ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠵᠡᠷᠭᠡ ᠳᠡᠰ ᠢ ᠲᠣᠬᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2020/3/17
     ︽ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠤᠷᠢᠭᠯᠠᠬᠤ ᠲᠣᠭᠲᠠᠴᠠ ᠶᠢᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ  ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠦᠨ ᠣᠷᠣᠨ ᠬᠤᠪᠢᠶᠠᠵᠤ ᠱᠠᠲᠤ ᠬᠤᠪᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾᠎ ᠤᠨ ᠶᠣᠰᠣᠭᠠᠷ᠂ ᠡᠯ᠎ᠡ ᠠᠶᠢᠮᠠᠭ ᠬᠤᠲᠠ ᠶᠢᠨ ᠬᠠᠷᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠳᠡᠰ ᠢ ᠰᠤᠳᠤᠯᠤᠨ ᠮᠠᠭᠠᠳᠯᠠᠬᠤ ᠪᠠ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠎ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠎ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠢ ᠪᠦᠬᠦᠨ ᠢ ᠳᠣᠤᠷ᠎ᠠ ᠲᠦᠭᠰᠢᠭᠦᠷᠢᠲᠦ ᠵᠡᠷᠭᠡ ᠳᠡᠰ ᠪᠣᠯᠭᠠᠨ ᠲᠣᠬᠢᠷᠠᠭᠤᠯᠬᠤ ᠪᠠᠷ ᠲᠣᠭᠲᠠᠪᠠ᠃      ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                                       2020 ᠣᠨ ᠤ 3 ᠳ᠋ᠤᠭᠠᠷ ᠰᠠᠷ᠎ᠠ ᠶᠢᠨ 16᠎ ᠤ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号