ᠸᠠᠩ ᠯᠢ ᠰᠢᠶᠠ ᠬᠦᠬᠡᠬᠤᠲᠠ ᠶᠢᠨ ᠨᠠᠮ ᠤᠨ ᠬᠤᠷᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ︽ᠨᠢᠬᠡᠳᠤᠭᠡᠷ ᠲᠡᠰ ᠤᠨ ᠠᠵᠢᠯᠯᠠᠭ᠎ᠠ︾᠎ ᠶᠢᠨ ᠲᠤᠭᠳᠠᠴᠠ ᠶᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠵᠥ  ᠨᠡᠩ ᠪᠠᠳᠤᠳᠠᠢ ᠨᠡᠩ ᠨᠠᠷᠢᠯᠢᠭ ᠨᠡᠩ ᠴᠢᠩᠭ᠎ᠠ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠎ ᠢ ᠰᠡᠷᠬᠡᠶᠢᠯᠡᠨ ᠡᠵᠡᠮᠳᠡᠵᠤ  ᠬᠤᠷᠢᠬᠯᠠᠨ ᠠᠷᠢᠯᠭᠠᠬᠤ ᠲᠠᠶᠢᠯᠠᠯᠳᠤᠭᠠᠨ ᠤ ᠢᠯᠠᠯᠳᠠ ᠶᠢ ᠤᠯᠬᠤ ᠬᠡᠷᠡᠭᠳᠡᠢ
ᠨᠡᠶᠢᠲᠡᠯᠡᠭᠰᠡᠨ ᠴᠠᠭ᠄
2020/2/4
     2 ᠰᠠᠷ᠎ᠠ ᠶᠢᠨ 2᠎ ᠤᠨ ᠦᠳᠡ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠬᠦᠬᠡᠬᠤᠳᠠ ᠶᠢᠨ ᠨᠠᠮ ᠤᠨ ᠬᠤᠷᠢᠶᠡᠨ ᠤ ᠱᠦᠵᠢ᠂ ᠬᠦᠬᠡᠬᠤᠳᠠ ᠶᠢᠨ ᠨᠠᠮ ᠤᠨ ᠬᠤᠷᠢᠶᠡᠨ ᠤ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠬᠰᠠᠠ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠠᠷᠤᠭ᠎ᠠ ᠸᠠᠩ ᠯᠢ ᠰᠢᠶᠠ ᠤᠳᠤᠷᠢᠳᠬᠤ ᠲᠤᠭᠤᠢᠢᠯᠠᠩ ᠤᠨ ᠠᠵᠢᠯ ᠢ ᠠᠬᠢᠭᠤᠯᠬᠤ ᠬᠤᠷᠡᠯ ᠢ ᠡᠷᠬᠢᠯᠡᠨ ᠬᠤᠷᠡᠯᠳᠤᠭᠤᠯᠬᠤ ᠳᠠᠭᠠᠨ᠂ ︽ᠲᠠᠶᠢᠨ ᠤ ᠦᠶ᠎ᠡ ᠶᠢᠨ ᠪᠠᠶᠢᠳᠠᠯ︾ ᠶᠤᠰᠤᠭᠠᠷ ︽ᠨᠢᠬᠡᠳᠤᠭᠡᠷ ᠲᠡᠰ ᠤᠨ ᠠᠵᠢᠯᠯᠠᠭ᠎ᠠ︾᠎ ᠶᠢᠨ ᠲᠤᠭᠳᠠᠴᠠ ᠶᠢ ᠨᠠᠷᠢᠯᠢᠭ ᠪᠤᠳᠠᠳᠠᠢ ᠨᠠᠶᠢᠳᠠᠪᠤᠷᠢᠵᠢᠭᠤᠯᠵᠥ᠂ ᠶᠠᠭᠠᠬᠢᠬᠰᠠᠠ ᠴᠦ ᠭᠤᠷᠢᠳᠠᠬᠤ ᠪᠤᠳᠤᠯ ᠪᠤᠯᠤᠨ ᠠᠷᠭᠠᠴᠠᠭᠠᠬᠤ ᠤᠪᠤᠷ ᠲᠠᠢ ᠪᠠᠶᠢᠵᠤ ᠪᠤᠯᠬᠤ ᠦᠬᠡᠢ᠂ ᠨᠡᠩ ᠪᠠᠳᠤᠳᠠᠢ ᠨᠡᠩ ᠨᠠᠷᠢᠯᠢᠭ ᠨᠡᠩ ᠴᠢᠩᠭ᠎ᠠ ᠠᠷᠭ᠎ᠠ ᠬᠡᠮᠵᠢᠶ᠎ᠡ ᠪᠠᠷ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠵᠤ ᠬᠤᠷᠢᠬᠯᠠᠨ ᠠᠷᠢᠯᠭᠠᠬᠤ ᠲᠠᠶᠢᠯᠠᠯᠳᠤᠭᠠᠨ ᠤ ᠢᠯᠠᠯᠳᠠ ᠶᠢ ᠤᠯᠬᠤ ᠬᠡᠷᠡᠭᠳᠡᠢ ᠬᠡᠵᠥ ᠴᠢᠬᠤᠯᠠᠴᠢᠯᠠᠪᠠ᠃      ᠬᠤᠷᠡᠯ ᠲᠡᠭᠡᠷ᠎ᠡ ᠬᠦᠬᠡᠬᠤᠳᠠ ᠶᠢᠨ ᠰᠢᠨ᠎ᠡ ᠪᠠᠷ ᠨᠡᠮᠡᠭᠳᠡᠭᠰᠡᠡ ᠰᠡᠵᠢᠭᠯᠡᠯᠳᠡᠢ ᠡᠪᠡᠳᠴᠢᠨ ᠤ ᠵᠢᠱᠢᠶ᠎ᠡ ᠶᠢᠨ ᠬᠠᠮᠢᠶ᠎ᠠ ᠪᠦᠬᠦᠢ ᠠᠵᠢᠯ ᠢ ᠦᠷᠨᠢᠬᠦᠯᠵᠥ ᠪᠠᠶᠢᠬᠤ ᠪᠠᠶᠢᠳᠠᠯ ᠤᠨ ᠬᠠᠷᠢᠭᠤ ᠮᠡᠳᠡᠬᠦᠯᠥᠯᠳᠡ ᠶᠢ ᠰᠤᠨᠤᠰᠴᠦ᠂ ᠲᠠᠷᠠᠭᠠᠬᠢ ᠱᠠᠳᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠸᠠᠩ ᠯᠢ ᠰᠢᠶᠠ᠂ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠤᠨ ᠬᠢᠨ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠤᠯᠤᠨ ᠪᠡᠶ᠎ᠡ ᠮᠠᠬᠠᠪᠤᠳ ᠤᠨ ᠡᠷᠡᠬᠦᠯ ᠮᠠᠨᠲᠦ ᠳᠤ ᠲᠡᠬᠡᠳᠤ ᠬᠡᠮᠵᠢᠶ᠎ᠡ ᠪᠠᠷ ᠬᠠᠷᠢᠭᠤᠴᠠᠬᠤ ᠤᠪᠤᠷ ᠢᠶᠠᠷ᠂ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠡᠷᠡ ᠴᠢᠭ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠬᠦᠬᠡᠬᠤᠳᠠ ᠶᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠬᠰᠠᠠ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠤᠰᠤᠭᠠᠷ᠂ ᠦᠪᠡᠷ ᠤᠨ ᠬᠦᠮᠥᠨ ᠢᠶᠠᠨ ᠰᠠᠶᠢᠳᠤᠷ ᠬᠠᠮᠢᠶᠠᠷᠴᠦ᠂ ᠦᠪᠡᠷ ᠤᠨ ᠡᠬᠦᠳᠡ ᠪᠠᠨ ᠰᠠᠶᠢᠳᠤᠷ ᠰᠠᠬᠢᠵᠥ᠂ ᠡᠯ᠎ᠡ ᠵᠦᠢᠯ ᠤᠨ ᠰᠡᠷᠬᠡᠶᠢᠯᠡᠨ ᠡᠵᠡᠮᠳᠡᠬᠦ ᠠᠵᠢᠯ ᠢ ᠴᠢᠩᠭ᠎ᠠ ᠨᠢᠮᠪᠠᠢ ᠰᠠᠶᠢᠳᠤᠷ ᠬᠢᠬᠦ ᠬᠡᠷᠡᠭᠳᠡᠢ ᠬᠡᠵᠥ ᠴᠢᠬᠤᠯᠠᠴᠢᠯᠠᠪᠠ᠃      ᠸᠠᠩ ᠯᠢ ᠰᠢᠶᠠ᠂ ᠬᠦᠬᠡᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠬᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠨᠠᠬᠰᠢᠳᠠ ᠴᠢᠩᠭᠠᠳᠬᠠᠵᠤ᠂ ᠨᠠᠮ ᠤᠨ ᠵᠤᠬᠢᠶᠠᠨ ᠪᠠᠶᠢᠭᠤᠯᠤᠯᠳᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠤᠯᠤᠰ ᠲᠦᠷᠤ ᠶᠢᠨ ᠬᠠᠷᠢᠭᠤᠴᠠᠯᠭ᠎ᠠ ᠪᠠᠨ ᠡᠷᠡᠰ ᠡᠬᠦᠷᠬᠡᠯᠠᠵᠤ᠂ ᠪᠠᠬ ᠤᠨ ᠪᠦᠷᠢᠯᠳᠤᠬᠦᠨ ᠨᠢᠬᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠵᠤ᠂ ᠬᠦᠬᠡᠬᠤᠳᠠ ᠶᠢᠨ ᠬᠢᠵᠢᠭ ᠤᠨ ᠪᠠᠶᠢᠳᠠᠯ ᠢ ᠠᠷᠭᠠᠴᠠᠭᠠᠬᠤ ᠰᠡᠷᠬᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠤᠳᠤᠷᠢᠳᠤᠯᠭ᠎ᠠ ᠲᠤᠤᠷ᠎ᠠ᠂ ᠪᠦᠬᠦ ᠬᠤᠳᠠ ᠶᠢᠨ ᠡᠮ ᠡᠮᠨᠡᠯᠬᠡ ᠡᠷᠡᠬᠦᠯ ᠬᠠᠮᠠᠭᠠᠯᠠᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠪᠦᠬᠦ ᠬᠦᠴᠤᠨ ᠢᠶᠠᠷ ᠢᠶᠠᠨ ᠰᠠᠶᠢᠳᠤᠷ ᠬᠢᠬᠦ ᠭᠡᠷᠡᠭᠳᠠᠢ᠃ ᠲᠡᠭᠡᠳᠤ ᠬᠡᠮᠵᠢᠶᠠᠨ ᠤ ᠬᠠᠷᠢᠭᠤᠴᠠᠬᠤ ᠤᠪᠤᠷ ᠢᠶᠠᠷ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮ ᠤᠨ ᠬᠠᠮᠢᠶᠠᠷᠤᠯᠳᠠ ᠶᠢ ᠴᠢᠨᠠᠬᠰᠢᠳᠠ ᠴᠢᠩᠭᠠᠳᠬᠠᠵᠤ᠂ ᠬᠢᠨᠠᠯᠳᠠ ᠬᠠᠮᠢᠶᠠᠷᠤᠯᠳᠠ ᠶᠢ ᠦᠨᠡᠨ ᠬᠦ ᠨᠠᠶᠢᠳᠠᠪᠤᠷᠢᠵᠢᠭᠤᠯᠵᠤ᠂ ᠪᠠᠶᠢᠴᠠᠭᠠᠬᠰᠠᠨ ᠪᠠᠶᠢᠳᠠᠯ ᠢᠶᠠᠨ ᠡᠳᠤᠷ ᠪᠦᠷᠢ ᠵᠢᠯᠤᠭᠤᠳᠬᠤ ᠭᠠᠵᠠᠷ ᠲᠤ ᠮᠡᠳᠡᠬᠦᠯᠵᠤ᠂ ᠠᠰᠠᠭᠤᠳᠠᠯ ᠢ ᠢᠯᠡᠷᠡᠬᠦᠯᠪᠠᠯ ᠴᠠᠬ ᠲᠤᠬᠠᠢ ᠳᠤᠨᠢ ᠠᠷᠭ᠎ᠠ ᠬᠡᠮᠵᠢᠶ᠎ᠠ ᠠᠪᠴᠤ᠂ ᠦᠴᠤᠬᠡᠨ ᠴᠤ ᠤᠳᠠᠭᠠᠰᠢᠷᠠᠭᠤᠯᠵᠤ ᠪᠤᠯᠬᠤ ᠦᠬᠡᠢ ᠬᠡᠵᠤ ᠴᠢᠬᠤᠯᠠᠴᠢᠯᠠᠪᠠ᠃      ᠸᠠᠩ ᠯᠢ ᠰᠢᠶᠠ᠂ ᠡᠯ᠎ᠠ ᠱᠠᠳᠤᠨ ᠤ ᠡᠯ᠎ᠠ ᠰᠠᠯᠠᠭ᠎ᠠ ᠮᠦᠴᠢᠷ ᠤᠨ ᠬᠢᠨ ︽ᠨᠢᠬᠡᠳᠤᠭᠡᠷ ᠲᠡᠰ ᠤᠨ ᠠᠵᠢᠯᠯᠠᠭ᠎ᠠ︾᠎ ᠶᠢᠨ ᠲᠤᠬᠳᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠠ ᠵᠦᠢᠯ ᠤᠨ ᠠᠵᠢᠯ ᠤᠨ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠠ ᠵᠦᠢᠯ ᠤᠨ ᠡᠬᠦᠷᠬᠡ ᠪᠠᠨ ᠰᠠᠶᠢᠳᠤᠷ ᠪᠡᠶᠡᠯᠡᠬᠦᠯᠵᠤ᠂ ᠰᠢᠨ᠎ᠠ ᠪᠠᠷ ᠨᠡᠮᠡᠭᠳᠡᠭᠰᠡᠨ ᠰᠡᠵᠢᠭᠯᠡᠯᠳᠠᠢ ᠡᠪᠡᠳᠴᠢᠨ ᠤ ᠵᠢᠱᠢᠶ᠎ᠠ ᠪᠠᠷ ᠲᠤᠯᠢ ᠪᠤᠯᠭᠠᠵᠤ᠂ ᠨᠢᠬᠡ ᠠᠴᠠ ᠵᠦᠢᠴᠢᠯᠠᠨ ᠨᠦᠬᠦᠬᠡ ᠶᠢ ᠮᠡᠳᠡᠵᠤ ᠭᠠᠳᠠᠨ᠎ᠠ ᠠᠴᠠ ᠬᠦᠬᠡᠬᠤᠳᠠ ᠳᠤ ᠪᠤᠴᠠᠵᠤ ᠢᠷᠡᠭᠰᠡᠨ ᠬᠦᠮᠤᠰ ᠤᠨᠴᠠᠭᠠᠢᠢᠯᠠᠨ ᠬᠦᠳᠡᠯᠮᠤᠷᠢᠯᠡᠬᠦ᠂ ᠠᠵᠢᠯᠯᠠᠬᠤ᠂ ᠰᠤᠷᠤᠯᠴᠠᠬᠤ ᠪᠠᠷ ᠪᠤᠴᠠᠵᠤ ᠢᠷᠡᠭᠰᠡᠨ ᠬᠦᠮᠤᠰ ᠢ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠵᠤ᠂ ᠨᠠᠷᠢᠨ ᠬᠢᠨᠠᠮᠠᠭᠠᠢ ᠰᠢᠯᠤᠭᠤᠳᠬᠠᠵᠤ᠂ ᠨᠠᠷᠢᠨ ᠨᠢᠬᠳᠠ ᠪᠠᠶᠢᠴᠠᠭᠠᠵᠤ᠂ ᠪᠦᠬᠦ ᠲᠠᠯ᠎ᠠ ᠶᠢ ᠬᠠᠮᠤᠷᠴᠤ᠂ ᠨᠢᠬᠡ ᠬᠦᠮᠤᠨ ᠢ ᠴᠤ ᠭᠤᠭᠤᠵᠢᠭᠤᠯᠵᠤ ᠪᠤᠯᠬᠤ ᠦᠬᠡᠢ᠂ ︽ᠡᠷᠳᠡ ᠢᠯᠡᠷᠡᠬᠦᠯᠤᠨ᠂ ᠡᠷᠳᠡ ᠮᠡᠳᠡᠬᠦᠯᠵᠤ᠂ ᠡᠷᠳᠡ ᠲᠤᠰᠠᠭᠠᠷᠯᠠᠨ᠂ ᠡᠷᠳᠡ ᠤᠨᠤᠰᠢᠯᠠᠵᠤ᠂ ᠡᠷᠳᠡ ᠡᠮᠨᠡᠨ ᠵᠠᠰᠠᠬᠤ︾᠎ ᠶᠢ ᠡᠷᠡᠰ ᠬᠦᠢᠴᠡᠳᠬᠡᠬᠦ ᠭᠡᠷᠡᠭᠳᠠᠢ ᠬᠡᠵᠤ ᠴᠢᠬᠤᠯᠠᠴᠢᠯᠠᠪᠠ᠃      ᠸᠠᠩ ᠯᠢ ᠰᠢᠶᠠ ᠪᠠᠰᠠ ᠲᠠᠬᠤᠯ ᠡᠪᠡᠳᠴᠢᠨ ᠤ ᠪᠠᠶᠢᠴᠠᠭᠠᠨ ᠰᠤᠳᠤᠯᠤᠯᠳᠠ ᠵᠡᠷᠬᠡ ᠶᠠᠪᠤᠳᠠᠯ ᠢ ᠴᠢᠨᠠᠬᠰᠢᠳᠠ ᠰᠠᠶᠢᠳᠤᠷ ᠬᠢᠬᠦ ᠲᠤᠬᠠᠢ ᠪᠠᠶᠢᠷᠢᠯᠠᠭᠤᠯᠤᠯᠳᠠ ᠲᠤᠬᠢᠷᠠᠭᠤᠯᠤᠯᠳᠠ ᠬᠢᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号