ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠵᠡᠷᠭᠡ ᠳᠡᠰ ᠢ ᠲᠣᠬᠢᠷᠠᠭᠤᠯᠬᠤ ᠱᠠᠭᠠᠷᠳᠠᠯᠭ᠎ᠠ ᠶᠢ  ᠨᠠᠶᠢᠳᠠᠪᠤᠷᠢᠵᠢᠭᠤᠯᠤᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠬᠡᠬᠦ ᠶᠢ ᠪᠦᠬᠦ ᠲᠠᠯ᠎ᠠ ᠪᠠᠷ ᠠᠬᠢᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠮᠡᠳᠡᠭᠳᠡᠯ
ᠨᠡᠶᠢᠲᠡᠯᠡᠭᠰᠡᠨ ᠴᠠᠭ᠄
2020/3/18


             ᠥᠪᠥᠷ ᠰᠡᠷᠭᠡᠶᠢᠯᠡᠨ ᠵᠢᠯᠣᠭᠤᠳᠬᠤ ᠴᠠᠬᠢᠯᠭᠠᠨ ﹇2020﹈ 16 ᠳ᠋ᠤᠭᠠᠷ ᠲᠣᠭᠠᠲᠤ


ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯ ᠤᠨ ᠳᠤᠭᠤᠶᠢᠯᠠᠩ᠂ ᠪᠦᠷᠢᠯᠳᠦᠬᠦᠨ ᠨᠢᠭᠡᠴᠢ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠳᠤ᠄
      ︽ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠵᠡᠷᠭᠡ ᠳᠡᠰ ᠢ ᠲᠣᠬᠢᠷᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ  ︾  ︵ᠥᠪᠥᠷ ᠵᠠᠰᠠᠭ ᠦᠰᠦᠭ  ﹇2020﹈ 14 ᠳ᠋ᠦ᠋ᠭᠡᠷ ᠲᠣᠭᠠᠲᠤ︶ ᠢ ᠦᠨᠳᠦᠰᠦᠯᠡᠨ᠂ ᠪᠦᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠤᠨ ᠲᠦᠭᠰᠢᠭᠦᠷᠢᠲᠦ ᠵᠡᠷᠭᠡ ᠳᠡᠰ ᠢ ᠪᠦᠬᠦᠨ ᠢ ᠳᠣᠤᠷ᠎ᠠ ᠲᠦᠭᠰᠢᠭᠦᠷᠢᠲᠦ ᠵᠡᠷᠭᠡ ᠳᠡᠰ ᠪᠣᠯᠭᠠᠨ ᠲᠣᠬᠢᠷᠠᠭᠤᠯᠪᠠ᠃ ᠳᠣᠤᠷ᠎ᠠ ᠲᠦᠭᠰᠢᠭᠦᠷᠢᠲᠦ ᠵᠡᠷᠭᠡ ᠲᠡᠰ ᠤᠨ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠤᠰᠠᠳᠠ᠂ ᠡᠳᠦᠭᠡ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠠᠮᠢᠶ᠎ᠠ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠃
     ᠨᠢᠭᠡ᠂ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠨᠤᠭᠤᠳ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠶᠢ ᠴᠢᠩᠭᠠᠳᠬᠠᠨ᠂ ᠮᠡᠳᠡᠬᠦ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ︽ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠶᠢ ᠰᠡᠷᠬᠡᠶᠢᠯᠡᠬᠦ︾ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠪᠣᠢ ᠪᠦᠬᠦᠢ ᠭᠠᠵᠠᠷ ᠣᠷᠣᠨ᠂ ᠪᠣᠢ ᠪᠦᠬᠦᠢ ᠠᠵᠢᠯ ᠲᠥᠷᠥᠯ ︵ᠰᠤᠷᠭᠠᠨ ᠬᠥᠮᠦᠵᠢᠯ᠂ ᠪᠣᠯᠪᠠᠰᠤᠷᠠᠯ ᠵᠡᠷᠭᠡ ᠠᠵᠢᠯ ᠲᠥᠷᠥᠯ ᠲᠣᠭᠲᠠᠭᠠᠯ ᠶᠣᠰᠣᠭᠠᠷ ᠬᠡᠷᠡᠭᠵᠢᠭᠦᠯᠬᠦ︶ ᠢ ᠴᠢᠯᠥᠭᠡᠲᠡᠶ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠬᠠᠩᠭᠠᠵᠥ ᠳᠡᠶᠢᠯᠬᠦ ᠪᠤᠢ ᠪᠦᠬᠦᠢ ᠵᠠᠬ᠎ᠠ ᠳᠡᠯᠭᠡᠭᠦᠷ ᠤᠨ ᠭᠤᠤᠯ ᠴᠣᠭᠴᠠ ᠪᠦᠬᠦᠨ ᠥᠪᠡᠰᠦᠪᠡᠨ ᠡᠵᠡᠩᠨᠡᠯᠲᠡ ᠪᠠᠨ ᠰᠡᠷᠭᠦᠭᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠴᠠ ᠡᠮᠦᠨᠡᠬᠢ ᠬᠢᠵᠠᠭᠠᠷᠯᠠᠬᠤ ᠨᠥᠬᠦᠴᠡᠯ ᠢ ᠳᠠᠬᠢᠨ ᠳᠤᠷᠠᠳᠴᠤ ᠪᠣᠯᠬᠤ ᠦᠭᠡᠶ᠂ ᠨᠢᠭᠡᠨᠲᠡ ᠪᠠᠶᠢᠷᠢᠯᠠᠭᠤᠯᠤᠭᠰᠠᠨ ᠪᠣᠯ ᠬᠦᠴᠦᠨ ᠦᠭᠡᠶ ᠪᠣᠯᠭᠠᠬᠤ ᠬᠡᠷᠡᠭᠲᠡᠶ᠃
     ᠬᠤᠶᠠᠷ᠂ ᠬᠦᠯᠦᠰᠤᠨ ᠠᠵᠢᠯ ᠬᠢᠭᠰᠡᠳ ᠤᠨ ᠬᠢᠵᠠᠭᠠᠷᠯᠠᠯ ᠢ ᠦᠨᠡᠨ ᠬᠦ ᠠᠭᠤᠵᠢᠭᠤ ᠲᠠᠯᠪᠢᠬᠤ ᠬᠡᠷᠡᠭᠲᠡᠢ᠃

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠤᠨ ᠡᠯᠧᠺᠲᠷᠣᠨ ᠡᠷᠡᠭᠦᠯ ᠮᠡᠨᠳᠦ ᠶᠢᠨ ᠺᠣᠳ᠋︾ ᠢ ᠪᠥᠬᠦ ᠲᠠᠯ᠎ᠠ ᠪᠠᠷ ᠳᠡᠯᠬᠡᠷᠡᠬᠦᠯᠦᠨ ᠬᠡᠷᠡᠭᠵᠢᠭᠦᠯᠵᠦ᠂ ︽ᠡᠷᠡᠭᠦᠯ ᠮᠡᠨᠳᠦ ᠶᠢᠨ ᠺᠣᠳ᠋︾ ᠲᠠᠢ ᠬᠥᠮᠦᠰ ᠤᠨ ᠪᠡᠶ᠎ᠡ ᠶᠢᠨ ᠬᠠᠯᠠᠭᠤᠨ ᠤ ᠪᠠᠶᠢᠴᠠᠭᠠᠯᠲᠡ ᠬᠡᠪ ᠤᠨ ᠪᠠᠶᠢᠪᠠᠯ ᠰᠢᠭᠤᠳ ᠠᠵᠢᠯ ᠤᠨ ᠪᠠᠶᠢᠷᠢ ᠳᠤ ᠭᠠᠷᠴᠤ ᠪᠣᠯᠤᠨ᠎ᠠ᠂ ᠬᠤᠪᠸᠢ ᠮᠤᠵᠢ ᠶᠢᠨ ᠬᠢᠨ ᠡᠭᠦᠨ ᠳᠤ ᠪᠠᠭᠲᠠᠬᠤ ᠥᠬᠡᠶ᠃ ᠡᠯ᠎ᠡ ᠭᠠᠵᠠᠷ ᠣᠷᠣᠨ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠨᠢ ᠬᠢᠵᠠᠭᠠᠷᠯᠠᠬᠤ ᠣᠷᠣᠨ ᠪᠦᠰᠡ ᠪᠠ ᠬᠢᠵᠠᠭᠠᠷᠯᠠᠬᠤ ᠠᠷᠭ᠎ᠠ ᠬᠡᠮᠵᠢᠶ᠎ᠡ ᠪᠠᠨ ᠨᠡᠮᠡᠵᠦ ᠪᠣᠯᠬᠤ ᠦᠭᠡᠶ᠂ ᠪᠤᠰᠤᠳ ᠭᠡᠷᠡᠴᠢᠯᠡᠬᠦ ᠮᠠᠲ᠋ᠧᠷᠢᠶᠠᠯ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠶ᠂ ᠪᠦᠷᠢᠨ ᠦᠨᠡᠮᠯᠡᠯ ᠲᠠᠢ ᠦᠢᠯᠡᠴᠢᠯᠡᠭᠡᠨ ᠤ ᠦᠢᠯᠡᠰ ᠤᠨ ᠠᠵᠢᠯᠯᠠᠭᠰᠠᠳ ᠤᠨ ᠨᠡᠶᠢᠭᠡᠮ ᠲᠣᠭᠤᠷᠢᠭ ᠲᠤ ᠣᠷᠣᠵᠤ ᠦᠢᠯᠡᠴᠢᠯᠡᠭᠡ ᠬᠠᠩᠭᠠᠬᠤ ᠶᠢ ᠬᠤᠷᠢᠭᠯᠠᠵᠤ ᠪᠣᠯᠬᠤ ᠦᠭᠡᠶ ᠪᠥᠭᠡᠳ ᠦᠳᠡᠰᠢ ᠰᠥᠨᠢ ᠡᠭᠦᠳᠡ ᠪᠠᠷ  ᠣᠷᠣᠵᠤ ᠭᠠᠷᠬᠤ ᠶᠢ ᠴᠠᠭᠠᠵᠠᠯᠠᠬᠤ ᠬᠢᠵᠠᠭᠠᠷᠯᠠᠯ ᠢ ᠬᠦᠴᠦᠨ ᠦᠭᠡᠶ ᠪᠣᠯᠭᠠᠬᠤ ᠬᠡᠷᠡᠭᠲᠡᠶ᠃ ᠨᠢᠭᠲᠠ ᠪᠢᠲᠡᠭᠦᠮᠵᠢᠯᠡᠭᠰᠡᠨ ᠲᠠᠯᠠᠪᠤᠷ ᠲᠠᠬᠢ ᠬᠥᠮᠦᠰ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠶᠢᠳᠠᠯ ᠢᠶᠠᠨ ᠦᠨᠳᠦᠰᠦᠯᠡᠨ ᠡᠮᠬᠢ ᠵᠢᠷᠤᠮ ᠲᠠᠢ ᠪᠠᠷ ᠰᠡᠷᠭᠦᠭᠡᠬᠦ

ᠬᠡᠷᠡᠭᠲᠡᠢ᠃
     ᠭᠤᠷᠪᠠ᠂ ᠠᠵᠤ ᠠᠬᠤᠶᠢᠯᠠᠯ ᠤᠨ ᠠᠵᠢᠯ ᠢᠶᠠᠨ ᠰᠡᠷᠬᠦᠬᠡᠵᠥ ᠦᠢᠯᠡᠳᠪᠦᠷᠢᠯᠡᠯ ᠢᠶᠠᠨ ᠰᠡᠷᠭᠦᠭᠡᠬᠦ ᠶᠢ ᠬᠠᠪᠰᠤᠷᠤᠨ ᠲᠡᠳᠬᠦᠬᠦ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠠᠵᠤ ᠠᠬᠤᠶᠢᠯᠠᠯ ᠳᠤ ᠰᠠᠭᠠᠳ ᠲᠣᠳᠬᠠᠷ ᠢ ᠣᠯᠠᠨ ᠠᠷᠢᠯᠭᠠᠵᠤ᠂ ᠰᠠᠭᠠᠳ ᠬᠤᠷᠢᠭ᠎ᠠ ᠶᠢ ᠪᠠᠭ᠎ᠠ ᠲᠠᠯᠪᠢᠵᠤ᠂ ᠴᠢᠳᠠᠮᠠᠭᠠᠶ ᠪᠠᠷ ᠪᠠᠲᠤᠯᠠᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠠᠵᠤ ᠠᠬᠤᠶ ᠨᠡᠶᠢᠭᠡᠮ ᠤᠨ ᠲᠣᠭᠲᠠᠭᠤᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤᠮᠳᠠ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠠᠪᠬᠤ︾ ᠬᠠᠪᠰᠤᠷᠤᠨ ᠲᠡᠳᠬᠦᠬᠦ ᠪᠣᠳᠣᠯᠭ᠎ᠠ ᠶᠢ ᠬᠡᠷᠡᠭᠵᠢᠭᠦᠯᠵᠦ᠂ ᠲᠤᠰ ᠭᠠᠷᠠᠭ ᠤᠨ ᠳᠣᠲᠣᠷ᠎ᠠ ᠠᠵᠢᠯ ᠢᠶᠠᠨ ᠰᠡᠷᠭᠦᠭᠡᠬᠦ ᠨᠣᠷᠮ᠎ᠠ ᠶᠢ ᠶᠡᠭᠡ ᠪᠠᠷ ᠳᠡᠭᠡᠭᠰᠢᠯᠡᠭᠦᠯᠬᠦ ᠶᠢ ᠪᠠᠲᠤᠯᠠᠵᠤ᠂ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠡᠷᠬᠦᠬᠡᠬᠦ ᠶᠣᠰᠣᠲᠠᠢ ᠶᠢ ᠨᠢ ᠪᠦᠬᠦᠨ ᠢ ᠰᠡᠷᠬᠦᠬᠡᠬᠦ ᠬᠡᠷᠡᠭᠲᠡᠢ᠃  ᠡᠭᠦᠨ ᠤ ᠬᠠᠮᠲᠤ ᠡᠯ᠎ᠡ ᠠᠶᠢᠮᠠᠭ ᠬᠤᠲᠠ ᠶᠢᠨ ᠬᠢᠨ ᠵᠠᠭᠠᠯᠳᠤᠯᠭ᠎ᠠ ᠬᠢᠬᠦ᠂ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠠᠪᠬᠤ ᠤᠳᠠᠰᠤ ᠪᠣᠯᠤᠨ ᠰᠢᠤᠳᠠᠨ  ᠬᠠᠶᠢᠷᠴᠠᠭ ᠢᠶᠠᠨ ᠢᠯᠡ ᠨᠡᠶᠢᠲᠡᠯᠡᠬᠦ ᠬᠡᠷᠡᠭᠲᠡᠶ᠃


                                   2020 ᠣᠨ ᠤ 3 ᠳ᠋ᠤᠭᠠᠷ ᠰᠠᠷ᠎ᠠ ᠶᠢᠨ 16 ᠤ ᠡᠳᠦᠷ


                                 ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ