ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠤᠨ ᠬᠠᠷᠢᠭᠤᠴᠠᠯᠭᠠᠲᠠᠨ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠠᠲᠤᠯᠠᠭ᠎ᠠ ᠶᠢᠨ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2020/2/6

     2 ᠰᠠᠷ᠎ᠠ ᠶᠢᠨ 5 ᠤ ᠡᠳᠦᠷ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠲᠠᠷᠤᠭ᠎ᠠ ᠯᠢ ᠵᠥᠩ ᠺᠠᠶ ᠣᠳᠣᠬᠠᠨ ᠤ ᠮᠠᠨ ᠤ ᠣᠷᠣᠨ ᠤ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠠᠲᠤᠯᠠᠭ᠎ᠠ ᠶᠢᠨ ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
     ᠰᠤᠷᠪᠤᠯᠵᠢᠯᠠᠬᠴᠢ᠄ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠵᠠᠷᠢᠮ ᠭᠠᠵᠠᠷ ᠣᠷᠣᠨ ᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠪᠠᠴᠢᠮ ᠳᠤᠲᠠᠭᠳᠠᠬᠤ ᠪᠠᠶᠢᠳᠠᠯ ᠭᠠᠷᠴᠤ ᠪᠤᠢ᠂ ᠥᠪᠡᠷᠲᠡᠭᠡᠨ ᠵᠠᠰᠠᠬᠤ ᠣᠷᠣᠨ ᠡᠨᠡ ᠲᠠᠯ᠎ᠠ ᠪᠠᠷ ᠶᠠᠮᠠᠷ ᠪᠠᠶᠢᠳᠠᠯ ᠲᠠᠢ ᠪᠠᠶᠢᠬᠤ ᠪᠤᠢ︖ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠴᠤ ᠪᠠᠶᠢᠬᠤ ᠪᠣᠶ︖
     ᠯᠢ ᠵᠥᠩ ᠺᠠᠶ᠄ ᠥᠪᠡᠷᠲᠡᠭᠡᠨ ᠵᠠᠰᠠᠬᠤ ᠣᠷᠣᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠨᠢᠭᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠥ᠂ ᠪᠥᠬᠦ ᠤᠯᠤᠰ ᠲᠤ ᠨᠢᠭᠡ ᠬᠥᠯᠭᠡ ᠰᠢᠲᠠᠷ᠎ᠠ ᠮᠡᠲᠦ ᠪᠠᠶᠢᠬᠤ᠂ ᠪᠥᠬᠦ ᠣᠷᠣᠨ ᠳᠤ ᠨᠢᠭᠡ ᠬᠥᠯᠭᠡ ᠰᠢᠲᠠᠷ᠎ᠠ ᠮᠡᠲᠦ ᠪᠠᠶᠢᠬᠤ ᠵᠠᠷᠴᠢᠮ ᠶᠣᠰᠣᠭᠠᠷ᠂ ᠰᠡᠷᠭᠡᠶᠢᠯᠡᠨ ᠵᠠᠰᠠᠬᠤ ᠬᠦᠴᠦᠨ ᠤ ᠣᠷᠣᠨ ᠪᠦᠰᠡ ᠶᠢ ᠨᠢᠭᠡᠳᠦᠯᠲᠡᠶ ᠲᠥᠯᠥᠪᠵᠢᠭᠦᠯᠬᠦ ᠶᠢ ᠭᠤᠤᠯᠳᠠᠯᠭ᠎ᠠ ᠲᠠᠢ ᠰᠠᠶᠢᠲᠤᠷ ᠠᠳᠬᠤᠵᠤ᠂ ᠠᠪᠤᠷᠠᠨ ᠵᠠᠰᠠᠬᠤ ᠡᠬᠢ ᠪᠠᠶᠠᠯᠢᠭ ᠪᠠ ᠰᠡᠷᠭᠡᠶᠢᠯᠡᠨ ᠬᠠᠮᠠᠭᠠᠯᠠᠬᠤ ᠡᠬᠢ ᠪᠠᠶᠠᠯᠢᠭ ᠢ ᠬᠢᠵᠢᠭ ᠤᠨ ᠪᠠᠶᠢᠳᠠᠯ ᠢ ᠡᠰᠡᠷᠭᠦᠴᠡᠬᠦ ᠨᠢᠭᠡᠳᠦᠭᠡᠷ ᠹᠷᠣᠨᠲ ᠲᠤ ᠡᠷᠡᠰ ᠲᠥᠪᠯᠡᠷᠡᠭᠦᠯᠵᠠᠢ᠃ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ ᠪᠢᠳᠡ ᠲᠠᠷᠤᠢ ᠲᠦᠷᠭᠡᠨ ᠬᠥᠳᠡᠯᠦᠯᠴᠡᠵᠦ᠂ ᠴᠠᠭ ᠢ ᠠᠮᠵᠢᠵᠥ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠶᠡᠷᠦᠩᠬᠡᠶ ᠳᠤᠨᠢ ᠠᠪᠴᠤ ᠦᠵᠡᠪᠡᠯ᠂ ᠣᠳᠣᠬᠠᠨ ᠳᠤ ᠣᠯᠠᠩᠬᠢ ᠰᠡᠷᠭᠡᠶᠢᠯᠡᠨ ᠡᠵᠡᠮᠳᠡᠬᠦ ᠡᠳ᠋ ᠪᠣᠳᠠᠰ ᠨᠢ ᠬᠡᠷᠡᠭᠴᠡᠭᠡ ᠶᠢ ᠦᠨᠳᠦᠰᠦᠨ ᠳᠡᠭᠡᠨ ᠪᠠᠲᠤᠯᠠᠵᠤ ᠪᠤᠢ᠂ ᠭᠡᠪᠡᠴᠦ ᠣᠨᠴᠠ ᠵᠠᠷᠢᠮ ᠳᠤᠲᠠᠭᠳᠠᠵᠤ ᠪᠠᠶᠢᠭ᠎ᠠ ᠬᠡᠷᠡᠭᠰᠡᠯ᠂ ᠵᠢᠱᠢᠶᠡᠯᠡᠪᠡᠯ᠄ ᠡᠮᠴᠢᠯᠡᠭᠡᠨ ᠳᠤ ᠭᠡᠷᠡᠭᠯᠡᠬᠦ ᠠᠮᠠᠪᠴᠢ᠂ ᠡᠮᠴᠢᠯᠡᠬᠡᠨ ᠳᠤ ᠭᠡᠷᠡᠭᠯᠡᠬᠦ ᠰᠡᠷᠭᠡᠶᠢᠯᠡᠨ ᠬᠠᠮᠠᠭᠠᠯᠠᠬᠤ ᠬᠤᠪᠴᠠᠰᠤ᠂ ᠨᠢᠳᠦ ᠬᠠᠮᠠᠭᠠᠯᠠᠬᠤ ᠰᠢᠯ᠂ ᠳᠤᠯᠠᠭᠠᠨ ᠢ ᠬᠡᠮᠵᠢᠬᠦ ᠫᠤᠤ ᠵᠡᠷᠭᠡ ᠳᠤᠲᠠᠭᠳᠠᠵᠤ ᠪᠠᠶᠢᠭ᠎ᠠ ᠬᠡᠮᠵᠢᠶ᠎ᠡ ᠨᠢ ᠨᠡᠯᠢᠶᠡᠳ ᠶᠡᠭᠡ᠂ ᠬᠤᠳᠠᠯᠳᠤᠨ ᠠᠪᠬᠤ ᠳᠤ ᠴᠤ ᠬᠦᠴᠢᠷᠲᠡᠶ ᠪᠠᠶᠢᠨ᠎ᠠ᠃
     ᠡᠶᠢᠮᠦ ᠠᠴᠠ ᠪᠢᠳᠡ ᠲᠤᠬᠳᠠᠬᠰᠨᠨ ᠴᠢᠭᠯᠡᠯ ᠤᠨ ᠠᠷᠭ᠎ᠠ ᠬᠡᠮᠵᠢᠶ᠎ᠡ ᠠᠪᠴᠤ ᠴᠢᠷᠮᠠᠶᠢᠨ ᠰᠢᠢᠳᠪᠤᠷᠢᠯᠡᠵᠥ ᠪᠤᠢ᠃ ᠨᠢᠭᠡ ᠳᠤ᠂ ᠤᠯᠤᠰ ᠤᠨ ᠡᠮ ᠤᠨ ᠲᠡᠯᠬᠡᠬᠦᠷ᠂ ᠬᠤᠸᠠ ᠷᠦᠨ᠂ ᠱᠠᠩ ᠶᠤᠤ ᠵᠡᠷᠭᠡ ᠠᠵᠤ ᠠᠬᠤᠶᠢᠯᠠᠯ ᠵᠢᠴᠢ ᠨᠡᠶᠢᠭᠡᠮ ᠤᠨ ᠡᠯ᠎ᠡ ᠡᠳᠡᠭᠡᠳ ᠤᠨ ᠬᠦᠴᠦᠨ ᠢ ᠦᠷᠭᠦᠯᠵᠢᠯᠡᠨ ᠵᠣᠬᠢᠶᠠᠨ ᠪᠠᠶᠢᠭᠤᠯᠵᠤ ᠳᠠᠶᠢᠴᠢᠯᠠᠨ᠂ ᠰᠡᠷᠭᠡᠶᠢᠯᠡᠨ ᠬᠠᠮᠠᠭᠠᠯᠠᠬᠤ ᠬᠡᠷᠡᠭᠰᠡᠯ ᠪᠣᠯᠤᠨ ᠠᠷᠢᠭᠤᠳᠬᠠᠬᠤ ᠬᠡᠷᠡᠭᠰᠡᠯ ᠢ ᠶᠡᠭᠡ ᠪᠠᠷ ᠴᠤᠬᠯᠠᠭᠤᠯᠤᠨ᠂ ᠵᠢᠯᠣᠭᠤᠳᠬᠤ ᠭᠠᠵᠠᠷ ᠠᠴᠠ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠠᠢ᠃ ᠬᠤᠶᠠᠷ ᠲᠤ᠂ ᠮᠠᠨ ᠤ ᠣᠷᠣᠨ ᠤ ᠰᠡᠷᠭᠡᠶᠢᠯᠡᠨ ᠬᠠᠮᠠᠭᠠᠯᠠᠬᠤ ᠬᠡᠷᠡᠭᠰᠡᠯ᠂ ᠠᠷᠢᠭᠤᠳᠬᠠᠬᠤ ᠬᠡᠷᠡᠭᠰᠡᠯ᠂ ᠬᠢᠵᠢᠭ ᠢ ᠰᠡᠷᠭᠡᠶᠢᠯᠡᠬᠦ ᠡᠮ ᠤᠨ ᠵᠦᠢᠯ ᠵᠡᠷᠭᠡ ᠶᠢ ᠥᠢᠯᠡᠳᠪᠤᠷᠢᠯᠡᠵᠥ ᠪᠠᠶᠢᠭ᠎ᠠ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠦᠢᠯᠡᠳᠪᠦᠷᠢᠯᠡᠯ ᠢ ᠨᠢ ᠰᠡᠷᠭᠦᠭᠡᠵᠦ᠂ ᠨᠥᠬᠦᠴᠡᠯ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠲᠠᠷᠤᠢ ᠲᠦᠷᠭᠡᠨ ᠦᠢᠯᠡᠳᠪᠦᠷᠢᠯᠡᠯ ᠤᠨ ᠬᠡᠯᠪᠡᠷᠢ ᠶᠢ ᠨᠢ ᠬᠤᠪᠢᠷᠠᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠡᠬᠦᠰᠭᠡᠨ ᠪᠠᠶᠢᠭᠤᠯᠤᠬᠰᠠᠨ ᠠᠵᠢᠯ ᠤᠨ ᠲᠤᠰᠬᠠᠶ ᠪᠠᠬ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ᠂ ᠬᠥᠳᠡᠯᠮᠦᠷᠢ ᠬᠦᠴᠦᠨ ᠤ ᠬᠠᠩᠭᠠᠯᠭ᠎ᠠ ᠵᠡᠷᠭᠡ ᠠᠷᠤ ᠲᠠᠯ᠎ᠠ ᠶᠢᠨ ᠬᠥᠴᠢᠷᠳᠠᠯ ᠢ ᠰᠢᠢᠳᠪᠤᠷᠢᠯᠡᠨ ᠥᠭᠬᠦ ᠶᠢᠨ ᠬᠠᠮᠲᠤ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠤᠨ ᠠᠵᠢᠯ ᠢ ᠲᠦᠷᠬᠡᠨ ᠰᠡᠷᠭᠦᠭᠡᠵᠦ᠂ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠨ᠂ ᠬᠠᠩᠭᠠᠯᠭ᠎ᠠ ᠶᠢ ᠨᠡᠮᠡᠭᠳᠡᠭᠦᠯᠪᠠ᠃ ᠡᠭᠦᠨ ᠤ ᠬᠠᠮᠲᠤ᠂ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠦᠭᠰᠡᠨ᠂ ᠬᠢᠷᠢ ᠭᠡᠮ ᠤᠨ ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠠᠯ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠪᠠ᠃ ᠭᠤᠷᠪᠠ ᠳᠤ᠂ ᠤᠯᠤᠰ ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠡᠳ᠋ ᠪᠣᠳᠠᠰ ᠢ ᠰᠢᠯᠵᠢᠭᠦᠯᠦᠨ ᠥᠭᠬᠦ᠂ ᠲᠦᠭᠦᠬᠡᠶ ᠮᠠᠲ᠋ᠧᠷᠢᠶᠠᠯ ᠢ ᠪᠠᠲᠤᠯᠠᠬᠤ ᠵᠡᠷᠭᠡ ᠲᠠᠯ᠎ᠠ ᠪᠠᠷ ᠬᠢ ᠬᠦᠴᠦᠲᠡᠶ ᠳᠡᠮᠵᠢᠯᠭᠡ ᠶᠢ ᠴᠢᠷᠮᠠᠶᠢᠨ ᠤᠯᠪᠠ᠃ ᠮᠠᠨ ᠤ ᠣᠷᠣᠨ ᠤ ᠠᠵᠤ ᠠᠬᠤᠶᠢᠯᠠᠯ ᠠᠵᠢᠯ ᠢᠶᠠᠨ ᠡᠬᠢᠯᠡᠭᠦᠯᠵᠦ ᠰᠡᠷᠭᠦᠭᠡᠬᠦ ᠪᠠ ᠦᠢᠯᠡᠳᠪᠦᠷᠢᠯᠡᠯ ᠤᠨ ᠬᠡᠪᠴᠢᠶ᠎ᠡ ᠪᠠᠨ ᠲᠠᠰᠤᠷᠠᠯᠲᠠ ᠤᠢᠭᠡᠢ ᠥᠷᠭᠡᠳᠬᠡᠬᠦ᠂ ᠤᠯᠤᠰ ᠠᠴᠠ ᠰᠢᠯᠵᠢᠭᠦᠯᠦᠨ ᠥᠭᠭᠦᠭᠰᠡᠨ ᠡᠳ᠋ ᠪᠠᠷᠠᠭ᠎ᠠ ᠪᠣᠯᠤᠨ ᠪᠠᠲᠤᠯᠠᠭ᠎ᠠ ᠶᠢᠨ ᠲᠦᠭᠦᠬᠡᠶ ᠮᠠᠲ᠋ᠧᠷᠢᠶᠠᠯ ᠤᠳ ᠬᠥᠷᠴᠤ ᠢᠷᠡᠬᠦ ᠶᠢ ᠳᠠᠭᠠᠯᠳᠤᠨ᠂ ᠮᠠᠨ ᠤ ᠣᠷᠣᠨ ᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢᠨ ᠪᠠᠴᠢᠮ ᠪᠠᠶᠢᠳᠠᠯ ᠢ ᠪᠦᠲᠦᠮᠵᠢᠲᠡᠶ ᠪᠠᠷ ᠨᠠᠮᠳᠠᠭᠠᠵᠤ ᠪᠤᠢ᠃
     ᠰᠤᠷᠪᠤᠯᠵᠢᠯᠠᠬᠴᠢ᠄ ᠣᠳᠣᠬᠠᠨ ᠤ ᠡᠨᠡ ᠬᠦ ᠣᠨᠴᠠᠭᠠᠶ ᠴᠠᠭ ᠦᠶ᠎ᠡ ᠳᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠣᠨᠴᠠᠭᠠᠶ ᠴᠢᠬᠤᠯᠠ ᠪᠠᠶᠢᠳᠠᠭ᠂ ᠲᠡᠭᠡᠪᠡᠯ ᠪᠢᠳᠡ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠨᠢᠭᠡᠳᠦᠯᠲᠡᠶ ᠲᠥᠯᠥᠪᠵᠢᠭᠦᠯᠦᠨ ᠬᠤᠪᠢᠶᠠᠷᠢᠯᠠᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖
     ᠯᠢ ᠵᠥᠡᠭ ᠺᠠᠢ᠄ ᠭᠤᠤᠯᠳᠠᠯᠭ᠎ᠠ ᠶᠢ ᠪᠠᠲᠤᠯᠠᠬᠤ᠂ ᠪᠠᠭᠤᠷᠠᠶ ᠲᠠᠯ᠎ᠠ ᠶᠢ ᠪᠠᠲᠤᠯᠠᠬᠤ ᠵᠠᠷᠴᠢᠮ ᠶᠣᠰᠣᠭᠠᠷ᠂ ᠵᠢᠯᠣᠭᠤᠳᠬᠤ ᠭᠠᠵᠠᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ︽ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠢ ᠬᠤᠪᠢᠶᠠᠷᠢᠯᠠᠬᠤ ᠲᠥᠰᠦᠯ︾ ᠲᠣᠭᠲᠠᠭᠠᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠤᠪᠢᠶᠠᠷᠢᠯᠠᠬᠤ ᠶᠢ ᠦᠨᠡᠨ ᠬᠦ ᠪᠠᠲᠤᠯᠠᠵᠥ ᠪᠤᠢ᠃ ᠪᠠᠴᠢᠮ ᠲᠤᠳᠠᠬᠳᠠᠬᠤ ᠡᠮᠴᠢᠯᠡᠭᠡᠨ ᠳᠤ ᠬᠡᠷᠡᠭᠯᠡᠬᠦ ᠡᠳ᠋ ᠪᠣᠳᠠᠰ ᠢ ᠦᠨᠳᠦᠰᠦᠨ ᠳᠡᠭᠡᠨ ᠴᠥᠮ ᠡᠪᠡᠳᠴᠢᠨ ᠤ ᠵᠢᠱᠢᠶ᠎ᠡ ᠶᠢ ᠬᠥᠯᠢᠶᠠᠨ ᠠᠪᠴᠤ ᠡᠮᠨᠡᠨ ᠵᠠᠰᠠᠬᠤ ᠡᠮᠨᠡᠯᠭᠡ ᠶᠢᠨ ᠬᠤᠷᠢᠶ᠎ᠠ ᠪᠠ ᠲᠤᠰᠠᠭᠠᠷᠯᠠᠨ ᠠᠵᠢᠭᠯᠠᠬᠤ ᠡᠮᠨᠡᠯᠭᠡ ᠶᠢᠨ ᠬᠤᠷᠢᠶ᠎ᠠ ᠵᠡᠷᠭᠡ ᠡᠮᠴᠢᠯᠡᠭᠡᠨ ᠤ ᠪᠠᠶᠢᠭᠤᠯᠤᠮᠵᠢ ᠳᠤ ᠭᠡᠷᠡᠭᠯᠡᠬᠦᠯᠬᠦ ᠶᠢ ᠪᠠᠳᠤᠯᠠᠵᠥ ᠪᠤᠢ᠃ ᠠᠷᠠᠳ ᠤᠨ ᠬᠡᠷᠡᠭᠯᠡᠭᠡᠨ ᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠳᠤ ᠵᠠᠮ ᠬᠠᠷᠢᠯᠴᠠᠭᠠᠨ ᠤ ᠪᠠᠶᠢᠴᠠᠭᠠᠯᠲᠠ ᠶᠢᠨ ᠥᠷᠲᠡᠭᠡ ᠴᠡᠭ᠂ ᠬᠢᠨᠠᠨ ᠡᠵᠡᠮᠳᠡᠬᠦ ᠣᠷᠣᠨ ᠪᠦᠰᠡ᠂ ᠬᠥᠮᠦᠨ ᠣᠯᠠᠨ ᠴᠤᠭᠯᠠᠷᠠᠬᠤ ᠭᠠᠵᠠᠷ ᠤᠨ ᠬᠡᠷᠡᠭᠴᠡᠭᠡ ᠶᠢ ᠭᠤᠤᠯᠳᠠᠯᠭ᠎ᠠ ᠲᠠᠢ ᠪᠠᠲᠤᠯᠠᠵᠥ ᠪᠤᠢ᠃ ᠠᠷᠠᠳ ᠤᠨ ᠬᠡᠷᠡᠭᠯᠡᠭᠡᠨ ᠤ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠢᠷᠡᠯᠲᠡ ᠶᠢᠨ ᠬᠡᠮᠵᠢᠶ᠎ᠡ ᠠᠭᠠᠵᠢᠮ ᠢᠶᠠᠷ ᠨᠡᠮᠡᠭᠳᠡᠬᠦ ᠶᠢ ᠳᠠᠭᠠᠯᠳᠤᠨ᠂ ᠵᠣᠬᠢᠬᠤ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠱᠠᠭᠠᠷᠳᠠᠯᠭ᠎ᠠ ᠶᠢ ᠦᠯᠡᠳᠡᠭᠡᠬᠦ ᠠᠴᠠ ᠭᠠᠳᠠᠨ᠎ᠠ᠂ ᠨᠢᠭᠡ ᠪᠦᠯᠦᠭ ᠡᠳ᠋ ᠪᠣᠳᠠᠰ ᠢ ᠠᠯᠢ ᠲᠦᠷᠭᠡᠨ ᠢᠶᠠᠷ ᠵᠠᠬ᠎ᠠ ᠳᠡᠯᠭᠡᠭᠦᠷ ᠲᠤ ᠣᠷᠣᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠥ ᠪᠤᠢ᠃ ᠡᠭᠦᠨ ᠤ ᠬᠠᠮᠲᠤ᠂ ᠡᠳᠦᠷ ᠲᠤᠲᠤᠮ ᠤᠨ ᠲᠣᠬᠢᠷᠠᠭᠤᠯᠬᠤ ᠲᠣᠭᠲᠠᠴᠠ ᠶᠢ ᠴᠤ ᠪᠠᠶᠢᠭᠤᠯᠵᠤ᠂ ᠠᠶᠢᠮᠠᠭ ᠬᠤᠲᠠ ᠶᠢᠨ ᠰᠡᠷᠭᠡᠶᠢᠯᠡᠨ ᠡᠵᠡᠮᠳᠡᠬᠦ ᠡᠳ᠋ ᠪᠤᠳᠠᠰ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠂ ᠠᠶᠢᠮᠠᠭ ᠬᠤᠲᠠ ᠶᠢ ᠵᠢᠯᠣᠭᠤᠳᠴᠤ ᠪᠠᠶᠢᠭᠠᠳ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠲᠤᠬᠢᠷᠠᠭᠤᠯᠤᠨ᠂ ᠡᠪᠡᠳᠴᠢᠨ ᠤ ᠵᠢᠱᠢᠶ᠎ᠡ ᠶᠢ ᠬᠥᠯᠢᠶᠠᠨ ᠠᠪᠴᠤ ᠡᠮᠨᠡᠨ ᠵᠠᠰᠠᠬᠤ ᠡᠮᠨᠡᠯᠭᠡ ᠶᠢᠨ ᠬᠤᠷᠢᠶ᠎ᠠ᠂ ᠲᠤᠰᠠᠭᠠᠷᠯᠠᠨ ᠠᠵᠢᠭᠯᠠᠬᠤ ᠡᠮᠨᠡᠯᠭᠡ ᠶᠢᠨ ᠬᠤᠷᠢᠶ᠎ᠠ᠂ ᠭᠤᠤᠯᠳᠠᠯᠭ᠎ᠠ ᠲᠠᠢ ᠬᠢᠨᠠᠨ ᠡᠵᠡᠮᠳᠡᠬᠦ ᠣᠷᠣᠨ ᠪᠦᠰᠡ ᠪᠠ ᠰᠠᠭᠤᠭᠠᠯᠢ ᠠᠷᠠᠳ ᠤᠨ ᠲᠣᠭᠤᠷᠢᠭ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠪᠠᠶᠢᠴᠠᠭᠠᠯᠲᠠ ᠶᠢᠨ ᠥᠷᠲᠡᠭᠡ ᠴᠡᠭ᠂ ᠬᠥᠮᠦᠨ ᠠᠮᠠ ᠣᠯᠠᠨ ᠴᠤᠭᠯᠠᠷᠠᠬᠤ ᠭᠠᠵᠠᠷ ᠤᠨ ᠠᠵᠢᠯ ᠤᠨ ᠳᠡᠰ ᠳᠠᠷᠠᠭᠠᠯᠠᠯ ᠡᠮᠬᠢ ᠵᠢᠷᠤᠮ ᠲᠠᠢ ᠪᠠᠶᠢᠬᠤ ᠶᠢ ᠪᠠᠲᠤᠯᠠᠵᠥ ᠪᠤᠢ᠃
     ᠰᠤᠷᠪᠤᠯᠵᠢᠯᠠᠬᠴᠢ᠄ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠨᠡᠶᠢᠭᠡᠮ ᠤᠨ ᠡᠯ᠎ᠡ ᠡᠲᠡᠭᠡᠳ ᠤᠨ ᠬᠢᠨ ᠵᠠᠯᠭᠠᠭ᠎ᠠ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠵᠠᠶ᠂ ᠲᠠ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠡᠯᠡᠭᠯᠡᠨ ᠬᠦᠷᠭᠡᠭᠰᠡᠨ ᠪᠠ ᠬᠤᠪᠢᠶᠠᠷᠢᠯᠠᠨ ᠬᠡᠷᠡᠭᠯᠡᠵᠦ ᠪᠠᠶᠢᠭ᠎ᠠ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖
     ᠯᠢ ᠵᠥᠡᠭ ᠺᠠᠢ᠄ 2 ᠰᠠᠷ᠎ᠠ ᠶᠢᠨ 4 ᠤ ᠡᠳᠦᠷ ᠤᠨ 17 ᠴᠠᠭ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠡᠶᠢᠬᠡᠮ ᠨᠡᠶᠢᠲᠡ ᠶᠢᠨ ᠬᠠᠨᠳᠢᠪᠯᠠᠭᠰᠠᠨ ᠵᠣᠭᠤᠰ ᠪᠠ ᠡᠳ᠋ ᠪᠣᠳᠠᠰ ᠢ ᠨᠡᠶᠢᠲᠡ 27562.47 ᠲᠦᠮᠡᠨ ᠲᠥᠭᠦᠷᠢᠭ ᠴᠤᠭᠯᠠᠭᠤᠯᠤᠭᠰᠠᠨ ᠪᠠ ᠭᠥᠯᠢᠶᠡᠨ ᠠᠪᠴᠠᠢ᠂ ᠡᠭᠦᠨ ᠳᠤ ᠪᠠᠯᠠ ᠮᠥᠩᠭᠦ 19369.24ᠲᠦᠮᠡᠨ ᠲᠥᠭᠦᠷᠢᠭ᠂ 8193.23 ᠲᠦᠮᠡᠨ ᠲᠥᠭᠦᠷᠢᠭ ᠤᠨ ᠦᠷᠲᠡᠭ ᠪᠦᠬᠦᠢ ᠡᠳ᠋ ᠪᠣᠳᠠᠰ ᠪᠤᠢ᠃ ᠨᠡᠶᠢᠭᠡᠮ ᠤᠨ ᠬᠠᠨᠳᠢᠪᠯᠠᠭᠰᠠᠨ ᠵᠣᠭᠤᠰ ᠮᠥᠩᠭᠦ ᠡᠳ᠋ ᠪᠣᠳᠠᠰ ᠢ ᠨᠡᠶᠢᠲᠡ 12873.83 ᠲᠦᠮᠡᠨ ᠲᠥᠭᠦᠷᠢᠭ ᠵᠠᠷᠤᠴᠠᠭᠤᠯᠵᠤ ᠪᠤᠢ᠂ ᠡᠭᠦᠨ ᠳᠤ 8567.58 ᠲᠦᠮᠡᠨ ᠲᠥᠭᠦᠷᠢᠭ ᠤᠨ ᠪᠠᠯᠠ ᠮᠥᠩᠭᠦ ︵ᠲᠤᠬᠳᠠᠬᠰᠠᠨ ᠴᠢᠭᠯᠡᠯ ᠢᠶᠠᠷ ᠬᠠᠨᠳᠢᠪᠯᠡᠬᠰᠡᠨ ᠬᠤᠪᠸᠢ ᠮᠤᠵᠢ ᠶᠢᠨ ᠦᠬᠠᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠯᠠ ᠮᠥᠩᠭᠦ 6000 ᠲᠦᠮᠡᠨ ᠲᠥᠭᠦᠷᠢᠭ ᠪᠠᠭᠲᠠᠨ᠎ᠠ︶᠂ ᠡᠳ᠋ ᠪᠣᠳᠠᠰ ᠤᠨ ᠦᠷᠲᠡᠭ ᠨᠢ 4306.25 ᠲᠦᠮᠡᠨ ᠲᠥᠭᠦᠷᠢᠭ ᠲᠤ ᠬᠦᠷᠴᠡᠶ᠃
     ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠣᠰ ᠱᠠᠲᠤ ᠨᠢ ᠨᠡᠶᠢᠲᠡ 13457.07 ᠲᠦᠮᠡᠨ ᠲᠥᠭᠦᠷᠢᠭ ᠴᠤᠭᠯᠠᠭᠤᠯᠤᠬᠰᠠᠨ ᠪᠠ ᠬᠦᠯᠢᠶᠡᠨ ᠠᠪᠴᠠᠶ᠂ ᠡᠭᠦᠨ ᠳᠤ ᠪᠡᠯᠡ ᠮᠥᠩᠭᠦ 6302.83 ᠲᠦᠮᠡᠨ ᠲᠥᠭᠦᠷᠢᠭ ᠵᠢᠴᠢ 7154.24 ᠲᠦᠮᠡᠨ ᠲᠥᠭᠦᠷᠢᠭ ᠤᠨ ᠥᠷᠲᠡᠭ ᠪᠦᠬᠦᠢ ᠡᠳ᠋ ᠪᠣᠳᠠᠰ ᠢ ᠪᠠᠭᠲᠠᠭᠠᠵᠠᠢ᠃ ᠣᠲᠣ ᠨᠢᠭᠡᠨᠲᠡ ᠬᠥᠯᠢᠶᠠᠨ ᠠᠪᠴᠤ ᠲᠠᠩᠰᠠᠯᠠᠭᠤᠯᠤᠬᠰᠠᠨ ᠪᠡᠯᠡ ᠮᠥᠡᠭᠭᠦ ᠪᠠ ᠡᠳ᠋ ᠪᠣᠳᠠᠰ ᠨᠡᠶᠢᠲᠡ 6111.65 ᠲᠦᠮᠡᠨ ᠲᠥᠭᠦᠷᠢᠭ ᠲᠤ ᠬᠥᠷᠴᠤ᠂ ᠨᠢᠭᠡᠨᠲᠡ ᠬᠠᠨᠳᠢᠪᠯᠠᠭᠰᠠᠨ ᠪᠥᠭᠡᠳ ᠶᠠᠭ ᠨᠠᠶᠢᠳᠠᠪᠤᠷᠢᠵᠢᠭᠤᠯᠵᠤ ᠪᠠᠶᠢᠭ᠎ᠠ ᠵᠣᠭᠤᠰ ᠪᠠ ᠡᠳ᠋ ᠪᠣᠳᠠᠰ ᠨᠡᠶᠢᠲᠡ 7345.42 ᠲᠦᠮᠡᠨ ᠲᠥᠭᠦᠷᠢᠭ ᠲᠤ ᠬᠥᠷᠴᠤ ᠪᠤᠢ᠃
     ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠣᠰ ᠱᠠᠲᠤ ᠨᠡᠶᠢᠲᠡ 3933.82 ᠲᠦᠮᠡᠨ ᠲᠥᠭᠦᠷᠢᠭ ᠤᠨ ᠨᠡᠶᠢᠭᠡᠮ ᠤᠨ ᠲᠤᠰᠠᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠵᠠᠷᠤᠴᠠᠭᠤᠯᠪᠠ᠃ ᠬᠠᠨᠳᠢᠪᠯᠠᠨ ᠬᠦᠷᠭᠡᠭᠰᠡᠨ ᠠᠯᠢᠪᠠ ᠵᠣᠭᠤᠰ ᠮᠥᠩᠭᠦ ᠡᠳ᠋ ᠪᠣᠳᠠᠰ ᠢ ᠢᠯᠡ ᠲᠣᠳᠣ᠂ ᠥᠨᠳᠥᠷ ᠪᠦᠲᠦᠮᠵᠢᠲᠡᠶ ᠪᠠᠶᠢᠬᠤ ᠵᠠᠷᠴᠢᠮ ᠶᠣᠰᠣᠭᠠᠷ ᠬᠠᠮᠢᠶᠠᠷᠴᠤ᠂ ᠬᠠᠨᠳᠢᠪᠯᠠᠨ ᠬᠦᠷᠭᠡᠭᠴᠢ ᠨᠢ ᠲᠣᠳᠣᠷᠬᠠᠶ ᠬᠦᠰᠡᠯ ᠡᠷᠡᠮᠡᠯᠵᠡᠯ ᠲᠠᠢ ᠪᠠᠶᠢᠪᠠᠯ᠂ ᠬᠠᠨᠳᠢᠪᠯᠠᠨ ᠬᠦᠷᠭᠡᠭᠴᠢ ᠶᠢᠨ ᠬᠦᠰᠡᠯ ᠡᠷᠡᠮᠡᠯᠵᠡᠯ ᠶᠣᠰᠣᠭᠠᠷ ᠴᠠᠭ ᠲᠤᠬᠠᠶ ᠳᠤᠨᠢ ᠲᠤᠬᠳᠠᠬᠰᠠᠨ ᠴᠢᠭᠯᠡᠯ ᠲᠠᠢ ᠪᠠᠷ ᠪᠦᠬᠦ ᠲᠤᠭ᠎ᠠ ᠪᠠᠷ ᠰᠠᠯᠭᠠᠨ ᠥᠭᠭᠦᠨ᠎ᠡ᠃ ᠬᠠᠨᠳᠢᠪᠯᠠᠨ ᠬᠦᠷᠭᠡᠬᠦ ᠬᠦᠰᠡᠯ ᠰᠠᠨᠠᠭ᠎ᠠ ᠪᠠᠨ ᠲᠣᠳᠣᠷᠬᠠᠶᠢᠯᠠᠭᠰᠠᠨ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠳᠤ ᠮᠡᠳᠡᠭᠦᠯᠵᠦ ᠭᠤᠤᠯᠳᠠᠯᠭ᠎ᠠ ᠶᠢ ᠪᠠᠲᠤᠯᠠᠬᠤ᠂ ᠪᠠᠭᠤᠷᠠᠶ ᠲᠠᠯ᠎ᠠ ᠶᠢ ᠪᠠᠲᠤᠯᠠᠬᠤ᠂ ᠪᠠᠴᠢᠮ ᠬᠡᠷᠡᠭᠴᠡᠭᠡ ᠶᠢ ᠪᠠᠲᠤᠯᠠᠬᠤ ᠵᠠᠷᠴᠢᠮ ᠶᠣᠰᠣᠭᠠᠷ ᠬᠤᠪᠢᠶᠠᠷᠢᠯᠠᠬᠤ ᠲᠥᠰᠦᠯ ᠢ ᠲᠣᠭᠲᠠᠭᠠᠵᠤ᠂ ᠨᠢᠭᠡᠳᠦᠯᠲᠡᠶ ᠲᠥᠯᠥᠪᠵᠢᠭᠦᠯᠦᠨ ᠬᠤᠪᠢᠶᠠᠷᠢᠯᠠᠨ᠎ᠠ᠃
     ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠦᠬᠦ ᠣᠷᠣᠨ ᠤ ᠡᠯ᠎ᠡ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠬᠤ᠂ ᠬᠠᠮᠢᠶᠠᠷᠬᠤ ᠪᠠ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠠᠵᠢᠯ ᠢ ᠵᠢᠷᠤᠮᠵᠢᠭᠤᠯᠬᠤ ᠶᠢᠨ ᠬᠠᠮᠲᠤ ᠲᠤᠰᠠᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠪᠦᠬᠦᠨ ᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃
     ᠡᠨᠡ ᠬᠦ ᠲᠠᠰᠢᠷᠠᠮ ᠢᠶᠠᠷ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠲᠡᠶ ᠳᠡᠮᠵᠢᠯᠭᠡ ᠪᠠ ᠬᠠᠶᠢᠷ᠎ᠠ ᠬᠠᠯᠠᠮᠵᠢ᠂ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ︕ ᠪᠢᠳᠡ ᠢᠯᠡ ᠲᠣᠳᠣ᠂ ᠥᠨᠳᠥᠷ ᠪᠦᠲᠦᠮᠵᠢᠲᠡᠶ ᠪᠠᠶᠢᠬᠤ ᠵᠠᠷᠴᠢᠮ ᠶᠣᠰᠣᠭᠠᠷ᠂ ᠬᠠᠨᠳᠢᠪᠯᠠᠨ ᠬᠦᠷᠭᠡᠭᠰᠡᠨ ᠵᠣᠭᠤᠰ ᠪᠠ ᠡᠳ᠋ ᠪᠣᠳᠠᠰ ᠢ ᠬᠤᠪᠢᠶᠠᠷᠢᠯᠠᠨ ᠬᠡᠷᠡᠭᠯᠡᠬᠦ ᠠᠵᠢᠯ ᠢ ᠴᠢᠩ ᠰᠡᠳᠬᠢᠯ ᠠᠴᠠ ᠪᠠᠨ ᠰᠠᠶᠢᠲᠤᠷ ᠬᠢᠵᠦ᠂ ᠭᠥᠯᠢᠶᠡᠨ ᠠᠪᠤᠭᠰᠠᠨ ᠬᠠᠨᠳᠢᠪᠯᠠᠨ ᠬᠦᠷᠭᠡᠭᠰᠡᠨ ᠵᠣᠭᠤᠰ ᠪᠠ ᠡᠳ᠋ ᠪᠣᠳᠠᠰ ᠢ ᠪᠦᠬᠦᠨ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠠᠮᠤᠭ ᠤᠨ ᠪᠠᠴᠢᠮ ᠬᠡᠷᠡᠭᠴᠡᠭᠡ ᠲᠠᠢ ᠭᠠᠵᠠᠷ ᠲᠤ ᠬᠡᠷᠡᠭᠯᠡᠵᠦ᠂ ᠪᠠᠰᠠ ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠲᠦᠮᠡᠨ ᠪᠠ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠬᠢᠨᠠᠯᠲᠠ ᠲᠠᠯᠪᠢᠬᠤ ᠶᠢ ᠬᠥᠢᠴᠡᠳᠭᠡᠬᠦ ᠪᠤᠯᠤᠨ᠎ᠠ᠃
     ᠰᠤᠷᠪᠤᠯᠵᠢᠯᠠᠬᠴᠢ᠄ ᠵᠠᠷᠢᠮ ᠰᠦᠯᠵᠢᠶᠡᠨ ᠢᠷᠭᠡᠳ ᠤᠨ ᠲᠤᠰᠬᠠᠭᠰᠠᠨ ᠢᠶᠠᠷ᠂ ᠣᠳᠣᠬᠠᠨ ᠳᠤ ᠨᠡᠶᠢᠭᠡᠮ ᠳᠡᠭᠡᠷ᠎ᠡ ᠵᠠᠷᠢᠮ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠦᠨ᠎ᠡ ᠬᠠᠩᠰᠢ ᠶᠢ ᠥᠰᠬᠡᠬᠦ ᠦᠵᠡᠭᠳᠡᠯ ᠭᠠᠷᠴᠤ ᠪᠠᠶᠢᠨ᠎ᠠ᠂ ᠡᠭᠦᠨ ᠳᠤ ᠪᠢᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖
     ᠯᠢ ᠵᠥᠡᠭ ᠺᠠᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠶᠢᠷ᠎ᠠ ᠶᠢᠨ ᠬᠤᠭᠤᠴᠠᠭᠠᠨ ᠳᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠪᠠ᠃ ᠨᠢᠭᠡ ᠳᠤ᠂ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠦᠨ᠎ᠡ ᠬᠠᠩᠰᠢ ᠶᠢᠨ ᠡᠮᠬᠢ ᠵᠢᠷᠤᠮ ᠢ ᠬᠠᠮᠠᠭᠠᠯᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠵᠠᠷ︾ ᠪᠠ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠤᠨ ᠨᠡᠶᠢᠳᠡᠮ ᠠᠩᠬᠠᠷᠴᠤ ᠪᠠᠶᠢᠭ᠎ᠠ ᠠᠮᠠᠪᠴᠢ ᠪᠠ ᠠᠷᠢᠭᠤᠳᠬᠠᠬᠰᠠᠨ ᠬᠡᠷᠡᠭᠰᠡᠯ ᠢᠶᠠᠷ ᠭᠤᠤᠯᠳᠠᠯᠭ᠎ᠠ ᠪᠣᠯᠭᠠᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠳᠠ ᠪᠠᠨ ᠴᠢᠩᠭᠠᠳᠬᠠᠵᠤ᠂ ᠣᠯᠵᠤ ᠮᠡᠳᠡᠭᠰᠡᠨ ᠪᠠᠷᠠᠭᠠᠨ ᠤ ᠦᠨ᠎ᠡ ᠶᠢ ᠥᠰᠬᠡᠬᠦ ᠵᠡᠷᠭᠡ ᠦᠢᠯᠡ ᠠᠵᠢᠯᠯᠠᠭ᠎ᠠ ᠶᠢ ᠴᠥᠮ ᠵᠤᠬᠢᠰᠳᠠᠢ ᠰᠢᠢᠳᠪᠤᠷᠢᠯᠠᠵᠠᠢ᠃ 2 ᠰᠠᠷ᠎ᠠ ᠶᠢᠨ 1 ᠤ ᠡᠳᠦᠷ ᠪᠣᠯᠲᠠᠯ᠎ᠠ᠂ ᠭᠡᠷᠡᠭ ᠪᠤᠯᠭᠠᠨ ᠲᠠᠩᠰᠠᠯᠠᠬᠰᠠᠨ ᠭᠡᠷᠡᠭ ᠨᠡᠶᠢᠲᠡ 136᠂ ᠡᠬᠦᠨ ᠳᠤ 18 ᠬᠡᠷᠡᠭ ᠢ ᠨᠢ ᠪᠠᠶᠢᠴᠠᠭᠠᠨ ᠰᠢᠢᠳᠪᠤᠷᠢᠯᠡᠵᠥ᠂ 51 ᠶᠢ ᠨᠢ ᠬᠤᠷᠢᠬᠯᠠᠨ ᠵᠣᠭᠰᠣᠭᠠᠵᠤ᠂ 12 ᠢ ᠨᠢ ᠪᠠᠶᠢᠴᠠᠭᠠᠨ ᠪᠢᠲᠡᠭᠦᠮᠵᠢᠯᠡᠪᠡ᠃
     ᠲᠠᠷᠠᠭᠠᠴᠢ ᠶᠢᠨ ᠠᠯᠬᠤᠮ ᠳᠤ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠥ᠂ ᠡᠳ᠋ ᠪᠣᠳᠠᠰ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ 1231 ᠬᠠᠯᠠᠮᠰᠢᠯ ᠤᠲᠠᠰᠤ ᠶᠢᠨ ᠨᠡᠪᠳᠡᠷᠡᠯᠴᠡᠭᠡ ᠶᠢ ᠴᠢᠩᠭᠠᠳᠬᠠᠬᠤ ᠶᠢᠨ ᠬᠠᠮᠲᠤ᠂ ᠰᠦᠯᠵᠢᠶᠡᠨ ᠥᠷᠲᠡᠭᠡ᠂ APP᠂ ᠵᠢᠷᠭᠢᠶ᠎ᠡ ᠶᠢᠨ ᠠᠯᠪᠠᠨ ᠨᠣᠮᠧᠷ ᠵᠡᠷᠭᠡ ᠶᠢᠨ ᠡᠯ᠎ᠡ ᠲᠥᠷᠥᠯ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠠᠢ᠃ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠦᠨᠳᠦᠰᠦᠯᠡᠨ᠂ ᠲᠤᠰᠬᠠᠯ ᠲᠥᠪᠯᠡᠷᠡᠭᠰᠡᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠮᠠᠪᠴᠢ᠂ ᠪᠠᠺᠲ᠋ᠧᠷᠢ ᠠᠯᠠᠬᠤ ᠠᠷᠢᠭᠤᠳᠬᠠᠬᠤ ᠬᠡᠷᠡᠭᠰᠡᠯ᠂ ᠸᠢᠷᠦ᠋ᠰ ᠢ ᠡᠰᠡᠷᠭᠦᠴᠡᠬᠦ ᠡᠮ ᠤᠨ ᠵᠦᠢᠯ ᠵᠡᠷᠭᠡ ᠬᠢᠵᠢᠭ ᠢ ᠰᠡᠷᠭᠡᠶᠢᠯᠡᠬᠦ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠭᠤᠷᠪᠠ ᠳᠤ᠂ ᠬᠠᠤᠯᠢ ᠶᠢ ᠵᠥᠷᠢᠴᠡᠭᠰᠡᠨ 8 ᠨᠡᠶᠢᠲᠡᠯᠢᠭ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠢᠯᠡ ᠪᠠᠷ ᠨᠡᠶᠢᠲᠡᠯᠡᠵᠠᠢ᠂ ᠡᠳᠡᠭᠡᠷ ᠨᠢ ᠭᠤᠤᠯᠳᠠᠭᠤ ᠠᠮᠠᠪᠴᠢ ᠶᠢᠨ ᠲᠠᠯ᠎ᠠ ᠪᠠᠷ ᠦᠨ᠎ᠡ ᠬᠠᠩᠰᠢ ᠶᠢ ᠥᠰᠬᠡᠭᠰᠡᠨ᠂ ᠦᠨ᠎ᠡ ᠬᠠᠩᠰᠢ ᠶᠢᠨ ᠮᠡᠬᠡᠯᠡᠯ ᠬᠢᠭᠰᠡᠨ᠂ ᠦᠨ᠎ᠡ ᠬᠠᠩᠰᠢ ᠶᠢ ᠲᠣᠳᠣᠷᠬᠠᠶ ᠲᠡᠮᠳᠡᠭᠯᠡᠭᠰᠡᠨ ᠥᠬᠡᠶ ᠵᠡᠷᠭᠡ ᠦᠨ᠎ᠡ ᠬᠠᠩᠰᠢ ᠶᠢᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠵᠤ᠂ ᠬᠡᠷᠡᠭ ᠢ ᠰᠢᠢᠳᠪᠦᠷᠢᠯᠡᠭᠰᠡᠨ ᠳ᠋ᠦᠩ ᠢ ᠢᠯᠡ ᠪᠠᠷ ᠨᠡᠶᠢᠲᠡᠯᠡᠭᠰᠡᠨ ᠨᠢ ᠬᠠᠤᠯᠢ ᠪᠤᠰᠤ ᠠᠵᠢᠯᠯᠠᠭ᠎ᠠ ᠳᠤ ᠬᠦᠴᠦᠲᠡᠶ ᠰᠦᠷᠳᠡᠭᠦᠯᠦᠯ ᠪᠣᠯᠵᠣ᠂ ᠭᠤᠤᠯᠳᠠᠯᠭ᠎ᠠ ᠲᠠᠢ ᠦᠢᠯᠡᠳᠬᠦᠨ ᠤ ᠦᠨ᠎ᠡ ᠬᠠᠩᠰᠢ ᠶᠢᠨ ᠶᠡᠭᠡ ᠪᠠᠷ ᠥᠰᠬᠦ ᠶᠢ ᠪᠦᠲᠦᠮᠵᠢᠲᠡᠶ ᠬᠤᠷᠢᠬᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ