ᠣᠶᠢᠷ᠎ᠠ ᠶᠢᠨ ᠡᠳᠦᠷ ᠤᠳ ᠲᠤ᠂ ᠪᠠᠶᠠᠨᠨᠠᠭᠤᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠵᠦᠢᠯ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠢ ᠬᠠᠪᠰᠤᠷᠤᠨ | ᠠᠵᠢᠯ ᠢ ᠨᠢ ᠰᠡᠷᠭᠦᠭᠡᠵᠦ ᠦᠢᠯᠡᠳᠪᠦᠷᠢᠯᠡᠯ ᠢ ᠨᠢ ᠰᠡᠷᠭᠦᠭᠡᠬᠦ ᠠᠯᠢ ᠣᠯᠠᠨ ᠬᠠᠨᠳᠤᠯᠭᠠᠲᠤ ᠴᠢᠨᠠᠷᠲᠠᠶ ᠳᠡᠳᠬᠦᠮᠵᠢ ᠶᠢᠨ | ᠠᠷᠭ᠎ᠠ ᠬᠡᠮᠵᠢᠶ᠎ᠡ ᠨᠡᠶᠢᠲᠡᠯᠡᠵᠦ᠂ ᠨᠥᠬᠦᠴᠡᠯ ᠪᠥᠬᠦᠶ ᠢᠳᠡᠭᠡᠨ ᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢ ᠳᠡᠮᠵᠢᠪᠡ᠃ | ᠪᠣᠳᠠᠲᠠᠶ ᠠᠷᠭ᠎ᠠ ᠬᠡᠮᠵᠢᠶ᠎ᠡ ᠳᠤ᠂ ᠠᠵᠤ ᠠᠬᠤᠶᠢᠯᠠᠯ ᠢ ᠵᠢᠯᠣᠭᠤᠳᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠠ ᠬᠢᠵᠢᠭᠲᠦ ᠣᠷᠣᠨ ᠠᠴᠠ ᠪᠤᠴᠠᠵᠤ ᠢᠷᠡᠭᠰᠡᠨ | ᠬᠥᠮᠦᠰ ᠢ ᠲᠤᠰᠠᠭᠠᠷᠯᠠᠬᠤ ᠠᠵᠢᠯ ᠢ ᠰᠠᠶᠢᠲᠤᠷ ᠬᠢᠵᠦ ᠪᠠᠶᠢᠬᠤ︔ ᠮᠡᠳᠡᠭᠳᠡᠬᠦ ᠠᠮᠠᠯᠠᠯᠲᠠ ᠶᠢ ᠬᠡᠷᠡᠭᠵᠢᠭᠦᠯᠵᠦ᠂ | ᠦᠨᠳᠦᠰᠦᠨ ᠠᠮᠢᠳᠤᠷᠠᠯ ᠤᠨ ᠲᠥᠷᠥᠯ ᠤᠨ ︽ᠳᠥᠷᠪᠡᠨ ᠴᠠᠭᠠᠨ︾ ᠢᠳᠡᠭᠡᠨ ᠦᠢᠯᠡᠳᠪᠦᠷᠢᠯᠡᠬᠦ ᠠᠵᠤ | ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠤᠷᠢᠳᠠᠪᠠᠷ ᠪᠠᠲᠤᠯᠠᠵᠤ ᠪᠠᠶᠢᠬᠤ︔ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠡᠳᠦᠷ ᠪᠦᠷᠢ ᠶᠢᠨ ︽ᠳᠠᠩ ᠮᠡᠳᠡᠭᠦᠯᠦᠯᠲᠡ ᠬᠢᠬᠦ︾ ᠠᠵᠢᠯ ᠤᠨ ᠠᠷᠭ᠎ᠠ ᠶᠢ | ᠬᠡᠷᠡᠭᠵᠢᠭᠦᠯᠵᠦ᠂ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠭᠰᠡᠨ᠂ ᠠᠵᠢᠯᠲᠠᠨ ᠤ ᠰᠢᠯᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ ᠪᠠᠶᠢᠬᠤ︔ ᠬᠠᠮᠢᠶ᠎ᠠ ᠪᠥᠬᠦᠶ | ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ ᠠᠵᠤ ᠠᠬᠤᠶᠢᠯᠠᠯ ᠳᠤ ᠡᠳ᠋ ᠪᠠᠷᠠᠭ᠎ᠠ ᠲᠡᠭᠡᠭᠡᠪᠦᠷᠢᠯᠡᠬᠦ ᠦᠨᠡᠮᠯᠡᠯ | ᠣᠯᠭᠤᠵᠤ᠂ ᠠᠵᠤ ᠠᠬᠤᠶᠢᠯᠠᠯ ᠢ ᠬᠠᠪᠰᠤᠷᠤᠨ ᠡᠳ᠋ ᠪᠠᠷᠠᠭ᠎ᠠ ᠲᠡᠭᠡᠭᠡᠪᠦᠷᠢᠯᠡᠬᠦ ᠬᠦᠴᠢᠷ ᠠᠰᠠᠭᠤᠳᠠᠯ ᠢ ᠨᠢ | ᠰᠢᠢᠳᠪᠦᠷᠢᠯᠡᠵᠦ ᠥᠭᠴᠦ ᠪᠠᠶᠢᠬᠤ︔ ᠦᠯᠦ ᠣᠶᠢᠷᠠᠲᠤᠯᠴᠠᠬᠤ ᠠᠷᠭ᠎ᠠ ᠮᠠᠶ᠋ᠢᠭ ᠢ ᠠᠪᠴᠤ᠂ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠠᠶᠢᠭᠠᠳ ︽ᠦᠨ᠎ᠡ ᠬᠠᠩᠰᠢ ᠶᠢ ᠪᠠᠲᠤᠯᠠᠬᠤ᠂ ᠶᠠᠰᠤ ᠴᠢᠨᠠᠷ ᠢ ᠪᠠᠲᠤᠯᠠᠬᠤ᠂ | ᠬᠠᠩᠭᠠᠯᠭ᠎ᠠ ᠶᠢ ᠪᠠᠲᠤᠯᠠᠬᠤ︾ ᠠᠵᠢᠯᠯᠠᠭ᠎ᠠ ᠥᠷᠨᠢᠭᠦᠯᠦᠨ᠂ ᠦᠢᠯᠡᠳᠪᠦᠷᠢᠯᠡᠬᠦ ᠴᠢᠳᠠᠪᠤᠷᠢ ᠶᠢ ᠲᠦᠷᠬᠡᠨ ᠰᠡᠷᠭᠦᠭᠡᠵᠦ᠂ | ᠦᠢᠯᠡᠳᠬᠦᠨ ᠤ ᠶᠠᠰᠤ ᠴᠢᠨᠠᠷ ᠢ ᠪᠠᠲᠤᠯᠠᠨ᠂ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠵᠠᠬ᠎ᠠ | ᠳᠡᠯᠭᠡᠭᠦᠷ ᠤᠨ ᠬᠠᠩᠭᠠᠯᠭ᠎ᠠ ᠶᠢ ᠪᠠᠲᠤᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠶᠢᠯᠡᠮᠡᠯ ᠬᠦᠴᠦᠨ ᠢ | ᠨᠢᠭᠲᠠᠷᠠᠭᠤᠯᠵᠤ ᠪᠠᠶᠢᠬᠤ ᠵᠡᠷᠭᠡ ᠪᠠᠭᠲᠠᠵᠤ ᠪᠣᠢ᠃ |