ᠥᠪᠥᠷ ᠰᠡᠷᠭᠡᠶᠢᠯᠡᠬᠦ ᠵᠢᠯᠣᠭᠤᠳᠬᠤ ᠲᠠᠷᠬᠠᠭᠠᠭᠰᠠᠨ ﹇2020﹈ 52 ᠳ᠋ᠤᠭᠠᠷ ᠲᠣᠭᠠᠲᠤ | | ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠭᠤᠴᠠᠭᠠᠨ ᠳᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠠᠵᠢᠯ ᠢ ᠴᠢᠩᠭᠠᠳᠬᠠᠬᠤ ᠲᠤᠬᠠᠶ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ ᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠤᠯᠠᠮᠵᠢᠯᠠᠨ ᠶᠠᠪᠤᠭᠤᠯᠬᠤ ᠤᠴᠢᠷ | | | ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ | ᠪᠦᠷᠢᠯᠳᠦᠭᠦᠨ ᠨᠢᠭᠡᠴᠢ ᠳᠤ᠄ | ︽ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠭᠤᠴᠠᠭᠠᠨ ᠳᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠠᠵᠢᠯ ᠢ ᠴᠢᠩᠭᠠᠳᠬᠠᠬᠤ ᠲᠤᠬᠠᠶ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ︵ᠤᠯᠤᠰ ᠡᠷᠡᠭᠦᠯ ᠠᠯᠪᠠᠨ | ᠲᠤᠰᠢᠶᠠᠯ ᠮᠡᠨᠳᠦ ᠵᠠᠬᠢᠳᠠᠯ ﹇2020﹈ 201 ᠳ᠋ᠦ᠋ᠭᠡᠷ ᠲᠣᠭᠠᠲᠤ︶ ᠢ ᠡᠳᠦᠭᠡ ᠲᠠᠨᠠᠷ ᠲᠤ ᠤᠯᠠᠮᠵᠢᠯᠠᠨ | ᠶᠠᠪᠤᠭᠤᠯᠬᠤ ᠶᠢᠨ ᠬᠠᠮᠲᠤ ᠳᠣᠤᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠪᠣᠯᠪᠠᠤ᠃ | ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠳ ᠬᠠᠷᠢᠶ᠎ᠠ ᠭᠠᠵᠠᠷ ᠤᠨ ᠢᠶᠠᠨ ᠡᠯ᠎ᠡ ᠲᠥᠷᠥᠯ ᠤᠨ ᠠᠵᠤ ᠠᠬᠤᠶᠢᠯᠠᠯ ᠪᠦᠬᠦᠨ ᠳᠤ ᠨᠢᠭᠡ | ᠭᠠᠷᠠᠭ ︵ᠠᠵᠤ ᠠᠬᠤᠶᠢᠯᠠᠯ ᠣᠯᠠᠨ ᠠᠶᠢᠮᠠᠭ ᠬᠤᠲᠠ ᠨᠢ 2 ᠠᠴᠠ 3 ᠡᠳᠦᠷ ᠤᠷᠲᠤᠳᠬᠠᠵᠤ ᠪᠣᠯᠤᠨ᠎ᠠ︶ ᠤᠨ | ᠪᠠᠶᠢᠴᠠᠭᠠᠯᠲᠠ ᠬᠢᠵᠦ᠂ ᠠᠵᠢᠯᠯᠠᠭᠠᠨ ᠤ ᠵᠢᠯᠣᠭᠤᠳᠤᠮᠵᠢ ᠪᠠ ᠮᠡᠷᠭᠡᠵᠢᠯ ᠤᠨ ᠲᠥᠰᠦᠯ ᠢ ᠬᠡᠷᠡᠭᠵᠢᠭᠦᠯᠦᠭᠰᠡᠨ ᠪᠠᠶᠢᠳᠠᠯ᠂ | ︽ᠵᠢᠷᠭᠤᠭ᠎ᠠ ᠶᠢ ᠪᠣᠳᠠᠲᠠᠶᠢᠵᠢᠭᠤᠯᠬᠤ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠤᠮᠳᠠ ᠵᠢᠵᠢᠭ ᠪᠢᠴᠢᠯ ᠠᠵᠤ | ᠠᠬᠤᠶᠢᠯᠠᠯ ᠢ ᠵᠢᠯᠣᠭᠤᠳᠤᠨ ᠬᠠᠪᠰᠤᠷᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠪᠠᠶᠢᠴᠠᠭᠠᠭᠰᠠᠨ | ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃ | 2020 ᠣᠨ ᠤ 3 ᠳ᠋ᠤᠭᠠᠷ ᠰᠠᠷ᠎ᠠ ᠶᠢᠨ 9 ᠤ ᠡᠳᠦᠷ |