ᠲᠥᠪ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠱᠠᠲᠤᠨ | ᠳᠤ᠂ ᠠᠶᠢᠮᠠᠭ ᠤᠨ ᠬᠥᠳᠡᠯᠮᠦᠷᠢ ᠠᠵᠢᠯ ᠣᠯᠭᠤᠬᠤ ᠲᠣᠪᠴᠢᠶ᠎ᠠ ᠣᠯᠠᠨ ᠵᠦᠶᠯ ᠤᠨ ᠢᠳᠡᠪᠬᠢᠲᠡᠶ ᠪᠦᠭᠡᠳ | ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠤᠤᠯᠳᠠᠯᠭ᠎ᠠ ᠲᠠᠢ ᠠᠵᠤ ᠠᠬᠤᠶᠢᠯᠠᠯ ᠪᠣᠯᠤᠨ ᠪᠤᠰᠤᠳ | ᠬᠦᠷᠢᠶᠡᠨ ᠤ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠪᠡ᠃ | ᠨᠢᠭᠡ ᠳᠤ ᠰᠢᠯᠢ ᠶᠢᠨ ᠭᠤᠤᠯ ᠠᠶᠢᠮᠠᠭ ᠤᠨ ᠣᠯᠠᠨ ᠨᠡᠶᠢᠲᠡ ᠶᠢᠨ ᠠᠵᠢᠯ ᠣᠯᠭᠤᠬᠤ ᠠᠳᠠᠯ ᠦᠶᠯᠡᠰ | ᠴᠣᠭᠴᠠᠯᠠᠬᠤ ᠦᠢᠯᠡᠴᠢᠯᠡᠭᠡᠨ ᠤ ᠫᠣᠷᠲ᠋ᠧᠯ ᠰᠦᠯᠵᠢᠶᠡᠨ ᠳᠡᠭᠡᠷ᠎ᠡ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ | ᠰᠡᠷᠭᠦᠭᠡᠬᠦ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠᠴᠢᠮ ᠬᠡᠷᠡᠭᠴᠡᠭᠡ ᠱᠠᠭᠠᠷᠳᠠᠯᠭ᠎ᠠ ᠶᠢᠨ ᠲᠠᠪᠴᠠᠩ ᠨᠡᠭᠡᠭᠡᠵᠦ᠂ | ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠨᠡᠶᠢᠲᠡᠯᠡᠬᠦ ᠶᠢᠨ ᠬᠠᠮᠲᠤ ᠰᠢᠯᠢ ᠶᠢᠨ ᠭᠤᠤᠯ | ᠠᠶᠢᠮᠠᠭ ᠤᠨ ᠬᠥᠳᠡᠯᠮᠦᠷᠢ ᠠᠵᠢᠯ ᠣᠯᠭᠤᠬᠤ ᠦᠶᠯᠡᠴᠢᠯᠡᠭᠡᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ | ᠳᠡᠭᠡᠷ᠎ᠡ ᠵᠡᠷᠭᠡᠪᠡᠷ ᠰᠢᠨᠡᠳᠬᠡᠵᠦ᠂ ᠲᠠᠪᠴᠠᠩ ᠤᠨ ᠠᠭᠤᠯᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠴᠢᠳᠠᠪᠤᠷᠢᠲᠠᠨ ᠤ ᠰᠦᠯᠵᠢᠶ᠎ᠡ᠂ ᠰᠢᠯᠢ ᠶᠢᠨ ᠭᠤᠤᠯ ᠤᠨ ᠰᠣᠨᠢᠨ ᠮᠡᠳᠡᠭᠡᠨ ᠤ ᠣᠯᠠᠨ ᠨᠡᠶᠢᠲᠡ ᠶᠢᠨ ᠲᠠᠪᠴᠠᠩ | ᠵᠡᠷᠭᠡ ᠣᠯᠠᠨ ᠨᠥᠯᠥᠭᠡᠯᠡᠬᠦ ᠬᠦᠴᠦᠨ ᠲᠠᠢ ᠵᠠᠭᠤᠴᠢᠯᠠᠭᠤᠷ ᠢᠶᠠᠷ ᠳᠠᠮᠵᠢᠭᠤᠯᠤᠨ ᠰᠢᠯᠵᠢᠭᠦᠯᠦᠨ ᠤᠯᠠᠮᠵᠢᠯᠠᠵᠠᠢ᠃ | ᠬᠤᠶᠠᠷ ᠲᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠪᠠᠨ ᠤᠤᠯ ᠤᠨ ᠠᠵᠢᠯ ᠡᠷᠢᠬᠦ ᠳᠠᠩᠰᠠᠯᠠᠯ ᠬᠢᠵᠦ | ᠥᠩᠭᠡᠷᠡᠭᠰᠡᠨ ᠬᠥᠮᠦᠰ ᠵᠢᠴᠢ ᠦᠨᠡᠨ ᠨᠡᠷ᠎ᠡ ᠶᠢᠨ ᠳᠦᠷᠢᠮᠲᠦ ᠬᠤᠪᠢᠶᠠᠷᠢ ᠰᠢᠰᠲ᠋ᠧᠮ ᠳᠤ ᠳᠠᠩᠰᠠᠯᠠᠭᠤᠯᠤᠭᠰᠠᠨ ᠠᠵᠢᠯ | ᠠᠯᠳᠠᠭᠰᠠᠳ ᠲᠤ ᠲᠤᠶᠢᠯ ᠤᠨ ᠣᠨᠣᠪᠴᠢᠲᠠᠢ ᠪᠠᠷ ᠳᠠᠮᠵᠢᠭᠤᠯᠵᠠᠢ᠃ | ᠭᠤᠷᠪᠠ ᠳᠤ ᠠᠵᠢᠯ ᠢᠶᠠᠨ ᠰᠡᠷᠭᠦᠭᠡᠬᠦ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ | ᠶᠢᠨ ᠰᠣᠯᠢᠯᠴᠠᠭ᠎ᠠ ᠬᠢᠬᠦ ᠸᠢᠴᠠᠲ ᠤᠨ ᠴᠤᠭᠯᠠᠷᠠᠯ ᠢ ᠪᠠᠶᠢᠭᠤᠯᠵᠤ᠂ ᠠᠵᠤ ᠠᠬᠤᠶᠢᠯᠠᠯ ᠯᠤᠭ᠎ᠠ ᠶᠢᠨ ᠡᠳᠦᠷ ᠲᠤᠲᠤᠮ | ᠤᠨ ᠰᠣᠯᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠂ ᠠᠵᠢᠯ ᠣᠯᠭᠤᠬᠤ ᠦᠶᠯᠡᠰ ᠴᠣᠭᠴᠠᠯᠠᠬᠤ ᠲᠥᠷᠥ ᠶᠢᠨ | ᠪᠣᠳᠣᠯᠭ᠎ᠠ ᠶᠢ ᠢᠳᠡᠪᠬᠢᠲᠡᠢ ᠪᠠᠷ ᠤᠬᠠᠭᠤᠯᠵᠤ᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ | ᠳᠤᠨᠢ ᠴᠤᠭᠯᠠᠭᠤᠯᠵᠠᠢ᠂ ᠣᠳᠣᠬᠠᠨ ᠳᠤ ᠨᠢᠭᠡᠨᠲᠡ ᠬᠤᠷᠢ ᠭᠠᠷᠤᠶ ᠠᠵᠤ ᠠᠬᠤᠶᠢᠯᠠᠯ ᠴᠤᠭᠯᠠᠷᠠᠯ ᠳᠤ ᠣᠷᠣᠵᠤ | ᠣᠷᠣᠯᠴᠠᠨ᠂ ᠴᠤᠭᠯᠠᠷᠠᠯ ᠲᠤᠲᠤᠷᠠᠬᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ | ᠴᠥᠮ ᠲᠠᠪᠴᠠᠩ ᠳᠤ ᠲᠡᠮᠳᠡᠭᠯᠡᠨ ᠣᠷᠣᠭᠤᠯᠵᠠᠶ᠃ | ᠳᠥᠷᠪᠡ ᠳᠤ ᠤᠬᠠᠭᠤᠯᠭ᠎ᠠ ᠶᠢᠨ ᠦᠶᠯᠡᠳᠦᠯ ᠢ ᠤᠯᠠᠮ ᠨᠢᠭᠡ ᠠᠯᠬᠤᠮ ᠥᠷᠭᠡᠳᠬᠡᠬᠦ ᠶᠢᠨ ᠲᠤᠰᠠᠳᠠ᠂ | ᠲᠣᠪᠴᠢᠶ᠎ᠠ ᠶᠢᠨ ᠪᠦᠬᠦ ᠺᠠᠳ᠋ᠷ ᠠᠵᠢᠯᠲᠠᠨ ᠠᠵᠢᠯᠴᠢᠨ ᠡᠳᠦᠷ ᠪᠦᠷᠢ ᠶᠢᠨ ᠠᠵᠢᠯ ᠤᠨ ᠪᠠᠶᠢᠷᠢ ᠶᠢᠨ ᠠᠵᠢᠯᠴᠢᠨ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠸᠢᠴᠠᠲ ᠨᠠᠶᠢᠵᠠ ᠶᠢᠨ ᠲᠣᠭᠤᠷᠢᠭ ᠲᠤ ᠤᠯᠠᠮᠵᠢᠯᠠᠨ | ᠶᠠᠪᠤᠭᠤᠯᠬᠤ ᠶᠢᠨ ᠬᠠᠮᠲᠤ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ᠂ ᠠᠳᠠᠯ | ᠦᠶᠯᠡᠰ ᠴᠣᠭᠴᠠᠯᠠᠬᠤ ᠪᠣᠯᠪᠠᠰᠤᠷᠠᠭᠤᠯᠤᠯ ᠤᠨ ᠰᠤᠷᠤᠯᠭᠠᠲᠠᠨ᠂ ᠨᠡᠶᠢᠭᠡᠮ ᠲᠣᠭᠤᠷᠢᠭ ᠤᠨ ᠥᠮᠴᠢᠲᠡᠨ ᠳᠤ | ᠤᠬᠠᠭᠤᠯᠭ᠎ᠠ ᠬᠢᠵᠠᠢ᠃ | ᠲᠠᠪᠤ ᠳᠤ ᠠᠵᠢᠯᠲᠠᠨ ᠡᠯᠰᠡᠬᠦ ᠠᠵᠤ ᠠᠬᠤᠶᠢᠯᠠᠯ ᠪᠣᠯᠤᠨ ᠠᠵᠢᠯ ᠡᠷᠢᠭᠴᠢ ᠶᠢᠨ ᠰᠦᠯᠵᠢᠶᠡᠨ ᠤ ᠲᠠᠪᠴᠠᠩ ᠤᠨ | ᠦᠭᠡ ᠦᠯᠡᠳᠡᠭᠡᠬᠦ ᠠᠭᠤᠯᠭ᠎ᠠ ᠳᠤ ᠴᠢᠭᠯᠡᠭᠦᠯᠦᠨ ᠬᠠᠷᠢᠭᠤ ᠰᠤᠷᠪᠤᠯᠵᠢᠯᠠᠭ᠎ᠠ ᠬᠢᠪᠡ᠂ ᠥᠨᠥ ᠪᠣᠯᠬᠤ ᠳᠤ᠂ ᠨᠡᠶᠢᠲᠡ | 40 ᠬᠥᠮᠥᠨ ᠤᠳᠠᠭ᠎ᠠ ᠬᠠᠷᠢᠭᠤ ᠰᠤᠷᠪᠤᠯᠵᠢᠯᠠᠵᠤ᠂ ᠠᠵᠢᠯ ᠣᠯᠭᠤᠬᠤ ᠠᠳᠠᠯ ᠦᠶᠯᠡᠰ ᠴᠣᠭᠴᠠᠯᠠᠬᠤ ᠲᠥᠷᠥ ᠶᠢᠨ | ᠪᠣᠳᠣᠯᠭ᠎ᠠ ᠶᠢ ᠤᠬᠠᠭᠤᠯᠤᠨ᠂ ᠠᠵᠢᠯ ᠡᠷᠢᠵᠦ ᠠᠵᠢᠯᠲᠠᠨ ᠡᠯᠰᠡᠬᠦ ᠮᠡᠳᠡᠭᠡ ᠵᠠᠩᠭᠢ ᠶᠢ ᠵᠣᠯᠭᠠᠭᠤᠯᠬᠤ ᠶᠢᠨ ᠬᠠᠮᠲᠤ | ᠮᠥᠷᠳᠡᠨ ᠦᠶᠯᠡᠴᠢᠯᠡᠬᠦ ᠲᠡᠮᠳᠡᠭᠯᠡᠯ ᠤᠨ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠪᠡ᠃ |