ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ | ᠭᠠᠵᠠᠷ ᠤᠨ ᠡᠯ᠎ᠡ ᠠᠵᠢᠯ ᠤᠨ ᠳᠤᠭᠤᠶᠢᠯᠠᠩ᠂ ᠪᠦᠷᠢᠯᠳᠦᠬᠦᠨ ᠨᠢᠭᠡᠴᠢ᠂ ᠰᠢᠮᠳᠠᠭᠤᠯᠤᠨ ᠵᠢᠯᠣᠭᠤᠳᠬᠤ ᠳᠤᠭᠤᠶᠢᠯᠠᠩ | ᠳᠤ᠄ | ᠶᠡᠷᠦᠩᠬᠡᠶ ᠱᠦᠵᠢ ᠰᠢ ᠶᠢᠨ ᠫᠢᠩ ᠤᠨ ᠲᠣᠮᠣ ᠳ᠋ᠠᠶᠢᠲ᠋ᠠ ᠵᠡᠷᠭᠡ ᠠᠷᠭ᠎ᠠ ᠪᠠᠷᠢᠯ ᠢ ᠬᠡᠷᠡᠭᠯᠡᠨ ᠬᠢᠵᠢᠭ ᠤᠨ | ᠪᠠᠶᠢᠳᠠᠯ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠥᠬᠦ ᠤᠯᠤᠰ ᠤᠨ ᠨᠢᠭᠡ | ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ ︿ᠡᠷᠡᠭᠦᠯ ᠮᠡᠨᠳᠦ ᠶᠢᠨ | ᠺᠣᠳ᠋﹀ ᠢ ᠭᠠᠵᠠᠷ ᠣᠷᠣᠨ ᠠᠯᠤᠰᠯᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠲᠦᠷᠬᠡᠨ ᠠᠬᠢᠭᠤᠯᠬᠤ | ᠲᠤᠬᠠᠶ ᠮᠡᠳᠡᠭᠳᠡᠯ︾ ︵ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠡᠷᠦᠩᠬᠡᠶᠢᠯᠡᠭᠰᠡᠨ | ᠲᠠᠷᠬᠠᠭᠠᠭᠰᠠᠨ ﹇2020﹈ 107 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠪᠤᠳᠠᠲᠠᠢ ᠲᠠᠢ ᠤᠶᠠᠯᠳᠤᠭᠤᠯᠤᠨ᠂ ᠡᠳᠦᠭᠡ ᠡᠷᠡᠭᠦᠯ ᠮᠡᠨᠳᠦ ᠶᠢᠨ ᠺᠣᠳ᠋ ᠢ ᠮᠤᠵᠢ ᠶᠢᠨ ᠬᠤᠭᠤᠷᠣᠨᠳᠤ | ᠬᠠᠷᠢᠯᠴᠠᠨ ᠮᠡᠳᠡᠷᠡᠵᠦ ᠬᠡᠷᠡᠭᠯᠡᠬᠦ ᠶᠢ ᠲᠦᠷᠬᠡᠨ ᠠᠬᠢᠭᠤᠯᠬᠤ ᠲᠤᠬᠠᠶ ᠬᠠᠮᠢᠶ᠎ᠠ ᠪᠥᠬᠦᠶ ᠵᠦᠶᠯᠡᠰ ᠢ ᠳᠣᠤᠷᠠᠬᠢ ᠮᠡᠲᠦ | ᠮᠡᠳᠡᠭᠳᠡᠪᠡ᠃ | ᠨᠢᠭᠡ᠂ ᠶᠡᠷᠦᠩᠬᠡᠶ ᠱᠠᠭᠠᠷᠳᠠᠯᠭ᠎ᠠ | ᠡᠷᠡᠭᠦᠯ ᠮᠡᠨᠳᠦ ᠶᠢᠨ ᠺᠣᠳ᠋ ᠭᠦᠶᠴᠡᠳᠬᠡᠬᠦ ᠶᠢ ᠳᠦᠭᠦᠮᠴᠢᠯᠡᠬᠦ ᠪᠠ ᠵᠢᠷᠤᠮᠵᠢᠭᠤᠯᠬᠤ᠂ ᠣᠯᠠᠨ ᠲᠦᠮᠡᠨ ᠤ | ᠦᠶᠯᠡᠳᠪᠦᠷᠢᠯᠡᠯ ᠠᠮᠢᠳᠤᠷᠠᠯ ᠳᠤ ᠳᠦᠭᠦᠮ ᠦᠵᠡᠭᠦᠯᠬᠦ᠂ ᠬᠥᠮᠦᠰ ᠤᠨ ᠡᠮᠬᠢ ᠵᠢᠷᠤᠮ ᠲᠠᠢ ᠪᠠᠷ ᠰᠢᠯᠵᠢᠬᠦ ᠶᠢ | ᠠᠬᠢᠭᠤᠯᠬᠤ ᠪᠠᠷ ᠵᠣᠷᠢᠯᠭ᠎ᠠ ᠪᠣᠯᠭᠠᠨ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠪᠠᠷ ᠲᠤᠯᠭᠠᠭᠤᠷᠢᠯᠠᠯ ᠪᠣᠯᠭᠠᠵᠤ᠂ | ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂ | ᠮᠤᠵᠢ ᠶᠢᠨ ᠬᠤᠭᠤᠷᠣᠨᠳᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠬᠦ ᠡᠷᠡᠭᠦᠯ ᠮᠡᠨᠳᠦ ᠶᠢᠨ ᠺᠣᠳ᠋ ᠢ ᠬᠠᠷᠢᠯᠴᠠᠨ | ᠮᠡᠳᠡᠷᠡᠬᠦ ᠲᠣᠭᠲᠠᠴᠠ ᠶᠢ ᠪᠠᠶᠢᠭᠤᠯᠵᠤ᠂ ᠰᠠᠭᠤᠭᠠᠯᠢ ᠠᠷᠠᠳ ᠤᠨ ᠲᠤᠬᠠᠶ ᠶᠢᠨ ᠭᠠᠵᠠᠷ ᠲᠤ ᠪᠠᠨ ᠭᠤᠶᠤᠴᠢᠯᠠᠨ | ᠠᠪᠤᠭᠰᠠᠨ ᠡᠷᠡᠭᠦᠯ ᠮᠡᠨᠳᠦ ᠶᠢᠨ ᠺᠣᠳ᠋ ᠢ ᠬᠠᠷᠢᠯᠴᠠᠨ ᠮᠡᠳᠡᠷᠡᠬᠦ ᠲᠣᠭᠲᠠᠴᠠ ᠪᠠᠶᠢᠭᠤᠯᠤᠭᠰᠠᠨ ᠮᠤᠵᠢ ︵ᠣᠷᠣᠨ᠂ | ᠬᠤᠲᠠ︶ ᠶᠢᠨ ᠬᠤᠭᠤᠷᠣᠨᠳᠣ ᠬᠠᠷᠢᠯᠴᠠᠨ ᠮᠡᠳᠡᠷᠡᠵᠦ᠂ ᠬᠦᠷᠦᠭᠰᠡᠨ ᠭᠠᠵᠠᠷ ᠲᠤ ᠪᠠᠨ ᠳᠠᠬᠢᠨ ᠳᠠᠪᠲᠠᠨ | ᠭᠤᠶᠤᠴᠢᠯᠠᠨ ᠠᠪᠬᠤ ᠴᠢᠬᠤᠯᠠ ᠥᠬᠡᠶ᠃ | ᠬᠤᠶᠠᠷ᠂ ᠬᠠᠷᠢᠯᠴᠠᠨ ᠮᠡᠳᠡᠷᠡᠬᠦ ᠳᠦᠷᠢᠮ | ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠢ ᠭᠤᠶᠤᠴᠢᠯᠠᠨ ᠠᠪᠤᠭᠰᠠᠨ ᠰᠠᠭᠤᠭᠠᠯᠢ ᠠᠷᠠᠳ᠂ ᠬᠠᠷᠢᠯᠴᠠᠨ | ᠮᠡᠳᠡᠷᠡᠬᠦ ᠮᠤᠵᠢ ︵ᠣᠷᠣᠨ᠂ ᠬᠤᠲᠠ︶ ᠳᠤ ᠬᠦᠷᠪᠡᠯ ᠲᠤᠬᠠᠶ ᠶᠢᠨ ᠭᠠᠵᠠᠷ ᠤᠨ ᠡᠷᠡᠭᠦᠯ ᠮᠡᠨᠳᠦ ᠶᠢᠨ ᠨᠡᠪᠲᠡᠷᠡᠬᠦ | ᠺᠣᠳ᠋ ᠢ ᠳᠠᠬᠢᠨ ᠳᠠᠪᠲᠠᠨ ᠭᠤᠶᠤᠴᠢᠯᠠᠨ ᠠᠪᠬᠤ ᠴᠢᠬᠤᠯᠠ ᠥᠬᠡᠶ ︵ᠬᠠᠷᠢᠯᠴᠠᠨ ᠮᠡᠳᠡᠷᠡᠬᠦ ᠮᠤᠵᠢ ᠣᠷᠣᠨ ᠤ ᠬᠢᠨ | ᠶᠠᠭ ᠬᠠᠷᠢᠭᠤ ᠲᠤᠰᠬᠠᠵᠤ ᠪᠤᠢ᠂ ᠲᠣᠭᠲᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠡᠷᠡ ᠳᠠᠷᠤᠶ | ᠳᠤ ᠨᠢ ᠨᠡᠶᠢᠲᠡ ᠳᠤ ᠵᠠᠷᠯᠠᠨ᠎ᠠ︶᠂ ︽ᠺᠣᠳ᠋ ᠢᠶᠠᠨ ᠦᠵᠡᠭᠦᠯᠬᠦ ᠪᠤᠶᠤ ᠰᠢᠯᠭᠠᠨ ᠪᠠᠶᠢᠴᠠᠭᠠᠯᠭᠠᠬᠤ︾ ᠪᠠᠷ ᠳᠠᠮᠵᠢᠨ᠂ | ᠲᠣᠰ ᠮᠤᠵᠢ ︵ᠣᠷᠣᠨ᠂ ᠬᠤᠲᠠ︶ ᠶᠢᠨ ᠡᠷᠡᠭᠦᠯ ᠮᠡᠨᠳᠦ ᠶᠢᠨ ᠺᠣᠳ᠋ ᠤᠨ ᠲᠦᠷᠢᠮ ᠢᠶᠠᠷ ᠯᠠᠪᠯᠠᠯᠲᠠ ᠪᠣᠯᠭᠠᠵᠤ᠂ | ᠬᠠᠷᠢᠯᠴᠠᠨ ᠢᠲᠡᠭᠡᠯᠴᠡᠬᠦ ᠨᠣᠭᠤᠭᠠᠨ ᠺᠣᠳ᠋ ᠥᠭᠴᠦ ᠨᠡᠪᠲᠡᠷᠡᠭᠦᠯᠬᠦ ᠪᠤᠶᠤ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠠᠪᠴᠤ ᠪᠣᠯᠣᠨ᠎ᠠ᠂ ᠪᠤᠰᠤᠳ ᠬᠢᠵᠠᠭᠠᠷᠯᠠᠬᠤ ᠨᠥᠬᠦᠴᠡᠯ ᠢ ᠳᠤᠷᠠᠳᠬᠤ ᠥᠬᠡᠶ ᠪᠦᠭᠡᠳ 14 ᠡᠳᠦᠷ | ᠲᠤᠰᠠᠭᠠᠷᠯᠠᠬᠤ ᠥᠬᠡᠶ᠃ ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠤᠨ ᠬᠦᠴᠦᠨ ᠪᠦᠬᠦᠢ ᠬᠤᠭᠤᠴᠠᠭ᠎ᠠ ᠨᠢ | 14 ᠡᠳᠦᠷ ᠪᠣᠯᠣᠨ᠎ᠠ᠂ ᠡᠷᠡᠭᠦᠯ ᠮᠡᠨᠳᠦ ᠶᠢᠨ ᠺᠣᠳ᠋ ᠨᠢ ᠬᠦᠴᠦᠨ ᠦᠭᠡᠢ ᠪᠣᠯᠣᠭᠰᠠᠨ ᠰᠠᠭᠤᠭᠠᠯᠢ ᠠᠷᠠᠳ ᠮᠠᠨ ᠤ | ᠣᠷᠣᠨ ᠤ ᠡᠷᠡᠭᠦᠯ ᠮᠡᠨᠳᠦ ᠶᠢᠨ ᠺᠣᠳ᠋ ᠢ ᠥᠷᠭᠦᠯᠵᠢᠯᠡᠨ ᠭᠤᠶᠤᠴᠢᠯᠠᠨ ᠠᠪᠴᠤ ᠪᠣᠯᠬᠤ ᠪᠦᠭᠡᠳ ᠲᠣᠬᠠᠢ ᠶᠢᠨ | ᠭᠠᠵᠠᠷ ᠤᠨ ᠡᠷᠡᠭᠦᠯ ᠮᠡᠨᠳᠦ ᠶᠢᠨ ᠺᠣᠳ᠋ ᠢ ᠭᠤᠶᠤᠴᠢᠯᠠᠨ ᠠᠪᠤᠭᠰᠠᠨ ᠴᠤ ᠪᠣᠯᠣᠨ᠎ᠠ᠃ | ᠬᠤᠪᠸᠢ ᠮᠤᠵᠢ ᠶᠢ ᠭᠠᠷᠭᠠᠪᠠᠯ᠂ ᠮᠠᠨ ᠤ ᠣᠷᠣᠨ ᠬᠠᠷᠢᠯᠴᠠᠨ ᠮᠡᠳᠡᠷᠡᠬᠦ ᠮᠤᠵᠢ ︵ᠣᠷᠣᠨ᠂ ᠬᠤᠲᠠ︶ ᠶᠢᠨ | ᠡᠷᠡᠭᠦᠯ ᠮᠡᠨᠳᠦ ᠶᠢᠨ ᠺᠣᠳ᠋ ᠢ ᠴᠥᠮ ᠮᠡᠳᠡᠷᠡᠵᠦ᠂ ᠲᠤᠬᠠᠶ ᠶᠢᠨ ᠭᠠᠵᠠᠷ ᠠᠴᠠ ᠭᠤᠶᠤᠴᠢᠯᠠᠨ ᠠᠪᠤᠭᠰᠠᠨ ᠡᠷᠡᠭᠦᠯ | ᠮᠡᠨᠳᠦ ᠶᠢᠨ ᠺᠣᠳ᠋ ᠢᠶᠠᠨ ᠠᠪᠴᠤ ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠢ ᠬᠡᠷᠡᠭᠯᠡᠬᠦ ᠲᠦᠷᠢᠮ ᠢᠶᠠᠷ | ᠯᠠᠪᠯᠠᠯᠲᠠ ᠪᠣᠯᠭᠠᠨ᠂ ︽ᠨᠣᠮᠧᠷ ᠢᠶᠠᠨ ᠦᠵᠡᠭᠦᠯᠬᠦ︾ ᠪᠤᠶᠤ ︽ᠺᠣᠳ᠋ ᠢᠶᠠᠨ ᠰᠢᠯᠭᠠᠨ ᠪᠠᠶᠢᠴᠠᠭᠠᠯᠭᠠᠭᠰᠠᠨ︾ ᠤ | ᠳᠠᠷᠠᠭ᠎ᠠ᠂ ᠬᠠᠷᠢᠯᠴᠠᠨ ᠢᠲᠡᠭᠡᠯᠴᠡᠬᠦ ᠨᠣᠭᠤᠭᠠᠨ ᠺᠣᠳ᠋ ᠥᠭᠴᠦ ᠨᠡᠪᠲᠡᠷᠡᠭᠦᠯᠦᠨ᠂ ᠪᠤᠰᠤᠳ ᠬᠢᠵᠠᠭᠠᠷᠯᠠᠬᠤ ᠨᠥᠬᠦᠴᠡᠯ | ᠳᠤᠷᠠᠳᠬᠤ ᠥᠬᠡᠶ ᠪᠦᠭᠡᠳ14 ᠡᠳᠦᠷ ᠲᠤᠰᠠᠭᠠᠷᠯᠠᠬᠤ ᠥᠬᠡᠶ᠂ ︽ᠤᠯᠠᠭᠠᠨ᠂ ᠰᠢᠷ᠎ᠠ ᠺᠣᠳ᠋︾ ᠲᠠᠢ ᠬᠥᠮᠦᠰ ᠲᠤ | ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠡᠷᠡᠭᠦᠯ ᠮᠡᠨᠳᠦ ᠶᠢᠨ | ᠺᠣᠳ᠋ ᠬᠦᠴᠦᠨ ᠦᠭᠡᠢ ᠪᠣᠯᠪᠠᠯ᠂ ᠤᠤᠯ ᠤᠨ ᠮᠤᠵᠢ ︵ᠣᠷᠣᠨ᠂ ᠬᠤᠲᠠ︶ ᠶᠢᠨ ᠡᠷᠡᠭᠦᠯ ᠮᠡᠨᠳᠦ ᠶᠢᠨ ᠺᠣᠳ᠋ ᠢ | ᠥᠷᠭᠦᠯᠵᠢᠯᠡᠨ ᠭᠤᠶᠤᠴᠢᠯᠠᠨ ᠠᠪᠴᠤ ᠪᠣᠯᠬᠤ ᠪᠦᠭᠡᠳ ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠢ | ᠭᠤᠶᠤᠴᠢᠯᠠᠨ ᠠᠪᠤᠭᠰᠠᠨ ᠴᠤ ᠪᠣᠯᠣᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | 3 ᠳ᠋ᠤᠭᠠᠷ ᠰᠠᠷ᠎ᠠ ᠶᠢᠨ 19 ᠤ ᠡᠳᠦᠷ ᠠᠴᠠ ᠡᠬᠢᠯᠡᠨ᠂ ᠬᠠᠷᠢᠯᠴᠠᠨ ᠮᠡᠳᠡᠷᠡᠬᠦ ᠮᠣᠵᠢ ︵ᠣᠷᠣᠨ᠂ ᠬᠤᠲᠠ︶ | ᠶᠢᠨ ᠡᠷᠡᠭᠦᠯ ᠮᠡᠨᠳᠦ ᠶᠢᠨ ᠺᠣᠳ᠋ ᠢ ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠲᠠᠢ ᠠᠳᠠᠯᠢ ᠪᠠᠷ ᠦᠵᠡᠵᠦ | ᠨᠡᠪᠲᠡᠷᠡᠬᠦ ᠭᠡᠷᠡᠴᠢ ᠪᠠᠷᠢᠮᠲᠠ ᠪᠣᠯᠭᠠᠨ᠎ᠠ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠨᠤᠭᠤᠳ ᠠᠰᠳᠠᠭᠠᠨ ᠬᠢᠵᠢᠭ ᠤᠨ ᠪᠠᠶᠢᠳᠠᠯ ᠤᠨ ᠬᠠᠮᠢᠶ᠎ᠠ ᠪᠦᠬᠦᠢ ᠡᠷᠡᠭᠦᠯ ᠮᠡᠨᠳᠦ ᠶᠢᠨ ᠭᠡᠷᠡᠴᠢ ᠮᠠᠲ᠋ᠧᠷᠢᠶᠠᠯ | ᠬᠠᠩᠭᠠᠭᠠᠯᠭᠠᠬᠤ ᠪᠠᠷ ᠱᠠᠭᠠᠷᠳᠠᠵᠤ ᠪᠣᠯᠬᠤ ᠥᠬᠡᠶ᠂ ᠬᠤᠪᠧᠢ ᠮᠤᠵᠢ ᠶᠢᠨ ᠡᠷᠡᠭᠦᠯ ᠮᠡᠨᠳᠦ ᠶᠢᠨ ᠺᠣᠳ᠋ ᠤᠨ | ᠬᠡᠷᠡᠭᠯᠡᠯᠲᠡ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠲᠣᠭᠲᠠᠴᠠ ᠶᠢᠨ ᠨᠢᠭᠡᠳᠦᠯᠲᠡᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ | | 2020 ᠣᠨ ᠤ 3 ᠳ᠋ᠤᠭᠠᠷ ᠰᠠᠷ᠎ᠠ ᠶᠢᠨ 18 ᠤ ᠡᠳᠦᠷ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |