| | ᠥᠪᠥᠷ ᠰᠡᠷᠭᠡᠶᠢᠯᠡᠨ ᠵᠢᠯᠣᠭᠤᠳᠬᠤ ᠴᠠᠬᠢᠯᠭᠠᠨ ﹇2020﹈ 16 ᠳ᠋ᠤᠭᠠᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ | ᠭᠠᠵᠠᠷ ᠤᠨ ᠡᠯ᠎ᠡ ᠠᠵᠢᠯ ᠤᠨ ᠳᠤᠭᠤᠶᠢᠯᠠᠩ᠂ ᠪᠦᠷᠢᠯᠳᠦᠬᠦᠨ ᠨᠢᠭᠡᠴᠢ᠂ ᠰᠢᠮᠳᠠᠭᠤᠯᠤᠨ ᠵᠢᠯᠣᠭᠤᠳᠬᠤ ᠳᠤᠭᠤᠶᠢᠯᠠᠩ | ᠳᠤ᠄ | ︽ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠦᠭᠰᠢᠭᠦᠷᠢ ᠶᠢᠨ ᠵᠡᠷᠭᠡ ᠳᠡᠰ ᠢ ᠲᠣᠬᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ ︾ ︵ᠥᠪᠥᠷ ᠵᠠᠰᠠᠭ ᠦᠰᠦᠭ ﹇2020﹈ 14 ᠳ᠋ᠦ᠋ᠭᠡᠷ | ᠲᠣᠭᠠᠲᠤ︶ ᠢ ᠦᠨᠳᠦᠰᠦᠯᠡᠨ᠂ ᠪᠦᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ | ᠤᠨ ᠪᠠᠶᠢᠳᠠᠯ ᠤᠨ ᠲᠦᠭᠰᠢᠭᠦᠷᠢᠲᠦ ᠵᠡᠷᠭᠡ ᠳᠡᠰ ᠢ ᠪᠦᠬᠦᠨ ᠢ ᠳᠣᠤᠷ᠎ᠠ ᠲᠦᠭᠰᠢᠭᠦᠷᠢᠲᠦ ᠵᠡᠷᠭᠡ ᠳᠡᠰ ᠪᠣᠯᠭᠠᠨ | ᠲᠣᠬᠢᠷᠠᠭᠤᠯᠪᠠ᠃ ᠳᠣᠤᠷ᠎ᠠ ᠲᠦᠭᠰᠢᠭᠦᠷᠢᠲᠦ ᠵᠡᠷᠭᠡ ᠲᠡᠰ ᠤᠨ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠤᠰᠠᠳᠠ᠂ | ᠡᠳᠦᠭᠡ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠲᠠᠯ᠎ᠠ ᠪᠠᠷ | ᠲᠦᠯᠬᠢᠨ ᠠᠬᠢᠭᠤᠯᠬᠤ ᠬᠠᠮᠢᠶ᠎ᠠ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠃ | ᠨᠢᠭᠡ᠂ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠨᠤᠭᠤᠳ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ | ᠰᠡᠷᠭᠦᠭᠡᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠳᠬᠠᠨ᠂ ᠮᠡᠳᠡᠬᠦ ᠬᠦᠷᠢᠶ᠎ᠡ | ᠬᠡᠪᠴᠢᠶ᠎ᠡ ᠪᠠᠨ ᠥᠷᠭᠡᠳᠬᠡᠵᠦ᠂ ︽ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ︾ ᠠᠷᠭ᠎ᠠ | ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠭᠰᠡᠨ | ᠰᠠᠭᠤᠷᠢᠨ ᠳᠡᠭᠡᠷ᠎ᠡ᠂ ᠪᠣᠢ ᠪᠦᠬᠦᠢ ᠭᠠᠵᠠᠷ ᠣᠷᠣᠨ᠂ ᠪᠣᠢ ᠪᠦᠬᠦᠢ ᠠᠵᠢᠯ ᠲᠥᠷᠥᠯ ︵ᠰᠤᠷᠭᠠᠨ ᠬᠥᠮᠦᠵᠢᠯ᠂ | ᠪᠣᠯᠪᠠᠰᠤᠷᠠᠯ ᠵᠡᠷᠭᠡ ᠠᠵᠢᠯ ᠲᠥᠷᠥᠯ ᠲᠣᠭᠲᠠᠭᠠᠯ ᠶᠣᠰᠣᠭᠠᠷ ᠬᠡᠷᠡᠭᠵᠢᠭᠦᠯᠬᠦ︶ ᠢ ᠴᠢᠯᠥᠭᠡᠲᠡᠶ ᠲᠠᠯᠪᠢᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠬᠠᠩᠭᠠᠵᠥ ᠳᠡᠶᠢᠯᠬᠦ ᠪᠤᠢ ᠪᠦᠬᠦᠢ ᠵᠠᠬ᠎ᠠ ᠳᠡᠯᠭᠡᠭᠦᠷ ᠤᠨ ᠭᠤᠤᠯ | ᠴᠣᠭᠴᠠ ᠪᠦᠬᠦᠨ ᠥᠪᠡᠰᠦᠪᠡᠨ ᠡᠵᠡᠩᠨᠡᠯᠲᠡ ᠪᠠᠨ ᠰᠡᠷᠭᠦᠭᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠣᠷᠣᠨ᠂ | ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠠᠴᠠ ᠡᠮᠦᠨᠡᠬᠢ ᠬᠢᠵᠠᠭᠠᠷᠯᠠᠬᠤ ᠨᠥᠬᠦᠴᠡᠯ ᠢ ᠳᠠᠬᠢᠨ ᠳᠤᠷᠠᠳᠴᠤ ᠪᠣᠯᠬᠤ ᠦᠭᠡᠶ᠂ | ᠨᠢᠭᠡᠨᠲᠡ ᠪᠠᠶᠢᠷᠢᠯᠠᠭᠤᠯᠤᠭᠰᠠᠨ ᠪᠣᠯ ᠬᠦᠴᠦᠨ ᠦᠭᠡᠶ ᠪᠣᠯᠭᠠᠬᠤ ᠬᠡᠷᠡᠭᠲᠡᠶ᠃ | ᠬᠤᠶᠠᠷ᠂ ᠬᠦᠯᠦᠰᠤᠨ ᠠᠵᠢᠯ ᠬᠢᠭᠰᠡᠳ ᠤᠨ ᠬᠢᠵᠠᠭᠠᠷᠯᠠᠯ ᠢ ᠦᠨᠡᠨ ᠬᠦ ᠠᠭᠤᠵᠢᠭᠤ ᠲᠠᠯᠪᠢᠬᠤ ᠬᠡᠷᠡᠭᠲᠡᠢ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠤᠨ ᠡᠯᠧᠺᠲᠷᠣᠨ ᠡᠷᠡᠭᠦᠯ | ᠮᠡᠨᠳᠦ ᠶᠢᠨ ᠺᠣᠳ᠋︾ ᠢ ᠪᠥᠬᠦ ᠲᠠᠯ᠎ᠠ ᠪᠠᠷ ᠳᠡᠯᠬᠡᠷᠡᠬᠦᠯᠦᠨ ᠬᠡᠷᠡᠭᠵᠢᠭᠦᠯᠵᠦ᠂ ︽ᠡᠷᠡᠭᠦᠯ ᠮᠡᠨᠳᠦ ᠶᠢᠨ ᠺᠣᠳ᠋︾ ᠲᠠᠢ | ᠬᠥᠮᠦᠰ ᠤᠨ ᠪᠡᠶ᠎ᠡ ᠶᠢᠨ ᠬᠠᠯᠠᠭᠤᠨ ᠤ ᠪᠠᠶᠢᠴᠠᠭᠠᠯᠲᠡ ᠬᠡᠪ ᠤᠨ ᠪᠠᠶᠢᠪᠠᠯ ᠰᠢᠭᠤᠳ ᠠᠵᠢᠯ ᠤᠨ ᠪᠠᠶᠢᠷᠢ ᠳᠤ ᠭᠠᠷᠴᠤ | ᠪᠣᠯᠤᠨ᠎ᠠ᠂ ᠬᠤᠪᠸᠢ ᠮᠤᠵᠢ ᠶᠢᠨ ᠬᠢᠨ ᠡᠭᠦᠨ ᠳᠤ ᠪᠠᠭᠲᠠᠬᠤ ᠥᠬᠡᠶ᠃ ᠡᠯ᠎ᠡ ᠭᠠᠵᠠᠷ ᠣᠷᠣᠨ᠂ ᠡᠯ᠎ᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠵᠥᠪᠯᠡᠯ ᠨᠢ ᠬᠢᠵᠠᠭᠠᠷᠯᠠᠬᠤ ᠣᠷᠣᠨ ᠪᠦᠰᠡ ᠪᠠ ᠬᠢᠵᠠᠭᠠᠷᠯᠠᠬᠤ ᠠᠷᠭ᠎ᠠ ᠬᠡᠮᠵᠢᠶ᠎ᠡ ᠪᠠᠨ ᠨᠡᠮᠡᠵᠦ ᠪᠣᠯᠬᠤ ᠦᠭᠡᠶ᠂ | ᠪᠤᠰᠤᠳ ᠭᠡᠷᠡᠴᠢᠯᠡᠬᠦ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠶ᠂ ᠪᠦᠷᠢᠨ ᠦᠨᠡᠮᠯᠡᠯ ᠲᠠᠢ | ᠦᠢᠯᠡᠴᠢᠯᠡᠭᠡᠨ ᠤ ᠦᠢᠯᠡᠰ ᠤᠨ ᠠᠵᠢᠯᠯᠠᠭᠰᠠᠳ ᠤᠨ ᠨᠡᠶᠢᠭᠡᠮ ᠲᠣᠭᠤᠷᠢᠭ ᠲᠤ ᠣᠷᠣᠵᠤ ᠦᠢᠯᠡᠴᠢᠯᠡᠭᠡ ᠬᠠᠩᠭᠠᠬᠤ ᠶᠢ | ᠬᠤᠷᠢᠭᠯᠠᠵᠤ ᠪᠣᠯᠬᠤ ᠦᠭᠡᠶ ᠪᠥᠭᠡᠳ ᠦᠳᠡᠰᠢ ᠰᠥᠨᠢ ᠡᠭᠦᠳᠡ ᠪᠠᠷ ᠣᠷᠣᠵᠤ ᠭᠠᠷᠬᠤ ᠶᠢ ᠴᠠᠭᠠᠵᠠᠯᠠᠬᠤ | ᠬᠢᠵᠠᠭᠠᠷᠯᠠᠯ ᠢ ᠬᠦᠴᠦᠨ ᠦᠭᠡᠶ ᠪᠣᠯᠭᠠᠬᠤ ᠬᠡᠷᠡᠭᠲᠡᠶ᠃ ᠨᠢᠭᠲᠠ ᠪᠢᠲᠡᠭᠦᠮᠵᠢᠯᠡᠭᠰᠡᠨ ᠲᠠᠯᠠᠪᠤᠷ ᠲᠠᠬᠢ ᠬᠥᠮᠦᠰ ᠤᠨ | ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠶᠢᠳᠠᠯ ᠢᠶᠠᠨ ᠦᠨᠳᠦᠰᠦᠯᠡᠨ ᠡᠮᠬᠢ ᠵᠢᠷᠤᠮ ᠲᠠᠢ ᠪᠠᠷ ᠰᠡᠷᠭᠦᠭᠡᠬᠦ | ᠬᠡᠷᠡᠭᠲᠡᠢ᠃ | ᠭᠤᠷᠪᠠ᠂ ᠠᠵᠤ ᠠᠬᠤᠶᠢᠯᠠᠯ ᠤᠨ ᠠᠵᠢᠯ ᠢᠶᠠᠨ ᠰᠡᠷᠬᠦᠬᠡᠵᠥ ᠦᠢᠯᠡᠳᠪᠦᠷᠢᠯᠡᠯ ᠢᠶᠠᠨ ᠰᠡᠷᠭᠦᠭᠡᠬᠦ ᠶᠢ | ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ | ᠣᠷᠣᠨ ᠨᠤᠭᠤᠳ ᠠᠵᠤ ᠠᠬᠤᠶᠢᠯᠠᠯ ᠳᠤ ᠰᠠᠭᠠᠳ ᠲᠣᠳᠬᠠᠷ ᠢ ᠣᠯᠠᠨ ᠠᠷᠢᠯᠭᠠᠵᠤ᠂ ᠰᠠᠭᠠᠳ ᠬᠤᠷᠢᠭ᠎ᠠ ᠶᠢ ᠪᠠᠭ᠎ᠠ | ᠲᠠᠯᠪᠢᠵᠤ᠂ ᠴᠢᠳᠠᠮᠠᠭᠠᠶ ᠪᠠᠷ ᠪᠠᠲᠤᠯᠠᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠡᠯ᠎ᠡ | ᠭᠤᠭᠴᠤᠭ᠎ᠠ ᠶᠢ ᠨᠡᠪᠲᠡᠷᠡᠭᠦᠯᠵᠦ᠂ ᠠᠵᠤ ᠠᠬᠤᠶ ᠨᠡᠶᠢᠭᠡᠮ ᠤᠨ ᠲᠣᠭᠲᠠᠭᠤᠨ ᠠᠵᠢᠯᠯᠠᠭᠠᠨ ᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤᠮᠳᠠ | ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ︽ᠨᠢᠭᠡ ᠠᠵᠤ | ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠠᠪᠬᠤ︾ ᠬᠠᠪᠰᠤᠷᠤᠨ ᠲᠡᠳᠬᠦᠬᠦ ᠪᠣᠳᠣᠯᠭ᠎ᠠ ᠶᠢ ᠬᠡᠷᠡᠭᠵᠢᠭᠦᠯᠵᠦ᠂ ᠲᠤᠰ | ᠭᠠᠷᠠᠭ ᠤᠨ ᠳᠣᠲᠣᠷ᠎ᠠ ᠠᠵᠢᠯ ᠢᠶᠠᠨ ᠰᠡᠷᠭᠦᠭᠡᠬᠦ ᠨᠣᠷᠮ᠎ᠠ ᠶᠢ ᠶᠡᠭᠡ ᠪᠠᠷ ᠳᠡᠭᠡᠭᠰᠢᠯᠡᠭᠦᠯᠬᠦ ᠶᠢ ᠪᠠᠲᠤᠯᠠᠵᠤ᠂ 3 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠰᠡᠷᠬᠦᠬᠡᠬᠦ ᠶᠣᠰᠣᠲᠠᠢ ᠶᠢ ᠨᠢ ᠪᠦᠬᠦᠨ ᠢ ᠰᠡᠷᠬᠦᠬᠡᠬᠦ ᠬᠡᠷᠡᠭᠲᠡᠢ᠃ ᠡᠭᠦᠨ ᠤ | ᠬᠠᠮᠲᠤ ᠡᠯ᠎ᠡ ᠠᠶᠢᠮᠠᠭ ᠬᠤᠲᠠ ᠶᠢᠨ ᠬᠢᠨ ᠵᠠᠭᠠᠯᠳᠤᠯᠭ᠎ᠠ ᠬᠢᠬᠦ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠠᠪᠬᠤ | ᠤᠳᠠᠰᠤ ᠪᠣᠯᠤᠨ ᠰᠢᠤᠳᠠᠨ ᠬᠠᠶᠢᠷᠴᠠᠭ ᠢᠶᠠᠨ ᠢᠯᠡ ᠨᠡᠶᠢᠲᠡᠯᠡᠬᠦ ᠬᠡᠷᠡᠭᠲᠡᠶ᠃ | | | 2020 ᠣᠨ ᠤ 3 ᠳ᠋ᠤᠭᠠᠷ ᠰᠠᠷ᠎ᠠ ᠶᠢᠨ 16 ᠤ ᠡᠳᠦᠷ | | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |