﹇ᠲᠤᠭ᠎ᠠ ᠪᠠᠷᠢᠮᠲᠠ ᠶᠢᠨ ᠨᠡᠶᠢᠲᠡᠯᠡᠯ﹈ 1 — 2 ᠳ᠋ᠤᠭᠠᠷ ᠰᠠᠷ᠎ᠠ ᠶᠢᠨ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2020/3/19

     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ᠂ ᠡᠨᠡ ᠵᠢᠯ ᠤᠨ

1 — 2 ᠳ᠋ᠤᠭᠠᠷ ᠰᠠᠷ᠎ᠠ ᠳᠤ ᠪᠥᠬᠦ ᠣᠷᠣᠨ ᠤ ᠣᠯᠠᠩᠬᠢ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠨᠢ ᠲᠦᠷᠦᠭᠦᠤ ᠵᠢᠯ ᠤᠨ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ ᠴᠥᠮ ᠢᠯᠡᠳᠲᠡ ᠪᠠᠭᠤᠷᠠᠭᠰᠠᠨ ᠪᠣᠯᠪᠠᠴᠤ ᠵᠠᠷᠢᠮ ᠬᠦᠷᠢᠶ᠎ᠡ ᠴᠠᠷᠠᠭ᠎ᠠ᠂ ᠠᠵᠢᠯ ᠲᠥᠷᠥᠯ ᠤᠨ ᠳᠣᠲᠣᠭᠠᠳᠤ ᠶᠢᠨ ᠬᠥᠭᠵᠢᠯᠲᠡ ᠳᠤ ᠮᠦᠨ ᠬᠢᠯᠠᠰ ᠴᠡᠭ ᠢᠯᠡᠷᠡᠪᠡ᠃
     ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠠᠭᠤᠷᠠᠭᠰᠠᠨ ᠪᠣᠯᠪᠠᠴᠤ ᠦᠢᠯᠡᠳᠬᠦ ᠦᠢᠯᠡᠰ ᠤᠨ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠨ᠎ᠠ
     1 — 2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 4.7% ᠪᠠᠷ ᠪᠠᠭᠤᠷᠠᠪᠠ᠃ ᠭᠤᠷᠪᠠᠨ ᠶᠡᠭᠡ ᠲᠥᠷᠥᠯ ᠠᠴᠠ ᠠᠪᠴᠤ ᠦᠵᠡᠪᠡᠯ᠂ ᠦᠢᠯᠡᠳᠬᠦ ᠦᠢᠯᠡᠰ ᠤᠨ ᠨᠡᠮᠡᠭᠳᠡᠯ ᠨᠢ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠢ ᠠᠴᠠ 8.9 ᠵᠠᠭᠤᠨ ᠤ ᠴᠡᠭ ᠥᠨᠳᠥᠷ ᠪᠣᠯᠪᠠ︔ ᠠᠭᠤᠷᠬᠠᠶ ᠮᠠᠯᠲᠠᠬᠤ ᠦᠢᠯᠡᠰ ᠤᠨ ᠬᠢ 16.4% ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠬᠢ 0.5% ᠪᠠᠷ ᠨᠡᠮᠡᠭᠳᠡᠪᠡ᠃ ᠬᠡᠰᠡᠭ ᠭᠤᠤᠯ ᠪᠣᠯᠬᠤ ᠠᠵᠢᠯ ᠲᠥᠷᠥᠯ ᠠᠴᠠ ᠠᠪᠴᠤ ᠦᠵᠡᠪᠡᠯ᠂ ᠲᠡᠮᠦᠷᠯᠢᠭ ᠤᠨ ᠪᠤᠰᠤ ᠬᠦᠳᠡᠷ ᠤᠨ ᠦᠢᠯᠡᠳᠬᠦᠨ ᠤ ᠦᠢᠯᠡᠰ ᠤᠨ ᠬᠢ 53.1% ᠪᠠᠷ ᠨᠡᠮᠡᠭᠳᠡᠪᠡ︔ ᠥᠩᠭᠡᠲᠦ ᠲᠡᠮᠦᠷᠯᠢᠭ ᠬᠠᠶᠢᠯᠤᠭᠤᠯᠬᠤ ᠳᠠᠷᠤᠰᠢᠭᠤᠯᠤᠨ ᠪᠣᠯᠪᠠᠰᠤᠷᠠᠭᠤᠯᠬᠤ ᠠᠵᠤ ᠦᠢᠯᠡᠰ ᠤᠨ ᠬᠢ 13.8% ᠪᠠᠷ ᠨᠡᠮᠡᠭᠳᠡᠪᠡ︔ ᠬᠠᠷ᠎ᠠ ᠲᠡᠮᠦᠷᠯᠢᠭ ᠬᠠᠶᠢᠯᠤᠭᠤᠯᠤᠨ ᠪᠣᠯᠪᠠᠰᠤᠷᠠᠭᠤᠯᠬᠤ ᠠᠵᠤ ᠦᠢᠯᠡᠰ ᠤᠨ ᠬᠢ 13.8% ᠪᠠᠷ ᠨᠡᠮᠡᠭᠳᠡᠪᠡ᠃ ᠭᠤᠤᠯ ᠦᠢᠯᠡᠳᠬᠦᠨ ᠤ ᠭᠠᠷᠤᠯᠲᠠ ᠠᠴᠠ ᠦᠵᠡᠪᠡᠯ᠂ ᠴᠠᠬᠢᠯᠭᠠᠨ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ

0.2% ᠨᠡᠮᠡᠭᠳᠡᠵᠦ᠂ ᠪᠣᠯᠣᠳ ᠮᠠᠲ᠋ᠧᠷᠢᠶᠠᠯ ᠤᠨ ᠬᠢ 18.6% ᠨᠡᠮᠡᠭᠳᠡᠵᠦ᠂ ᠠᠷᠪᠠᠨ ᠵᠦᠢᠯ ᠤᠨ ᠥᠩᠭᠡᠲᠦ ᠲᠡᠮᠦᠷᠯᠢᠭ ᠤᠨ ᠬᠢ 16.0% ᠨᠡᠮᠡᠭᠳᠡᠵᠦ᠂ ᠴᠠᠬᠢᠯᠭᠠᠨ ᠢᠶᠠᠷ ᠵᠠᠳᠠᠯᠬᠤ ᠬᠥᠩᠭᠡᠨ ᠴᠠᠭᠠᠨ ᠤ ᠬᠢ 14.7% ᠨᠡᠮᠡᠭᠳᠡᠵᠦ᠂ ᠴᠠᠭᠠᠨ ᠢᠳᠡᠭᠡᠨ ᠤ ᠬᠢ 10.4% ᠨᠡᠮᠡᠭᠳᠡᠵᠡᠶ︔ ᠲᠠᠯᠠᠰᠲᠤ ᠴᠠᠬᠢᠭᠤᠷ ᠤᠨ ᠮᠠᠲ᠋ᠧᠷᠢᠶᠠᠯ᠂ ᠬᠤᠪᠣᠷ ᠰᠢᠷᠣᠶ ᠪᠠ ᠪᠠᠯ ᠴᠢᠯᠠᠭᠤ ᠵᠡᠷᠭᠡ ᠰᠢᠨ᠎ᠡ ᠦᠢᠯᠡᠳᠬᠦᠨ ᠤ ᠭᠠᠷᠤᠯᠲᠠ ᠨᠡᠯᠢᠶᠡᠳ ᠲᠦᠷᠭᠡᠨ ᠨᠡᠮᠡᠭᠳᠡᠵᠦ᠂ ᠳᠠᠩ ᠲᠠᠯᠠᠰᠲᠤ ᠴᠠᠬᠢᠭᠤᠷ ᠤᠨ ᠬᠢ 52.4% ᠨᠡᠮᠡᠭᠳᠡᠵᠦ᠂ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ ᠤᠨ ᠬᠢ 102.9% ᠨᠡᠮᠡᠭᠳᠡᠵᠦ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢᠲᠦ ᠡᠳ᠋ ᠤᠨ ᠦᠢᠯᠡᠳᠬᠦᠨ 13.7% ᠨᠡᠮᠡᠭᠳᠡᠪᠡ᠃
     ᠬᠤᠶᠠᠷ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠪᠠᠭᠤᠷᠠᠵᠤ᠂ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠲᠡᠩᠴᠡᠭᠦᠤ ᠪᠣᠯᠪᠠ
     1 — 2 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 34.9% ᠪᠠᠭᠤᠷᠠᠪᠠ᠃ ᠡᠭᠦᠨ ᠳᠤ᠂ ᠠᠷᠠᠳ ᠤᠨ ᠪᠠᠯᠠ ᠣᠷᠣᠭᠤᠯᠤᠯᠲᠠ 22.4% ᠪᠠᠷ ᠪᠠᠭᠤᠷᠠᠪᠠ᠃ ᠭᠤᠷᠪᠠᠨ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 182.0% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠠᠯᠠ ᠣᠷᠣᠭᠤᠯᠤᠯᠲᠠ 34.6% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 39.8% ᠪᠠᠷ ᠪᠠᠭᠤᠷᠠᠪᠠ᠃ ᠠᠵᠢᠯ ᠲᠦᠷᠦᠯ ᠢᠶᠠᠷ ᠬᠤᠪᠢᠶᠠᠵᠤ ᠦᠵᠡᠪᠡᠯ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ 48.9% ᠪᠠᠷ ᠨᠡᠮᠡᠭᠳᠡᠵᠦ᠂ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ ᠤᠨ ᠪᠡᠯᠡ ᠣᠷᠣᠭᠤᠯᠤᠯᠲᠠ 32.6% ᠪᠠᠷ ᠨᠡᠮᠡᠭᠳᠡᠪᠡ᠃ 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠲᠡᠩᠴᠡᠭᠦᠤ ᠪᠣᠯᠪᠠ᠃ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ 23.9 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 37.7% ᠪᠠᠷ ᠪᠠᠭᠤᠷᠠᠪᠠ︔ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 16.1 ᠳ᠋ᠦᠩᠰᠢᠭᠤᠷ ᠲᠥᠭᠦᠷᠢᠭ ᠪᠣᠯᠵᠤ᠂ 29.6% ᠪᠠᠷ ᠪᠠᠭᠤᠷᠠᠪᠠ᠃
     ᠭᠤᠷᠪᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠪᠠᠭᠠᠰᠤᠭᠰᠠᠨ ᠪᠣᠯᠪᠠᠴᠤ ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠢ ᠨᠡᠮᠡᠭᠳᠡᠪᠡ
     1 — 2 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 24.8% ᠪᠠᠷ ᠪᠠᠭᠤᠷᠠᠪᠠ᠃ ᠡᠭᠦᠨ ᠳᠤ᠂ ᠬᠢᠵᠠᠭᠠᠷᠲᠤ ᠲᠤᠭ᠎ᠠ ᠠᠴᠠ ᠳᠡᠭᠡᠭᠰᠢᠬᠢ ᠨᠢᠭᠡᠴᠢ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 33.3% ᠪᠠᠷ ᠪᠠᠭᠤᠷᠠᠪᠠ᠃ ᠬᠡᠷᠡᠭᠯᠡᠭᠡᠨ ᠤ ᠲᠦᠷᠦᠯ ᠵᠦᠢᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ 18.6% ᠪᠠᠭᠤᠷᠠᠵᠤ᠂ ᠢᠳᠡᠭᠡᠨ ᠤᠮᠳᠠᠭᠠᠨ ᠤ ᠣᠷᠣᠯᠭ᠎ᠠ 59.8% ᠪᠠᠷ ᠪᠠᠭᠤᠷᠠᠪᠠ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠪᠣᠷᠣᠯᠠᠭᠤᠯᠤᠯᠲᠠ ᠪᠠ ᠪᠣᠳᠠᠲᠤ ᠲᠠᠸᠠᠷ ᠢ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠡᠮᠡᠭᠳᠡᠯ ᠢᠶᠠᠨ ᠪᠠᠲᠤᠯᠠᠪᠠ᠃ ᠬᠢᠵᠠᠭᠠᠷᠲᠤ ᠲᠤᠭ᠎ᠠ ᠠᠴᠠ ᠳᠡᠭᠡᠭᠰᠢᠬᠢ ᠨᠢᠭᠡᠴᠢ ᠶᠢᠨ ᠠᠮᠤ ᠳᠤᠰᠤ᠂ ᠢᠳᠡᠭᠡᠨ ᠤ ᠵᠦᠢᠯ ᠪᠠ ᠤᠮᠳᠠᠭᠠᠨ ᠤ ᠵᠦᠢᠯ ᠨᠢ ᠲᠤᠰ ᠲᠤᠰ 25.2% ᠪᠠ

4.5% ᠪᠠᠷ ᠨᠡᠮᠡᠭᠳᠡᠪᠡ︔ ᠬᠢᠵᠠᠭᠠᠷᠲᠤ ᠲᠤᠭ᠎ᠠ ᠠᠴᠠ ᠳᠡᠭᠡᠭᠰᠢᠬᠢ ᠨᠢᠭᠡᠴᠢ ᠶᠢᠨ ᠰᠦᠯᠵᠢᠶ᠎ᠡ ᠪᠠᠷ ᠳᠠᠮᠵᠢᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠨᠢ 12.0% ᠪᠠᠷ ᠨᠡᠮᠡᠭᠳᠡᠪᠡ᠃ ᠬᠤᠯᠪᠣᠯᠳᠤᠭᠰᠠᠨ ᠡᠵᠡᠩᠨᠡᠯᠲᠡ ᠶᠢᠨ ᠵᠠᠭᠪᠤᠷ ᠢᠶᠠᠷ ᠡᠵᠡᠩᠨᠡᠭᠰᠡᠨ ᠬᠢᠵᠠᠭᠠᠷᠲᠤ ᠲᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.4% ᠪᠠᠷ

ᠨᠡᠮᠡᠭᠳᠡᠪᠡ᠃
     ᠲᠦᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠡᠯᠢᠶᠡᠳ ᠲᠦᠷᠭᠡᠨ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠦᠷᠭᠦᠯᠵᠢᠯᠡᠨ ᠥᠰᠪᠡ
     1 — 2 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 4.0% ᠪᠠᠷ ᠥᠰᠴᠦ᠂ ᠥᠰᠥᠯᠲᠡ ᠶᠢᠨ ᠬᠡᠮᠵᠢᠶ᠎ᠡ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠪᠠ ᠲᠦᠷᠦᠭᠦᠤ ᠵᠢᠯ ᠤᠨ ᠪᠥᠬᠦ ᠵᠢᠯ ᠤᠨ ᠬᠢ ᠠᠴᠠ ᠲᠣᠰ ᠲᠣᠰ 2.5 ᠪᠠ 1.6 ᠵᠠᠭᠤᠨ ᠤ ᠴᠡᠭ ᠥᠨᠳᠥᠷ ᠪᠣᠯᠣᠭᠰᠠᠨ ᠪᠣᠯᠪᠠᠴᠤ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1.3 ᠵᠠᠭᠤᠨ ᠤ ᠴᠡᠭ ᠳᠣᠤᠷ᠎ᠠ ᠪᠣᠯᠪᠠ᠃ ᠡᠭᠦᠨ ᠳᠤ᠂ ᠬᠤᠲᠠ ᠶᠢᠨ ᠬᠢ 3.7% ᠪᠠᠷ ᠥᠰᠴᠦ᠂ ᠮᠠᠯᠵᠢᠬᠤ ᠲᠠᠷᠢᠶᠠᠯᠠᠬᠤ ᠣᠷᠣᠨ ᠤ ᠬᠢ 4.9% ᠪᠠᠷ ᠥᠰᠴᠡᠶ᠃ ᠨᠠᠢᠮᠠᠨ ᠶᠡᠭᠡ ᠲᠥᠷᠥᠯ ᠤᠨ ᠦᠨ᠎ᠡ ᠬᠠᠩᠰᠢ ᠪᠦᠬᠦᠨ ᠢᠶᠠᠷ ᠢᠶᠠᠨ ᠥᠰᠴᠡᠶ᠂ ᠡᠭᠦᠨ ᠳᠤ ᠢᠳᠡᠭᠡᠨ ᠲᠠᠮᠠᠬᠢ ᠠᠷᠢᠬᠢᠨ ᠤ ᠲᠥᠷᠥᠯ ᠤᠨ ᠬᠢ 10.7% ᠪᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠲᠥᠷᠥᠯ ᠤᠨ ᠬᠢ 3.5% ᠪᠠᠷ ᠥᠰᠴᠡᠶ᠃ 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 2.1% ᠪᠠᠷ ᠥᠰᠴᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ

1.5 ᠵᠠᠭᠤᠨ ᠤ ᠴᠡᠭ ᠳᠡᠭᠡᠭᠰᠢᠯᠡᠪᠡ᠃ ᠬᠡᠳᠦ᠋ᠢᠪᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠪᠦᠬᠦ ᠣᠷᠣᠨ ᠤ ᠠᠵᠤ ᠠᠬᠤᠶ ᠳᠤ ᠨᠡᠯᠢᠶᠡᠳ ᠶᠡᠭᠡ ᠨᠥᠯᠥᠭᠡ ᠦᠵᠡᠭᠦᠯᠦᠭᠰᠡᠨ ᠪᠣᠯᠪᠠᠴᠤ ᠪᠦᠬᠦ ᠤᠯᠤᠰ ᠪᠣᠯᠤᠨ ᠪᠦᠬᠦ ᠣᠷᠣᠨ ᠤ ᠪᠠᠶᠢᠳᠠᠯ ᠠᠴᠠ ᠦᠵᠡᠪᠡᠯ ᠨᠥᠯᠥᠭᠡ ᠨᠢ ᠣᠬᠤᠷ ᠬᠤᠭᠤᠴᠠᠭᠠᠨ ᠤ ᠪᠥᠭᠡᠳ ᠡᠵᠡᠮᠳᠡᠵᠦ ᠪᠣᠯᠬᠤ ᠶᠤᠮ᠂ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠬᠥᠭᠵᠢᠯᠲᠡ ᠶᠢ ᠪᠠᠲᠤᠯᠠᠬᠤ ᠪᠠᠶᠢᠳᠠᠯ ᠬᠤᠪᠢᠷᠠᠭ᠎ᠠ ᠦᠭᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠠᠯᠬᠤᠮ ᠠᠯᠬᠤᠮ ᠢᠶᠠᠷ ᠰᠠᠶᠢᠵᠢᠷᠠᠵᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠳᠠᠭᠠᠯᠳᠤᠨ᠂ ᠠᠵᠤ ᠠᠬᠤᠶ ᠨᠡᠶᠢᠭᠡᠮ ᠤᠨ ᠠᠵᠢᠯᠯᠠᠭᠠᠨ ᠤ ᠡᠮᠬᠢ ᠳᠢᠭᠯᠢᠮ ᠠᠯᠬᠤᠮ ᠠᠯᠬᠤᠮ ᠢᠶᠠᠷ ᠰᠡᠷᠭᠦᠬᠦ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠣᠷᠣᠨ ᠬᠤᠪᠢᠶᠠᠵᠦ ᠱᠠᠲᠤ ᠬᠤᠪᠢᠶᠠᠨ᠂ ᠯᠠᠪᠳᠠᠭᠤᠨ ᠪᠠᠳᠤᠲᠠᠢ ᠡᠮᠬᠢ ᠵᠢᠷᠤᠮ ᠲᠠᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠᠨ ᠰᠡᠷᠭᠦᠭᠡᠬᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠬᠢᠴᠠ ᠶᠢ ᠲᠦᠷᠭᠡᠳᠬᠡᠬᠦ᠂ ᠬᠡᠷᠡᠭᠯᠡᠭᠡ ᠶᠢ ᠠᠬᠢᠭᠤᠯᠬᠤ ᠵᠡᠷᠭᠡ ᠲᠠᠯ᠎ᠠ ᠪᠠᠷ ᠬᠦᠴᠦ ᠲᠠᠯᠪᠢᠬᠤ ᠳᠤ ᠥᠷᠭᠦᠯᠵᠢᠯᠡᠨ ᠲᠥᠷᠥ ᠶᠢᠨ ᠪᠣᠳᠣᠯᠭ᠎ᠠ ᠶᠢᠨ ᠬᠠᠪᠰᠤᠷᠤᠯᠭ᠎ᠠ ᠳᠡᠮᠵᠢᠯᠭᠡ ᠦᠵᠡᠭᠦᠯᠵᠦ᠂ ᠠᠵᠤ ᠠᠬᠤᠶ ᠨᠡᠶᠢᠭᠡᠮ ᠤᠨ ᠡᠮᠬᠢ ᠳᠢᠭᠯᠢᠮ ᠢ ᠲᠦᠷᠭᠡᠬᠡᠨ ᠰᠡᠷᠭᠦᠭᠡᠵᠦ᠂ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ