ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠮᠠᠨ ᠤ ᠣᠷᠣᠨ ᠳᠤ ᠣᠷᠣᠵᠤ ᠢᠷᠡᠬᠦ ᠶᠢ ᠰᠡᠷᠭᠡᠶᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠵᠠᠷ
ᠨᠡᠶᠢᠲᠡᠯᠡᠭᠰᠡᠨ ᠴᠠᠭ᠄
2020/3/16

     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠬᠠᠯᠳᠠᠪᠤᠷᠢᠯᠠᠨ ᠳᠡᠯᠭᠡᠷᠡᠬᠦ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠤᠯᠪᠤᠭᠠᠯᠠᠨ ᠬᠤᠷᠢᠭᠯᠠᠬᠤ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠲᠣᠭᠲᠠᠴᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠮᠠᠨ ᠤ ᠣᠷᠣᠨ ᠳᠤ ᠣᠷᠣᠵᠤ ᠢᠷᠡᠬᠦ ᠶᠢ ᠰᠡᠷᠭᠡᠶᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠳᠣᠤᠷᠠᠬᠢ ᠮᠡᠲᠦ ᠵᠠᠷᠯᠠᠪᠠ᠃
     ᠨᠢᠭᠡ᠂ ᠬᠢᠯᠢ ᠶᠢᠨ ᠭᠠᠳᠠᠨ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠷᠡᠭᠰᠡᠨ ᠪᠣᠶ ᠪᠥᠬᠦᠶ ᠬᠥᠮᠦᠰ ︵ᠬᠠᠷᠢ ᠨᠤᠲᠤᠭ ᠲᠠᠢ ᠬᠥᠮᠦᠰ ᠪᠠ ᠤᠯᠤᠰ ᠲᠤ ᠪᠠᠨ ᠪᠤᠴᠠᠵᠤ ᠢᠷᠡᠭᠰᠡᠨ ᠳᠤᠮᠳᠠᠳᠤ ᠤᠯᠤᠰ ᠤᠨ ᠠᠷᠠᠳ ᠢᠷᠭᠡᠨ᠂ ᠰᠢᠶᠠᠩᠭᠠᠩ ᠣᠣᠮᠧᠨ ᠲᠠᠶᠢᠸᠠᠨ ᠤ ᠬᠥᠮᠦᠰ ᠪᠠᠭᠲᠠᠨ᠎ᠠ︶ ᠡᠷᠬᠡᠪᠰᠢ ᠲᠣᠬᠠᠢ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠪᠤᠶᠤ ᠨᠢᠭᠡᠴᠢ ᠳᠤ ᠪᠡᠶ᠎ᠡ ᠶᠢᠨ ᠬᠢᠷᠢ ᠬᠡᠮ ᠤᠨ ᠮᠡᠳᠡᠭᠡ ᠵᠠᠩᠭᠢ᠂ ᠬᠠᠷᠢᠯᠴᠠᠬᠤ ᠤᠲᠠᠰᠤ᠂ ᠬᠠᠷᠢᠶ᠎ᠠ ᠤᠯᠤᠰ᠂ ᠪᠤᠴᠠᠬᠤ ᠡᠳᠦᠷ ᠬᠤᠭᠤᠴᠠᠭ᠎ᠠ᠂ ᠰᠠᠭᠤᠬᠤ ᠵᠠᠮ ᠬᠠᠷᠢᠯᠴᠠᠭᠠᠨ ᠤ ᠪᠠᠭᠠᠵᠢ᠂ 14 ᠡᠳᠦᠷ ᠤᠨ ᠳᠣᠲᠣᠷᠠᠬᠢ ᠠᠶᠠᠯᠠᠯ᠂ ᠡᠷᠡᠭᠦᠯ ᠮᠡᠨᠳᠦ ᠶᠢᠨ ᠪᠠᠶᠢᠳᠠᠯ᠂ ᠬᠢᠯᠢ ᠳᠤ ᠣᠷᠣᠵᠤ ᠢᠷᠡᠭᠰᠡᠨ ᠵᠣᠷᠢᠯᠭ᠎ᠠ ᠵᠡᠷᠭᠡ ᠮᠡᠳᠡᠭᠡ ᠵᠠᠩᠭᠢ ᠪᠠᠨ ᠤᠷᠢᠳᠴᠢᠯᠠᠨ᠂ ᠰᠠᠨᠠᠭᠠᠴᠢᠯᠠᠭ᠎ᠠ ᠠᠴᠠ ᠪᠠᠨ ᠦᠨᠡᠨ ᠮᠥᠨ ᠢᠶᠠᠷ ᠨᠢ ᠮᠡᠳᠡᠭᠦᠯᠵᠦ᠂ ᠬᠢᠯᠢ ᠳᠤ ᠣᠷᠣᠬᠤ ᠦᠶ᠎ᠡ ᠳᠤ ︽ᠮᠡᠳᠡᠭᠡ ᠵᠠᠩᠭᠢ ᠶᠢᠨ ᠳᠡᠩᠰᠡᠯᠡᠯᠲᠡ ᠶᠢᠨ ᠺᠠᠷᠲ︾ ᠢ ᠲᠣᠭᠲᠠᠭᠠᠯ ᠶᠣᠰᠣᠭᠠᠷ ᠦᠨᠡᠨ ᠮᠥᠨ ᠢᠶᠠᠷ ᠨᠢ ᠲᠠᠭᠯᠠᠨ ᠪᠢᠴᠢᠬᠦ ᠬᠡᠷᠡᠭᠲᠡᠶ᠃
     ᠬᠤᠶᠠᠷ᠂ ᠬᠢᠯᠢ ᠶᠢᠨ ᠭᠠᠳᠠᠨ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠷᠡᠭᠰᠡᠨ ᠪᠣᠶ ᠪᠥᠬᠦᠶ ᠬᠥᠮᠦᠰ ᠬᠦᠷᠴᠦ ᠢᠷᠡᠭᠰᠡᠨ ᠤ ᠳᠠᠷᠠᠭ᠎ᠠ᠂ ᠠᠨᠠᠭᠠᠬᠤ ᠤᠬᠠᠭᠠᠨ ᠤ ᠠᠵᠢᠭᠯᠠᠯᠲᠠ ᠬᠢᠬᠦ ᠪᠠᠷ 14 ᠡᠳᠦᠷ ᠲᠥᠪᠯᠡᠷᠡᠭᠦᠯᠦᠨ ᠲᠤᠰᠠᠭᠠᠷᠯᠠᠬᠤ ᠶᠢ ᠬᠦᠯᠢᠶᠡᠬᠦ ᠬᠡᠷᠡᠭᠲᠡᠶ᠃
     ᠭᠤᠷᠪᠠ᠂ 14 ᠡᠳᠦᠷ ᠤᠨ ᠳᠣᠲᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠷᠡᠭᠰᠡᠨ ᠬᠥᠮᠦᠰ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠡᠳᠦᠶ ᠪᠣᠯ ᠰᠠᠭᠤᠭ᠎ᠠ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠲᠤ ᠳᠠᠷᠤᠶ ᠲᠦᠷᠭᠡᠨ ᠮᠡᠳᠡᠭᠦᠯᠵᠦ᠂ ᠬᠠᠷᠢᠶ᠎ᠠ ᠭᠠᠵᠠᠷ ᠠᠴᠠ ᠨᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ ᠡᠯ᠎ᠡ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠤᠨ ᠥᠷᠭᠡᠨ ᠣᠯᠠᠨ ᠲᠦᠮᠡᠨ ᠬᠢᠯᠢ ᠪᠠᠷ ᠣᠷᠣᠵᠤ ᠢᠷᠡᠭᠰᠡᠨ ᠬᠥᠮᠦᠰ ᠬᠢᠯᠢ ᠶᠢᠨ ᠭᠠᠳᠠᠨ᠎ᠠ ᠵᠣᠷᠴᠢᠭᠰᠠᠨ ᠲᠡᠦᠬᠡ ᠪᠠᠨ ᠨᠢᠭᠤᠨ ᠳᠠᠯᠳᠠᠯᠠᠭᠰᠠᠨ ᠪᠤᠶᠤ ᠲᠤᠰᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠬᠤ ᠶᠢ ᠣᠯᠵᠤ ᠮᠡᠳᠡᠪᠡᠯ᠂ ᠲᠣᠬᠠᠢ ᠶᠢᠨ ᠭᠠᠵᠠᠷ ᠤᠨ ᠢᠶᠠᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ  ︶ ᠲᠤ ᠪᠤᠶᠤ 110 ᠳᠤ ᠤᠲᠠᠰᠤᠳᠠᠨ ᠮᠡᠳᠡᠭᠦᠯᠵᠦ ᠪᠣᠯᠤᠨ᠎ᠠ᠃
     ᠳᠥᠷᠪᠡ᠂ ᠬᠢᠯᠢ ᠶᠢᠨ ᠭᠠᠳᠠᠨ᠎ᠠ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠢᠷᠡᠭᠰᠡᠨ ᠪᠤᠶ ᠪᠦᠬᠦᠢ ᠬᠥᠮᠦᠰ ᠤᠨ ᠮᠠᠨ ᠤ ᠣᠷᠣᠨ ᠳᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠶᠢᠨ ᠬᠤᠭᠤᠴᠠᠭᠠᠨ ᠳᠠᠬᠢ ᠵᠠᠷᠤᠳᠠᠯ ᠢ ᠵᠠᠷᠴᠢᠮ ᠳᠡᠭᠡᠷ᠎ᠡ ᠪᠠᠨ ᠲᠤᠰ ᠬᠥᠮᠦᠨ ᠨᠢ ᠥᠪᠡᠰᠦᠪᠡᠨ ᠬᠠᠷᠢᠭᠤᠴᠠᠨ᠎ᠠ᠃
     ᠲᠠᠪᠤ᠂ ᠬᠢᠯᠢ ᠳᠤ ᠣᠷᠣᠵᠤ ᠢᠷᠡᠭᠰᠡᠨ ᠬᠥᠮᠦᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠠᠶᠢᠬᠤ ᠬᠤᠭᠤᠴᠠᠭᠠᠨ ᠳᠤ᠂ ᠬᠠᠷᠢᠶᠠᠲᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠨ ᠰᠠᠬᠢᠬᠤ ᠬᠡᠷᠡᠭᠲᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠠᠪᠬᠤ ᠶᠢ ᠲᠡᠪᠴᠢᠪᠡᠯ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃
     ᠵᠢᠷᠭᠤᠭ᠎ᠠ᠂ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃


             ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ  
             ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠵᠢᠯᠣᠭᠤᠳᠬᠤ ᠭᠠᠵᠠᠷ


                                  2020 ᠣᠨ ᠤ 3 ᠳ᠋ᠤᠭᠠᠷ ᠰᠠᠷ᠎ᠠ ᠶᠢᠨ 15 ᠤ ᠡᠳᠦᠷ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ