ᠣᠶᠢᠷ᠎ᠠ ᠳᠤ᠂ ᠣᠷᠳᠣᠰ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ | ᠤᠨ ︽ᠨᠢᠭᠤᠷ ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠭᠡᠭᠡᠬᠦ ᠰᠢᠭᠤᠳ ᠨᠡᠪᠲᠡᠷᠡᠭᠦᠯᠭᠡ ᠶᠢᠨ ᠲᠢᠩᠬᠢᠮ︾ ᠳᠤ᠂ | ᠳ᠋ᠦᠩᠱᠧᠩ ᠲᠣᠭᠤᠷᠢᠭ ᠤᠨ ᠭᠤᠴᠢᠳᠤᠭᠠᠷ ᠪᠠᠭ᠎ᠠ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠶᠯ ᠤᠨ ᠪᠠᠷᠢᠯᠭ᠎ᠠ ᠪᠠᠷᠢᠬᠤ᠂ ᠬᠢᠨᠠᠨ ᠰᠢᠯᠭᠠᠬᠤ ᠶᠢ ᠳᠠᠭᠠᠭᠠᠴᠢᠯᠠᠬᠤ ᠬᠡᠰᠡᠭ ᠤᠨ ᠳᠠᠭᠠᠭᠠᠴᠢᠯᠠᠯᠲᠠ ᠡᠬᠢᠯᠡᠪᠡ᠂ | ᠲᠣᠰ ᠲᠥᠷᠥᠯ ᠵᠦᠶᠯ ᠤᠨ ᠪᠥᠬᠦ ᠪᠠᠯᠠ ᠣᠷᠣᠭᠤᠯᠤᠯᠲᠠ ᠨᠢ 7200 ᠲᠦᠮᠡᠨ ᠲᠥᠭᠦᠷᠢᠭ ᠪᠠᠶᠢᠵᠤ᠂ ᠥᠪᠡᠷᠲᠡᠭᠡᠨ | ᠵᠠᠰᠠᠬᠤ ᠣᠷᠣᠨ ᠤ ᠬᠡᠪᠴᠢᠶᠡᠨ ᠲᠤᠳᠤᠷᠠᠬᠢ ᠠᠩᠬᠠᠳᠠᠭᠴᠢ ︽ᠨᠢᠭᠤᠷ ᠵᠣᠯᠭᠠᠬᠤ ᠦᠭᠡᠢ︾ ᠪᠠᠷ ᠳᠠᠭᠠᠭᠠᠴᠢᠯᠠᠯᠲᠠ | ᠨᠡᠭᠡᠭᠡᠬᠦ ᠲᠥᠷᠥᠯ ᠵᠦᠶᠯ ᠪᠣᠯᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠡᠷᠬᠢᠨ ᠰᠤᠯᠠᠷᠠᠭᠤᠯᠬᠤ ᠥᠬᠡᠶ ᠮᠥᠷᠲᠡᠭᠡᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠪᠠᠲᠤᠯᠠᠬᠤ | ᠪᠣᠶ︖ ᠣᠷᠳᠣᠰ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠠᠯᠪᠠᠨ ᠬᠡᠷ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠠᠵᠢᠯ ᠤᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ︽ᠨᠢᠭᠤᠷ ᠵᠣᠯᠭᠠᠬᠤ ᠦᠭᠡᠢ ᠪᠠᠷ | ᠳᠠᠭᠠᠭᠠᠴᠢᠯᠠᠯᠲᠠ ᠨᠡᠭᠡᠭᠡᠬᠦ ᠰᠢᠭᠤᠳ ᠨᠡᠪᠲᠡᠷᠡᠭᠦᠯᠭᠡ ᠶᠢᠨ ᠲᠢᠩᠬᠢᠮ︾ ᠢ ᠰᠤᠳᠤᠯᠤᠨ ᠨᠡᠭᠡᠭᠡᠬᠦ ᠬᠤᠷᠳᠤᠴᠠ ᠶᠢ | ᠲᠥᠷᠭᠡᠳᠬᠡᠨ᠂ 12 ᠡᠳᠦᠷ ᠤᠨ ᠴᠠᠭ ᠨᠡᠮᠡᠵᠦ ᠠᠵᠢᠯᠯᠠᠨ ᠲᠤᠷᠰᠢᠨ ᠲᠣᠬᠢᠷᠠᠭᠤᠯᠬᠤ ᠪᠠ 7 ᠤᠳᠠᠭ᠎ᠠ ᠲᠥᠷᠥᠯ | ᠵᠦᠶᠯ ᠢ ᠬᠤᠯᠪᠣᠭᠠᠯᠠᠨ ᠬᠡᠮᠵᠢᠬᠦ ᠶᠢ ᠲᠦᠰᠦᠭᠡᠯᠡᠬᠦ ᠪᠠᠷ ᠳᠡᠮᠵᠢᠨ᠂ ᠳᠡᠯᠭᠡᠴᠡ ᠶᠢ ᠦᠵᠡᠬᠦ ᠳᠤ ᠬᠥᠮᠥᠨ ᠲᠠᠢ ᠨᠢ | ᠠᠭᠤᠯᠵᠠᠭᠰᠠᠨ ᠮᠡᠲᠦ ︽ᠨᠢᠭᠤᠷ ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠭᠡᠭᠡᠬᠦ︾ ᠵᠠᠭᠪᠤᠷ ᠢ ᠡᠬᠢᠯᠡᠭᠦᠯᠪᠡ᠃ | ᠡᠶᠢᠮᠦ ᠳᠠᠭᠠᠭᠠᠴᠢᠯᠠᠯᠲᠠ ᠵᠠᠷᠯᠠᠬᠤ ᠵᠠᠭᠪᠤᠷ ᠨᠢ ᠥᠩᠭᠡᠷᠡᠭᠰᠡᠨ ᠤ ᠬᠥᠷ ᠬᠥᠭᠵᠢᠶᠡᠨ ᠲᠠᠢ ᠳᠠᠭᠠᠭᠠᠴᠢᠯᠠᠯᠲᠠ | ᠨᠡᠭᠡᠭᠡᠬᠦ ᠦᠵᠡᠭᠳᠡᠯ ᠲᠠᠢ ᠠᠳᠠᠯᠢ ᠦᠭᠡᠢ ᠶᠤᠮ᠂ ᠶᠡᠭᠡ ᠲᠢᠩᠬᠢᠮ ᠳᠤ ᠵᠥᠪᠬᠡᠨ ᠳᠠᠭᠠᠭᠠᠴᠢᠯᠠᠯᠲᠠ ᠵᠠᠷᠯᠠᠬᠤ ᠬᠥᠮᠥᠨ᠂ | ᠳᠠᠭᠠᠭᠠᠴᠢᠯᠠᠯᠲᠠ ᠵᠠᠷᠯᠠᠬᠤ ᠶᠢ ᠣᠷᠣᠯᠠᠭᠴᠢ ᠪᠠᠶᠢᠭᠤᠯᠤᠮᠵᠢ᠂ ᠠᠷᠠᠯᠵᠢᠶᠠᠨ ᠤ ᠲᠥᠪ ᠤᠨ ᠬᠡᠳᠦᠨ ᠠᠵᠢᠯᠲᠠᠨ᠂ ᠨᠢᠭᠡ | ᠰᠢᠭᠤᠳ ᠨᠡᠪᠲᠡᠷᠡᠭᠦᠯᠬᠦ ᠳᠡᠯᠭᠡᠴᠡ ᠪᠠᠷ ᠳᠠᠮᠵᠢᠨ᠂ ᠪᠦᠬᠦ ᠤᠯᠤᠰ ᠤᠨ ᠡᠯ᠎ᠡ ᠭᠠᠵᠠᠷ ᠲᠤ ᠪᠠᠶᠢᠭ᠎ᠠ 29 | ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠲᠠᠢ ᠬᠤᠯᠪᠣᠭ᠎ᠠ ᠠᠪᠤᠨ᠎ᠠ᠂ ᠳᠠᠭᠠᠭᠠᠴᠢᠯᠠᠯᠲᠠ ᠬᠦᠯᠢᠶᠡᠬᠦ ᠠᠵᠤ | ᠠᠬᠤᠶᠢᠯᠠᠯ ᠤᠨ ᠲᠥᠯᠥᠭᠡᠯᠡᠭᠴᠢ ᠪᠠᠰᠠ ᠠᠯᠤᠰ ᠠᠴᠠ ᠰᠦᠯᠵᠢᠶᠡᠨ ᠳᠡᠭᠡᠷ᠎ᠡ ᠭᠠᠷᠬᠤ᠂ ᠭᠠᠷ ᠤᠨ ᠦᠰᠦᠭ ᠵᠢᠷᠤᠬᠤ᠂ | ᠨᠢᠭᠤᠴᠠ ᠲᠠᠶᠢᠯᠬᠤ᠂ ᠠᠪᠢᠶ᠎ᠠ ᠪᠤᠶᠤ ᠦᠰᠦᠭ ᠪᠢᠴᠢᠭ ᠢᠶᠠᠷ ᠠᠰᠠᠭᠤᠯᠲᠠ ᠪᠠ ᠣᠨᠳᠣᠣ ᠰᠠᠨᠠᠯ ᠳᠤᠷᠠᠳᠬᠤ᠂ | ᠳᠠᠭᠠᠭᠠᠴᠢᠯᠠᠯᠲᠠ ᠨᠡᠭᠡᠭᠡᠭᠰᠡᠨ ᠲᠡᠮᠳᠡᠭᠯᠡᠯ ᠤᠨ ᠮᠡᠳᠡᠭᠡ ᠵᠠᠩᠭᠢ ᠶᠢ ᠪᠠᠶᠢᠴᠠᠭᠠᠨ ᠦᠵᠡᠵᠦ ᠨᠤᠲᠠᠯᠠᠨ᠎ᠠ᠃ | ︽ᠨᠢᠭᠤᠷ ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠭᠡᠭᠡᠬᠦ ᠰᠢᠭᠤᠳ ᠨᠡᠪᠲᠡᠷᠡᠭᠦᠯᠭᠡ ᠶᠢᠨ ᠲᠢᠩᠬᠢᠮ︾ ᠢ | ᠰᠦᠯᠵᠢᠶᠡᠨ ᠳᠤ ᠣᠷᠣᠭᠤᠯᠤᠨ ᠡᠬᠢᠯᠡᠵᠦ ᠬᠡᠷᠡᠭᠯᠡᠭᠰᠡᠨ ᠨᠢ ︽ᠬᠢᠵᠢᠭ ᠲᠠᠢ ᠲᠡᠮᠡᠴᠡᠬᠦ︾ ᠪᠠ ︽ᠠᠷᠠᠯᠵᠢᠶ᠎ᠠ︾ | ᠬᠤᠶᠠᠷ ᠢ ᠰᠠᠭᠠᠲᠠᠯ ᠥᠬᠡᠶ ᠪᠠᠶᠢᠯᠭᠠᠬᠤ ᠶᠢ ᠦᠨᠡᠨ ᠬᠦ ᠪᠠᠲᠤᠯᠠᠵᠤ᠂ ᠣᠷᠳᠣᠰ ᠬᠤᠲᠠ ᠶᠢᠨ ᠠᠷᠠᠯᠵᠢᠶᠠᠨ ᠤ | ᠳᠠᠭᠠᠭᠠᠴᠢᠯᠠᠯᠲᠠ ᠨᠡᠭᠡᠭᠡᠬᠦ ᠲᠠᠯᠠᠪᠤᠷ ᠭᠠᠵᠠᠷ ᠤᠨ ᠳᠠᠷᠤᠯᠲᠠ ᠶᠢ ᠪᠦᠲᠦᠮᠵᠢᠲᠡᠶ ᠨᠠᠮᠳᠠᠭᠤᠯᠵᠤ᠂ ᠳᠠᠭᠠᠭᠠᠴᠢᠯᠠᠯᠲᠠ | ᠬᠦᠯᠢᠶᠡᠬᠦ ᠠᠵᠤ ᠠᠬᠤᠶᠢᠯᠠᠯ ᠤᠨ ᠠᠷᠠᠯᠵᠢᠶᠠᠨ ᠤ ᠥᠪᠡᠷ ᠤᠨ ᠥᠷᠲᠡᠭ ᠢ ᠬᠥᠩᠭᠡᠷᠡᠭᠦᠯᠵᠦ᠂ ᠬᠠᠷᠢᠯᠴᠠᠨ | ᠰᠥᠯᠪᠡᠭᠡᠯᠳᠦᠵᠦ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠵᠦ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠡᠷᠬᠡ ᠲᠡᠭᠰᠢ᠂ ᠲᠥᠪ ᠭᠤᠤᠯᠴᠢ ᠴᠢᠨᠠᠷ ᠢ ᠦᠨᠡᠨ ᠬᠦ | ᠪᠠᠲᠤᠯᠠᠪᠠ᠃ | ᠣᠶᠢᠯᠠᠭᠠᠭᠰᠠᠨ ᠢᠶᠠᠷ᠂ ᠣᠷᠳᠣᠰ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠳᠠᠭᠠᠭᠠᠴᠢᠯᠠᠯᠲᠠ ᠵᠠᠷᠯᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠶᠯ ᠤᠨ ᠵᠢᠯ ᠳᠤᠮᠳᠠᠴᠢ | ᠶᠢᠨ ᠠᠷᠠᠯᠵᠢᠶᠠᠨ ᠤ ᠬᠡᠮᠵᠢᠶ᠎ᠡ 2900 ᠵᠦᠶᠯ ᠠᠴᠠ ᠳᠡᠭᠡᠭᠰᠢ ᠪᠠᠶᠢᠵᠤ᠂ ᠳᠤᠮᠳᠠᠴᠢ ᠪᠠᠷ ᠳᠠᠭᠠᠭᠠᠴᠢᠯᠠᠯᠲᠠ ᠳᠤ | ᠣᠷᠣᠭᠰᠠᠳ ᠤᠨ ᠲᠤᠭ᠎ᠠ 10 ᠡᠷᠦᠬᠡ᠂ ᠭᠠᠭᠴᠠ ᠤᠳᠠᠭᠠᠨ ᠤ ᠳᠠᠭᠠᠭᠠᠴᠢᠯᠠᠯᠲᠠ ᠬᠦᠯᠢᠶᠡᠬᠦ ᠵᠠᠷᠤᠳᠠᠯ ᠢ 1500 | ᠲᠥᠭᠦᠷᠢᠭ ᠢᠶᠠᠷ ᠪᠤᠳᠤᠵᠤ᠂ ︽ᠨᠢᠭᠤᠷ ᠵᠣᠯᠭᠠᠬᠤ ᠦᠭᠡᠢ ᠪᠠᠷ ᠳᠠᠭᠠᠭᠠᠴᠢᠯᠠᠯᠲᠠ ᠨᠡᠭᠡᠭᠡᠪᠡᠯ︾ ᠵᠢᠯ ᠳᠤ ᠠᠵᠤ | ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠬᠦ ᠥᠪᠡᠷ ᠤᠨ ᠥᠷᠲᠡᠭ ᠢ 4350 ᠲᠦᠮᠡᠨ ᠲᠥᠭᠦᠷᠢᠭ ᠠᠷᠪᠢᠯᠠᠬᠤ | ᠪᠣᠯᠣᠨ᠎ᠠ᠃ | ᠲᠤᠷᠰᠢᠯᠭ᠎ᠠ ᠬᠤᠷᠠᠮᠳᠤᠭᠤᠯᠬᠤ᠂ ᠰᠢᠰᠲ᠋ᠧᠮ ᠢ ᠰᠢᠯᠢᠳᠡᠭᠵᠢᠭᠦᠯᠬᠦ᠂ ᠬᠠᠲᠠᠭᠤ ᠲᠣᠨᠤᠭ ᠢ ᠳᠡᠭᠡᠭᠰᠢᠯᠡᠭᠦᠯᠬᠦ | ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠲᠠᠷᠠᠭᠠᠴᠢ ᠶᠢᠨ ᠠᠯᠬᠤᠮ ᠳᠤ ᠣᠷᠳᠣᠰ ᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠯᠪᠠᠨ ᠬᠡᠷ ᠬᠤᠲᠠ᠂ | ᠬᠤᠰᠢᠭᠤ ᠲᠣᠭᠤᠷᠢᠭ ᠬᠤᠶᠠᠷ ᠱᠠᠲᠤᠨ ᠤ ᠠᠷᠠᠯᠵᠢᠶᠠᠨ ᠤ ᠲᠥᠪ ᠲᠤ ︽ᠨᠢᠭᠤᠷ ᠵᠣᠯᠭᠠᠬᠤ ᠦᠭᠡᠢ ᠪᠠᠷ | ᠳᠠᠭᠠᠭᠠᠴᠢᠯᠠᠯᠲᠠ ᠨᠡᠭᠡᠭᠡᠬᠦ︾ ᠶᠢ ᠪᠠᠶᠢᠩᠭᠤᠵᠢᠭᠤᠯᠤᠨ ᠡᠮᠬᠢ ᠵᠢᠷᠤᠮ ᠲᠠᠢ ᠳᠥᠯᠭᠢᠨ ᠠᠬᠢᠭᠤᠯᠬᠤ ᠪᠣᠯᠣᠨ᠎ᠠ᠃ | |