ᠬᠢᠩᠭᠠᠨ ᠠᠶᠢᠮᠠᠭ ᠤᠨ ᠡᠳ᠋ ᠤᠨ ᠵᠠᠰᠠᠭ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠷᠤᠳᠠᠯ 330 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2020/3/13
     ᠣᠳᠣᠬᠠᠨ ᠳᠤ᠂ ᠬᠢᠩᠭᠠᠨ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠤ ᠪᠠᠶᠢᠵᠤ᠂ ︽ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠷᠤᠳᠠᠯ ᠢ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠡᠷᠡᠭᠦᠯ ᠮᠡᠨᠳᠦ ᠶᠢᠨ ᠵᠥᠪᠯᠡᠯ ᠤᠨ ᠮᠡᠳᠡᠭᠳᠡᠯ︾᠎ ᠢ ᠦᠨᠳᠦᠰᠦᠯᠡᠨ᠂ ᠣᠶᠢᠷ᠎ᠠ ᠳᠤ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ 2020 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠷᠤᠳᠠᠯ 330 ᠲᠦᠮᠡᠨ ᠲᠥᠭᠦᠷᠢᠭ ᠪᠠᠭᠤᠯᠭᠠᠪᠠ᠃      ᠲᠤᠰ ᠤᠳᠠᠭ᠎ᠠ ᠶᠢᠨ ᠪᠠᠭᠤᠯᠭᠠᠭᠰᠠᠨ ᠨᠥᠬᠦᠪᠥᠷᠢ ᠪᠡᠯᠡ ᠮᠥᠩᠭᠦ ᠶᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠦᠨᠳᠦ ᠡᠪᠡᠳᠴᠢᠨ ᠲᠠᠢ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠬᠤ ᠡᠮᠨᠡᠯᠭᠡ ᠶᠢᠨ ᠬᠤᠷᠢᠶᠠᠨ ᠳᠤ ᠴᠡᠪᠡᠷ ᠠᠮᠢᠰᠬᠤᠯ ᠤᠨ ᠮᠠᠰᠢᠨ ᠤᠭᠰᠠᠷᠠᠬᠤ᠂ ᠪᠦᠬᠦ ᠣᠷᠣᠨ ᠤ ᠬᠠᠯᠠᠭᠤᠷᠠᠯ ᠢ ᠬᠡᠮᠵᠢᠬᠦ ᠡᠭᠦᠳᠡᠨ ᠡᠮᠨᠡᠯᠭᠡ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠠᠯᠤᠰ ᠬᠡᠳᠦ ᠤᠯᠠᠭᠠᠨ ᠰᠠᠴᠤᠷᠠᠭ ᠤᠨ ᠳᠤᠯᠠᠭᠠᠨ ᠬᠡᠮᠵᠢᠭᠦᠷ ᠤᠭᠰᠠᠷᠠᠬᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠮᠴᠢᠯᠡᠭᠡᠨ ᠤ ᠪᠠᠶᠢᠭᠤᠯᠤᠮᠵᠢ ᠳᠤ ECMO ᠤᠭᠰᠠᠷᠠᠬᠤ᠂ ᠰᠥᠭᠡᠷᠭᠦ ᠳᠠᠷᠤᠯᠲᠠᠲᠤ ᠡᠪᠡᠳᠴᠢᠲᠡᠨ ᠤ ᠥᠷᠥᠭᠡ ᠶᠢ ᠥᠭᠡᠷᠡᠴᠢᠯᠡᠬᠦ ᠪᠠ ᠰᠥᠭᠡᠷᠭᠦ ᠳᠠᠷᠤᠯᠲᠠᠲᠤ ᠲᠦᠷᠭᠡᠨ ᠠᠪᠤᠷᠠᠬᠤ ᠲᠡᠷᠭᠡ ᠬᠤᠳᠠᠯᠳᠤᠨ ᠠᠪᠬᠤ ᠵᠡᠷᠭᠡ ᠳᠤ ᠬᠡᠷᠡᠭᠯᠡᠨ᠎ᠡ᠃ ᠪᠥᠬᠦ ᠣᠷᠣᠨ ᠤ ᠰᠢᠯᠵᠢᠮᠡᠯ ᠬᠠᠮᠲᠤᠷᠠᠨ ᠣᠨᠣᠰᠢᠯᠠᠬᠤ ᠪᠠ ᠡᠪᠡᠳᠴᠢᠲᠡᠨ ᠤ ᠥᠷᠥᠭᠡ ᠶᠢᠨ ᠮᠡᠳᠡᠭᠡ ᠵᠠᠩᠭᠢ ᠶᠢ ᠪᠠᠶᠢᠴᠠᠭᠠᠬᠤ ᠰᠢᠰᠲ᠋ᠧᠮ ᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠨᠢᠭᠡᠳᠦᠯᠲᠡᠢ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号