ᠎ᠠ ᠶᠢᠨ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠬᠡᠨ | ᠵᠠᠰᠠᠬᠤ ᠤᠷᠤᠨ ᠤ ᠰᠡᠷᠬᠡᠶᠢᠯᠠᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠠᠷᠤᠩᠬᠡᠢ ᠵᠢᠯᠤᠭᠤᠳᠤᠬᠴᠢ ᠪᠦ᠋ | ᠰᠢᠶᠤᠤ ᠯᠢᠨ ᠲᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃ | ᠬᠤᠷᠠᠯ ᠠᠴᠠ ᠲᠦᠪ ᠤᠨ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ | ᠦᠷᠪᠢᠰᠦᠯ ᠢ ᠰᠡᠷᠬᠡᠶᠢᠯᠠᠨ ᠡᠵᠡᠮᠳᠡᠬᠦ ᠠᠵᠢᠯ ᠤᠨ ᠤᠳᠤᠷᠢᠳᠬᠤ ᠲᠤᠭᠤᠢᠢᠯᠠᠩ ᠤᠨ ᠬᠤᠯᠪᠤᠬᠳᠠᠯ ᠪᠦᠬᠦᠢ ᠪᠢᠴᠢᠭ | ᠮᠠᠲ᠋ᠧᠷᠢᠶᠠᠯ ᠤᠨ ᠵᠤᠷᠢᠬ ᠰᠠᠨᠠᠭ᠎ᠠ ᠶᠢ ᠤᠯᠠᠮᠵᠢᠯᠠᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ᠂ ᠦᠪᠡᠷᠳᠡᠬᠡᠨ | ᠵᠠᠰᠠᠬᠤ ᠤᠷᠤᠨ ᠤ ᠰᠡᠷᠬᠡᠶᠢᠯᠠᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠡᠳ᠋ ᠶᠠᠷᠤᠩᠬᠡᠢ ᠵᠢᠯᠤᠭᠤᠳᠤᠬᠴᠢ | ᠮᠠ ᠰᠢᠤᠸᠠᠢ ᠵᠢᠶᠦ᠋ᠨ᠂ ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ ᠤ | ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠡᠳ᠋ ᠶᠠᠷᠤᠩᠬᠡᠢ ᠵᠢᠯᠤᠭᠤᠳᠤᠬᠴᠢ ᠠᠢ ᠯᠢ ᠬᠤᠸᠠ᠂ | ᠡᠸᠤ ᠶᠠᠩ ᠰᠢᠶᠤᠤ ᠬᠤᠢ ᠬᠤᠯᠪᠤᠬᠳᠠᠯ ᠪᠦᠬᠦᠢ ᠠᠵᠢᠯ ᠢ ᠪᠠᠶᠢᠷᠢᠯᠠᠭᠤᠯᠤᠨ ᠲᠤᠬᠢᠷᠠᠭᠤᠯᠪᠠ᠃ ᠡᠯ᠎ᠠ ᠲᠤᠰᠬᠠᠢ ᠠᠵᠢᠯ | ᠤᠨ ᠲᠤᠭᠤᠢᠢᠯᠠᠩ ᠤᠨ ᠬᠠᠷᠢᠭᠤᠴᠠᠯᠭᠠᠳᠠᠨ ᠬᠤᠯᠪᠤᠬᠳᠠᠯ ᠪᠦᠬᠦᠢ ᠠᠵᠢᠯ ᠢ ᠦᠷᠨᠢᠬᠦᠯᠦᠭᠰᠡᠨ ᠪᠠᠶᠢᠳᠠᠯ ᠢᠶᠠᠨ ᠬᠠᠷᠢᠭᠤ | ᠮᠡᠳᠡᠬᠦᠯᠪᠠ᠃ | ᠪᠦ᠋ ᠰᠢᠶᠤᠤ ᠯᠢᠨ᠂ ᠪᠦᠬᠦ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠠᠨ ᠡᠵᠡᠮᠳᠡᠬᠦ ᠠᠵᠢᠯ ᠬᠠᠮᠤᠬ ᠤᠨ | ᠪᠠᠴᠢᠮ ᠴᠢᠬᠤᠯᠠ ᠴᠠᠬ ᠦᠶ᠎ᠠ ᠳᠤ ᠤᠷᠤᠪᠠ᠂ ᠡᠯ᠎ᠠ ᠲᠤᠰᠬᠠᠢ ᠠᠵᠢᠯ ᠤᠨ ᠲᠤᠭᠤᠢᠢᠯᠠᠩ ᠤᠨ ᠬᠢᠨ ᠡᠷᠬᠡᠪᠰᠢ | ᠬᠠᠷᠢᠭᠤᠴᠠᠯᠭᠠᠳᠤ ᠤᠬᠠᠮᠰᠠᠷ᠂ ᠪᠠᠴᠢᠮ ᠲᠤᠯᠭᠠᠮ ᠤᠬᠠᠮᠰᠠᠷ ᠢᠶᠠᠨ ᠴᠢᠩᠭᠠᠳᠬᠠᠵᠤ᠂ ᠡᠯ᠎ᠠ ᠭᠠᠵᠠᠷ ᠤᠷᠤᠨ ᠡᠯ᠎ᠠ | ᠰᠠᠯᠠᠭ᠎ᠠ ᠮᠦᠴᠢᠷ ᠤᠨ ᠬᠢᠨ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠠ ᠪᠠᠨ ᠴᠢᠨᠠᠬᠰᠢᠳᠠ ᠲᠡᠬᠦᠯᠳᠡᠷᠵᠢᠬᠦᠯᠵᠤ᠂ | ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ | ᠨᠠᠷᠢᠨ ᠨᠢᠮᠪᠠᠢ ᠰᠠᠶᠢᠳᠤᠷ ᠬᠢᠬᠦ ᠶᠢ ᠱᠠᠯᠠᠪᠳᠠᠭᠤᠯᠤᠨ ᠵᠢᠯᠤᠭᠤᠳᠬᠤ ᠭᠡᠷᠡᠭᠳᠠᠢ᠃ ᠬᠤᠯᠪᠤᠭᠠᠯᠠᠨ ᠰᠡᠷᠬᠡᠶᠢᠯᠡᠵᠤ | ᠬᠤᠯᠪᠤᠭᠠᠯᠠᠨ ᠡᠵᠡᠮᠳᠡᠬᠦ ᠪᠠᠨ ᠦᠷᠬᠦᠯᠵᠢᠯᠠᠨ ᠴᠢᠩᠭᠠᠳᠬᠠᠵᠤ᠂ ᠬᠦᠴᠤᠨ ᠢᠶᠠᠨ ᠲᠦᠪᠯᠡᠷᠡᠬᠦᠯᠤᠨ ᠡᠪᠡᠳᠴᠢᠳᠠᠨ ᠢ | ᠬᠦᠯᠢᠶᠠᠨ ᠠᠪᠴᠤ ᠡᠮᠨᠡᠬᠦ ᠠᠵᠢᠯ ᠢ ᠰᠠᠶᠢᠳᠤᠷ ᠠᠳᠬᠤᠵᠤ᠂ ᠠᠰᠠᠭᠤᠳᠠᠯ ᠤᠨ ᠬᠡᠮ ᠰᠤᠭᠤᠬ ᠢ ᠴᠠᠬ ᠲᠤᠬᠠᠢ ᠳᠤᠨᠢ | ᠪᠠᠶᠢᠴᠠᠭᠠᠵᠤ ᠴᠡᠭᠴᠡᠯᠡᠨ ᠵᠠᠰᠠᠵᠤ᠂ ᠬᠢᠵᠢᠭ ᠢ ᠰᠡᠷᠬᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠨ | ᠨᠢᠮᠪᠠᠢ ᠠᠬᠢᠭᠤᠯᠬᠤ ᠶᠢ ᠪᠠᠳᠤᠯᠠᠬᠤ ᠭᠡᠷᠡᠭᠳᠠᠢ᠃ ᠬᠤᠯᠪᠤᠬᠳᠠᠯ ᠪᠦᠬᠦᠢ ᠠᠵᠤ ᠠᠬᠤᠢᠢᠯᠠᠯ ᠤᠨ ᠡᠮᠬᠢ | ᠲᠠᠷᠠᠭᠠᠯᠠᠯ ᠲᠠᠢ ᠪᠠᠷ ᠦᠢᠯᠡᠳᠪᠤᠷᠢᠯᠡᠯ ᠢᠶᠠᠨ ᠰᠡᠷᠬᠦᠬᠡᠬᠦ ᠶᠢ ᠵᠢᠯᠤᠭᠤᠳᠴᠤ᠂ ᠡᠳ᠋ ᠪᠤᠳᠠᠰ ᠲᠡᠭᠡᠭᠡᠪᠤᠷᠢᠯᠡᠬᠦ ᠮᠠᠰᠢᠨ | ᠲᠡᠷᠬᠡᠨ ᠤ ᠰᠠᠭᠠᠳ ᠦᠬᠡᠢ ᠨᠡᠪᠳᠡᠷᠡᠬᠦ ᠶᠢ ᠪᠠᠳᠤᠯᠠᠵᠤ᠂ ᠠᠷᠭ᠎ᠠ ᠪᠦᠬᠦᠨ ᠢ ᠰᠦᠪᠡᠭᠴᠢᠯᠠᠵᠤ ᠪᠠᠶᠢᠭᠠᠳ ᠡᠯ᠎ᠠ ᠵᠦᠢᠯ | ᠤᠨ ᠡᠳ᠋ ᠪᠤᠳᠠᠰ ᠤᠨ ᠨᠦᠬᠡᠴᠠ ᠪᠤᠯᠤᠨ ᠬᠠᠩᠭᠠᠯᠭ᠎ᠠ ᠶᠢ ᠰᠠᠶᠢᠳᠤᠷ ᠬᠢᠬᠦ ᠭᠡᠷᠡᠭᠳᠠᠢ᠃ ᠤᠯᠠᠨ ᠲᠦᠮᠡᠨ ᠤ ᠠᠩᠬᠠᠷᠤᠯ | ᠲᠡᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠦᠭᠴᠤ᠂ ᠤᠯᠠᠨ ᠵᠦᠢᠯ ᠤᠨ ᠬᠡᠯᠪᠡᠷᠢ ᠪᠠᠷ | ᠬᠢᠵᠢᠭ ᠢ ᠰᠡᠷᠬᠡᠶᠢᠯᠠᠨ ᠡᠵᠡᠮᠳᠡᠬᠦ ᠶᠠᠷᠤ ᠶᠢᠨ ᠮᠡᠳᠡᠯᠬᠡ ᠶᠢ ᠨᠡᠶᠢᠳᠠᠯᠠᠵᠤ᠂ ᠤᠯᠠᠨ ᠲᠦᠮᠡᠨ ᠤ ᠦᠪᠡᠷ ᠢ ᠪᠠᠨ | ᠬᠠᠮᠠᠭᠠᠯᠠᠬᠤ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠳᠠᠢ ᠬᠡᠵᠤ ᠵᠢᠭᠠᠵᠤ ᠭᠠᠷᠭᠠᠪᠠ᠃ | ᠪᠦ᠋ ᠰᠢᠶᠤᠤ ᠯᠢᠨ᠂ ᠡᠯ᠎ᠠ ᠱᠠᠯᠠᠪᠳᠠᠭᠤᠯᠤᠨ ᠵᠢᠯᠤᠭᠤᠳᠬᠤ ᠲᠤᠭᠤᠢᠢᠯᠠᠩ ᠤᠨ ᠬᠢᠨ ᠠᠰᠠᠭᠤᠳᠠᠯ ᠢᠶᠠᠷ | ᠤᠳᠤᠷᠢᠳᠤᠮᠵᠢ ᠪᠤᠯᠭᠠᠵᠤ᠂ ᠡᠯ᠎ᠠ ᠠᠶᠢᠮᠠᠬ ᠬᠤᠳᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠠᠵᠢᠯ ᠳᠠᠬᠢ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠬᠡᠷᠬᠢᠨ | ᠡᠵᠡᠮᠳᠡᠬᠦ ᠲᠤᠬᠠᠢ ᠲᠤᠰᠬᠠᠢ ᠮᠡᠷᠬᠡᠵᠢᠯᠳᠠᠨ ᠤ ᠰᠠᠨᠠᠯ ᠢ ᠰᠤᠨᠤᠰᠬᠤ ᠬᠡᠷᠡᠭᠲᠡᠢ᠂ ᠪᠡᠶᠡᠴᠢ ᠦᠵᠡᠯ ᠢᠶᠠᠷ ᠮᠠᠭᠠᠳᠯᠠᠵᠤ | ᠪᠤᠯᠬᠤ ᠦᠬᠡᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠲᠤᠷ᠎ᠠ ᠪᠠᠷ ᠢᠶᠠᠨ ᠦᠨᠳᠤᠰᠤᠨ ᠱᠠᠳᠤᠨ ᠤ ᠬᠢ ᠶᠢ | ᠬᠦᠰᠤᠨᠦᠭ ᠲᠠᠬᠯᠠᠵᠤ᠂ ᠲᠤᠭ᠎ᠠ ᠮᠡᠳᠡᠬᠦᠯᠬᠦ ᠪᠠᠷ ᠱᠠᠭᠠᠷᠳᠠᠵᠤ ᠪᠤᠯᠬᠤ ᠦᠬᠡᠢ᠂ ᠮᠡᠳᠡᠭᠡ ᠵᠠᠩᠬᠢ ᠶᠢ ᠮᠡᠳᠡᠬᠦᠯᠤᠨ | ᠲᠡᠪᠰᠢᠬᠦᠯᠬᠦ ᠠᠵᠢᠯ ᠢ ᠵᠢᠯᠤᠭᠤᠳᠬᠤ ᠭᠠᠵᠠᠷ ᠠᠴᠠ ᠨᠢᠬᠡᠳᠤᠯᠳᠠᠢ ᠲᠤᠬᠢᠷᠠᠭᠤᠯᠵᠤ᠂ ᠬᠢᠵᠢᠭ ᠤᠨ ᠪᠠᠶᠢᠳᠠᠯ ᠢ | ᠰᠡᠷᠬᠡᠶᠢᠯᠡᠨ ᠡᠵᠡᠮᠳᠡᠬᠦ ᠠᠵᠢᠯ ᠳᠠᠬᠢ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠲᠡᠪᠴᠢᠬᠦ ᠭᠡᠷᠡᠭᠳᠠᠢ ᠬᠡᠵᠤ | ᠴᠢᠬᠤᠯᠠᠴᠢᠯᠠᠪᠠ᠃ |