ᠣᠶᠢᠷ᠎ᠠ ᠳᠤ᠂ ᠬᠥᠬᠡᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ︽ᠰᠠᠶᠢᠨ ᠮᠠᠭᠤ | ᠦᠨᠡᠯᠡᠯᠲᠡ︾ ᠶᠢᠨ ᠲᠦᠷᠢᠮ ᠢ ᠨᠡᠶᠢᠲᠡᠯᠡᠭᠰᠡᠨ ᠪᠥᠭᠡᠳ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ ᠲᠠᠨ ᠳᠤ | ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠲᠠᠭᠠᠰᠢᠶᠠᠯ ᠲᠠᠢ ᠪᠠᠶᠢᠬᠤ ᠡᠰᠡᠬᠦ ᠳᠤ ︽ᠰᠠᠶᠢᠨ ᠮᠠᠭᠤ ᠦᠨᠡᠯᠡᠯᠲᠡ︾ | ᠥᠭᠬᠦ ᠡᠷᠬᠡ ᠲᠠᠢ ᠪᠣᠯᠭᠠᠵᠠᠢ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ | ᠦᠨᠡᠯᠡᠯᠲᠡ︾ ᠶᠢᠨ ᠲᠦᠷᠢᠮ ᠨᠢ ᠰᠦᠯᠵᠢᠶᠡᠨ ᠠᠴᠠ ᠭᠠᠳᠠᠭᠤᠷᠬᠢ ᠪᠣᠳᠠᠲᠤ ᠴᠣᠭᠴᠠ ᠶᠢᠨ ᠶᠡᠭᠡ ᠲᠠᠩᠬᠢᠮ᠂ | ᠦᠢᠯᠡᠴᠢᠯᠡᠭᠡᠨ ᠤ ᠴᠣᠩᠬᠤᠪᠴᠢ ᠪᠠ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠬᠡᠬᠦ ᠶᠡᠭᠡ ᠲᠠᠩᠬᠢᠮ᠂ | ᠰᠢᠯᠵᠢᠮᠡᠯ ᠦᠵᠦᠭᠦᠷ ᠵᠡᠷᠭᠡ ᠵᠠᠰᠠᠭ ᠤᠨ ᠶᠠᠪᠤᠳᠠᠯ ᠢ ᠭᠦᠢᠴᠡᠳᠬᠡᠬᠦ ᠦᠢᠯᠡᠴᠢᠯᠡᠭᠡ ᠶᠢ ᠨᠡᠶᠢᠳᠡᠮ ᠪᠥᠷᠬᠦᠭᠦᠯᠵᠡᠢ᠃ | ᠪᠦᠬᠦ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠠᠩᠭᠠᠵᠤ ᠪᠠᠶᠢᠭ᠎ᠠ ᠪᠣᠳᠠᠲᠤ ᠴᠣᠭᠴᠠ ᠶᠢᠨ ᠵᠠᠰᠠᠭ ᠤᠨ ᠶᠠᠪᠤᠳᠠᠯ ᠤᠨ ᠲᠠᠩᠬᠢᠮ᠂ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠦᠵᠦᠭᠦᠷ᠂ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠡᠭ᠂ ᠣᠬᠤᠷ ᠮᠡᠳᠡᠭᠡ᠂ ᠦᠢᠯᠡᠴᠢᠯᠡᠭᠡᠨ ᠤ ᠰᠢᠭᠤᠳ | ᠤᠲᠠᠰᠤ ᠵᠡᠷᠭᠡ ᠪᠣᠢ ᠪᠦᠬᠦᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠠᠵᠢᠯᠲᠠᠨ ᠴᠥᠮ ︽ᠰᠠᠶᠢᠨ ᠮᠠᠭᠤ | ᠦᠨᠡᠯᠡᠯᠲᠡ︾ ᠬᠦᠯᠢᠶᠡᠭᠴᠢ ᠪᠣᠯᠤᠨ᠎ᠠ᠃ ᠦᠨᠡᠯᠡᠯᠲᠡ ᠶᠢᠨ ᠦᠷ᠎ᠡ ᠳ᠋ᠦᠩ ᠢ ︽ᠮᠠᠰᠢ ᠲᠠᠭᠠᠰᠢᠶᠠᠬᠤ︾ | ︽ᠲᠠᠭᠠᠰᠢᠶᠠᠬᠤ︾ ︽ᠦᠨᠳᠦᠰᠦᠨ ᠳᠡᠭᠡᠨ ᠲᠠᠭᠠᠰᠢᠶᠠᠬᠤ︾ ︽ᠥᠯᠥ ᠲᠠᠭᠠᠰᠢᠶᠠᠬᠤ︾ ︽ᠮᠠᠰᠢ ᠥᠯᠥ | ᠲᠠᠭᠠᠰᠢᠶᠠᠬᠤ︾ ᠭᠡᠬᠦ 5 ᠲᠠᠰ ᠬᠤᠪᠢᠶᠠᠵᠤ᠂ ᠦᠨᠡᠯᠡᠭᠰᠡᠨ ᠬᠤᠪᠢ ᠪᠠ ᠦᠨᠡᠯᠡᠭᠰᠡᠨ ᠠᠭᠤᠯᠭ᠎ᠠ ᠶᠢ ᠴᠦ | ᠡᠯᠧᠺᠲᠷᠣᠨ ᠬᠤᠳᠠᠯᠳᠤᠭᠠᠨ ᠤ ᠲᠠᠪᠴᠠᠩ ᠳᠡᠭᠡᠷᠡᠬᠢ ᠲᠠᠢ ᠠᠳᠠᠯᠢ ᠪᠠᠷ ᠪᠦᠬᠦᠨ ᠢ ᠢᠯᠡ ᠨᠡᠶᠢᠲᠡᠯᠡᠨ᠎ᠡ︔ ᠠᠵᠤ | ᠠᠬᠤᠶᠢᠯᠠᠯ ᠪᠣᠯᠤᠨ ᠬᠤᠲᠠ ᠶᠢᠨ ᠠᠷᠠᠳ ᠣᠯᠠᠨ ᠤ ᠥᠭᠭᠦᠭᠰᠡᠨ ᠲᠠᠭᠠᠰᠢᠶᠠᠬᠤ ᠥᠬᠡᠶ ᠦᠨᠡᠯᠡᠯᠲᠡ ᠳᠤ ᠡᠯ᠎ᠡ | ᠳᠠᠭᠠᠭᠠᠴᠢᠯᠠᠨ ᠭᠦᠢᠴᠡᠳᠬᠡᠬᠦ ᠨᠢᠭᠡᠴᠢ ᠪᠤᠶᠤ ᠬᠠᠮᠢᠶ᠎ᠠ ᠪᠥᠬᠦᠶ ᠰᠠᠯᠠᠭ᠎ᠠ ᠮᠥᠴᠢᠷ ᠴᠠᠭ ᠲᠤᠬᠠᠶ ᠳᠤ ᠨᠢ ᠬᠠᠷᠢᠭᠤᠯᠲᠠ | ᠥᠭᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠪᠠ ᠬᠠᠷᠢᠭᠤ ᠰᠤᠷᠪᠤᠯᠵᠢᠯᠠᠨ᠎ᠠ᠃ | ︽ᠡᠯᠧᠺᠲᠷᠣᠨ ᠬᠤᠳᠠᠯᠳᠤᠭᠠᠨ ᠤ ᠦᠨᠡᠯᠡᠯᠲᠡ ᠶᠢᠨ ᠲᠣᠭᠲᠠᠴᠠ ᠶᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠦᠷᠢᠶᠡᠨ ᠳᠤ ᠣᠷᠤᠭᠤᠯᠤᠭᠰᠠᠨ ᠨᠢ ᠵᠠᠰᠠᠭ ᠤᠨ ᠣᠷᠳᠣᠨ ᠤ ᠦᠢᠯᠡᠴᠢᠯᠡᠭᠡᠨ ᠤ | ᠣᠨᠣᠯᠵᠢᠬᠤᠨ ᠢᠶᠠᠨ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠴᠤᠪᠤᠷᠠᠯ ᠢᠶᠠᠨ | ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢᠨ ᠨᠢᠭᠡ ᠶᠡᠭᠡ ᠳᠠᠪᠰᠢᠯᠲᠠ ᠪᠣᠯᠤᠨ᠎ᠠ᠃ | ︽ᠰᠠᠶᠢᠨ ᠮᠠᠭᠤ ᠦᠨᠡᠯᠡᠯᠲᠡ︾ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠲᠠᠳ ᠲᠤ ︿ᠳᠠᠷᠤᠯᠲᠠᠲᠤ | ᠰᠡᠳᠬᠢᠯᠭᠡ﹀ ᠣᠯᠭᠤᠵᠤ᠂ ᠡᠭᠦᠨ ᠤ ᠤᠯᠠᠮ ᠢᠶᠠᠷ ᠣᠯᠠᠨ ᠲᠦᠮᠡᠨ ᠤ ᠲᠠᠭᠠᠰᠢᠶᠠᠯ ᠢ ᠨᠡᠩ ᠢᠯᠡᠭᠦᠦ | ᠴᠢᠬᠤᠯᠠᠴᠢᠯᠠᠬᠤ ᠳᠤ ᠠᠰᠢᠭᠲᠠᠶ ᠶᠤᠮ᠂ ᠡᠨᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ︿ᠬᠢᠨᠠᠨ ᠡᠵᠡᠮᠳᠡᠬᠦ | ᠪᠠᠭᠠᠵᠢ﹀ ᠤᠭᠰᠠᠷᠠᠵᠤ᠂ ︿ᠬᠢᠵᠠᠭᠠᠷᠯᠠᠬᠤ ᠲᠠᠷᠨᠢ﹀ ᠵᠡᠭᠦᠯᠭᠡᠨ᠂ ᠣᠯᠠᠨ ᠲᠦᠮᠡᠨ ᠢᠶᠠᠷ ᠬᠢᠨᠠᠯᠲᠠ ᠲᠠᠯᠪᠢᠭᠤᠯᠵᠤ᠂ | ᠦᠢᠯᠡᠴᠢᠯᠡᠭᠦᠯᠦᠭᠰᠡᠳ ᠢᠶᠠᠷ ᠦᠨᠡᠯᠡᠭᠦᠯᠵᠦ᠂ ᠳᠦᠷᠢᠮ ᠤᠨ ᠲᠠᠯ᠎ᠠ ᠪᠠᠷ ᠦᠢᠯᠡᠴᠢᠯᠡᠭᠡᠨ ᠤ ᠶᠠᠰᠤ ᠴᠢᠨᠠᠷ ᠢ ᠬᠠᠮᠢᠶᠠᠷᠤᠨ | ᠡᠵᠡᠮᠳᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ | ᠨᠡᠮᠡᠭᠳᠡᠭᠦᠯᠬᠦ ᠶᠢ ᠭᠡᠳᠡᠷᠭᠦ ᠰᠢᠬᠠᠮᠳᠠᠭᠤᠯᠤᠭᠰᠠᠨ ᠲᠠᠢ ᠠᠳᠠᠯᠢ ᠶᠤᠮ᠃ |