ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠠᠯᠳᠠᠪᠤᠷᠢᠯᠠᠨ ᠳᠡᠯᠭᠡᠷᠡᠬᠦ ᠶᠢ | ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ | ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠣᠯᠤᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠤᠯᠪᠤᠭᠠᠯᠠᠨ ᠬᠤᠷᠢᠭᠯᠠᠬᠤ ᠲᠥᠷᠥ ᠶᠢᠨ | ᠶᠠᠪᠤᠳᠠᠯ ᠤᠨ ᠬᠤᠷᠢᠶᠠᠨ ᠤ ᠠᠵᠢᠯ ᠤᠨ ᠲᠣᠭᠲᠠᠴᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ | ᠡᠳᠦᠭᠡ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠮᠠᠨ ᠤ ᠣᠷᠣᠨ ᠳᠤ ᠣᠷᠣᠵᠤ ᠢᠷᠡᠬᠦ ᠶᠢ ᠰᠡᠷᠭᠡᠶᠢᠯᠡᠬᠦ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠳᠣᠤᠷᠠᠬᠢ ᠮᠡᠲᠦ | ᠵᠠᠷᠯᠠᠪᠠ᠃ | ᠨᠢᠭᠡ᠂ ᠬᠢᠯᠢ ᠶᠢᠨ ᠭᠠᠳᠠᠨ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠷᠡᠭᠰᠡᠨ ᠪᠣᠶ | ᠪᠥᠬᠦᠶ ᠬᠥᠮᠦᠰ ︵ᠬᠠᠷᠢ ᠨᠤᠲᠤᠭ ᠲᠠᠢ ᠬᠥᠮᠦᠰ ᠪᠠ ᠤᠯᠤᠰ ᠲᠤ ᠪᠠᠨ ᠪᠤᠴᠠᠵᠤ ᠢᠷᠡᠭᠰᠡᠨ ᠳᠤᠮᠳᠠᠳᠤ ᠤᠯᠤᠰ ᠤᠨ | ᠠᠷᠠᠳ ᠢᠷᠭᠡᠨ᠂ ᠰᠢᠶᠠᠩᠭᠠᠩ ᠣᠣᠮᠧᠨ ᠲᠠᠶᠢᠸᠠᠨ ᠤ ᠬᠥᠮᠦᠰ ᠪᠠᠭᠲᠠᠨ᠎ᠠ︶ ᠡᠷᠬᠡᠪᠰᠢ ᠲᠣᠬᠠᠢ ᠭᠠᠵᠠᠷ ᠤᠨ ᠢᠶᠠᠨ | ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠨᠢᠭᠡᠴᠢ ᠳᠤ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ᠂ | ᠬᠠᠷᠢᠯᠴᠠᠬᠤ ᠤᠲᠠᠰᠤ᠂ ᠬᠠᠷᠢᠶ᠎ᠠ ᠤᠯᠤᠰ᠂ ᠪᠤᠴᠠᠬᠤ ᠡᠳᠦᠷ ᠬᠤᠭᠤᠴᠠᠭ᠎ᠠ᠂ ᠰᠠᠭᠤᠬᠤ ᠵᠠᠮ ᠬᠠᠷᠢᠯᠴᠠᠭᠠᠨ ᠤ | ᠪᠠᠭᠠᠵᠢ᠂ 14 ᠡᠳᠦᠷ ᠤᠨ ᠳᠣᠲᠣᠷᠠᠬᠢ ᠠᠶᠠᠯᠠᠯ᠂ ᠡᠷᠡᠭᠦᠯ ᠮᠡᠨᠳᠦ ᠶᠢᠨ ᠪᠠᠶᠢᠳᠠᠯ᠂ ᠬᠢᠯᠢ ᠳᠤ ᠣᠷᠣᠵᠤ ᠢᠷᠡᠭᠰᠡᠨ | ᠵᠣᠷᠢᠯᠭ᠎ᠠ ᠵᠡᠷᠭᠡ ᠮᠡᠳᠡᠭᠡ ᠵᠠᠩᠭᠢ ᠪᠠᠨ ᠤᠷᠢᠳᠴᠢᠯᠠᠨ᠂ ᠰᠠᠨᠠᠭᠠᠴᠢᠯᠠᠭ᠎ᠠ ᠠᠴᠠ ᠪᠠᠨ ᠦᠨᠡᠨ ᠮᠥᠨ ᠢᠶᠠᠷ ᠨᠢ | ᠮᠡᠳᠡᠭᠦᠯᠵᠦ᠂ ᠬᠢᠯᠢ ᠳᠤ ᠣᠷᠣᠬᠤ ᠦᠶ᠎ᠡ ᠳᠤ ︽ᠮᠡᠳᠡᠭᠡ ᠵᠠᠩᠭᠢ ᠶᠢᠨ ᠳᠡᠩᠰᠡᠯᠡᠯᠲᠡ ᠶᠢᠨ ᠺᠠᠷᠲ︾ ᠢ ᠲᠣᠭᠲᠠᠭᠠᠯ | ᠶᠣᠰᠣᠭᠠᠷ ᠦᠨᠡᠨ ᠮᠥᠨ ᠢᠶᠠᠷ ᠨᠢ ᠲᠠᠭᠯᠠᠨ ᠪᠢᠴᠢᠬᠦ ᠬᠡᠷᠡᠭᠲᠡᠶ᠃ | ᠬᠤᠶᠠᠷ᠂ ᠬᠢᠯᠢ ᠶᠢᠨ ᠭᠠᠳᠠᠨ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠷᠡᠭᠰᠡᠨ | ᠪᠣᠶ ᠪᠥᠬᠦᠶ ᠬᠥᠮᠦᠰ ᠬᠦᠷᠴᠦ ᠢᠷᠡᠭᠰᠡᠨ ᠤ ᠳᠠᠷᠠᠭ᠎ᠠ᠂ ᠠᠨᠠᠭᠠᠬᠤ ᠤᠬᠠᠭᠠᠨ ᠤ ᠠᠵᠢᠭᠯᠠᠯᠲᠠ ᠬᠢᠬᠦ ᠪᠠᠷ 14 ᠡᠳᠦᠷ | ᠲᠥᠪᠯᠡᠷᠡᠭᠦᠯᠦᠨ ᠲᠤᠰᠠᠭᠠᠷᠯᠠᠬᠤ ᠶᠢ ᠬᠦᠯᠢᠶᠡᠬᠦ ᠬᠡᠷᠡᠭᠲᠡᠶ᠃ | ᠭᠤᠷᠪᠠ᠂ 14 ᠡᠳᠦᠷ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠷᠡᠭᠰᠡᠨ | ᠬᠥᠮᠦᠰ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠡᠳᠦᠶ ᠪᠣᠯ ᠰᠠᠭᠤᠭ᠎ᠠ ᠭᠠᠵᠠᠷ ᠤᠨ | ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠳᠠᠷᠤᠶ ᠲᠦᠷᠭᠡᠨ ᠮᠡᠳᠡᠭᠦᠯᠵᠦ᠂ ᠬᠠᠷᠢᠶ᠎ᠠ ᠭᠠᠵᠠᠷ ᠠᠴᠠ | ᠨᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ | ᠬᠡᠷᠡᠭᠲᠡᠢ᠃ ᠡᠯ᠎ᠡ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠤᠨ | ᠥᠷᠭᠡᠨ ᠣᠯᠠᠨ ᠲᠦᠮᠡᠨ ᠬᠢᠯᠢ ᠪᠠᠷ ᠣᠷᠣᠵᠤ ᠢᠷᠡᠭᠰᠡᠨ ᠬᠥᠮᠦᠰ ᠬᠢᠯᠢ ᠶᠢᠨ ᠭᠠᠳᠠᠨ᠎ᠠ ᠵᠣᠷᠴᠢᠭᠰᠠᠨ ᠲᠡᠦᠬᠡ ᠪᠠᠨ | ᠨᠢᠭᠤᠨ ᠳᠠᠯᠳᠠᠯᠠᠭᠰᠠᠨ ᠪᠤᠶᠤ ᠲᠤᠰᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠬᠤ ᠶᠢ ᠣᠯᠵᠤ ᠮᠡᠳᠡᠪᠡᠯ᠂ | ᠲᠣᠬᠠᠢ ᠶᠢᠨ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ ︶ ᠲᠤ ᠪᠤᠶᠤ 110 ᠳᠤ ᠤᠲᠠᠰᠤᠳᠠᠨ | ᠮᠡᠳᠡᠭᠦᠯᠵᠦ ᠪᠣᠯᠤᠨ᠎ᠠ᠃ | ᠳᠥᠷᠪᠡ᠂ ᠬᠢᠯᠢ ᠶᠢᠨ ᠭᠠᠳᠠᠨ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠷᠡᠭᠰᠡᠨ | ᠪᠤᠶ ᠪᠦᠬᠦᠢ ᠬᠥᠮᠦᠰ ᠤᠨ ᠮᠠᠨ ᠤ ᠣᠷᠣᠨ ᠳᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ | ᠠᠵᠢᠭᠯᠠᠯᠲᠠ ᠶᠢᠨ ᠬᠤᠭᠤᠴᠠᠭᠠᠨ ᠳᠠᠬᠢ ᠵᠠᠷᠤᠳᠠᠯ ᠢ ᠵᠠᠷᠴᠢᠮ ᠳᠡᠭᠡᠷ᠎ᠡ ᠪᠠᠨ ᠲᠤᠰ ᠬᠥᠮᠦᠨ ᠨᠢ ᠥᠪᠡᠰᠦᠪᠡᠨ | ᠬᠠᠷᠢᠭᠤᠴᠠᠨ᠎ᠠ᠃ | ᠲᠠᠪᠤ᠂ ᠬᠢᠯᠢ ᠳᠤ ᠣᠷᠣᠵᠤ ᠢᠷᠡᠭᠰᠡᠨ ᠬᠥᠮᠦᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠪᠠᠶᠢᠬᠤ ᠬᠤᠭᠤᠴᠠᠭᠠᠨ ᠳᠤ᠂ ᠬᠠᠷᠢᠶᠠᠲᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠠᠮᠢᠶ᠎ᠠ | ᠪᠥᠬᠦᠶ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠷᠭ᠎ᠠ | ᠬᠡᠮᠵᠢᠶ᠎ᠡ ᠠᠪᠬᠤ ᠶᠢ ᠲᠡᠪᠴᠢᠪᠡᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠭᠤᠭ᠎ᠠ᠂ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ | | | 2020 ᠣᠨ ᠤ 3 ᠳ᠋ᠤᠭᠠᠷ ᠰᠠᠷ᠎ᠠ ᠶᠢᠨ 15 ᠤ ᠡᠳᠦᠷ | |