ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/3/20
                                 ᠥᠪᠥᠷ ᠵᠠᠰᠠᠭ ᠲᠠᠷᠬᠠᠭᠠᠭᠰᠠᠨ ﹇2020﹈ 2 ᠳ᠋ᠤᠭᠠᠷ ᠲᠣᠭᠠᠲᠤᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹ 2019︺ 24 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠪᠡ᠃      ᠨᠢᠭᠡ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ      ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠳᠠᠪᠰᠢᠨ ᠣᠷᠤᠭᠰᠠᠨ ᠤ ᠳᠠᠷᠠᠭ᠎ᠠ ᠦᠷᠨᠢᠭᠦᠯᠦᠭᠰᠡᠨ ᠤᠯᠤᠰ ᠤᠨ ᠪᠠᠶᠢᠳᠠᠯ ᠤᠯᠤᠰ ᠤᠨ ᠬᠦᠴᠦᠨ ᠪᠣᠯᠣᠨ ᠣᠷᠣᠨ ᠤ ᠪᠠᠶᠢᠳᠠᠯ ᠣᠷᠣᠨ ᠤ ᠬᠦᠴᠦᠨ ᠤ ᠨᠢᠭᠡᠨ ᠴᠢᠬᠤᠯᠠ ᠶᠡᠭᠡ ᠪᠠᠶᠢᠴᠠᠭᠠᠯᠲᠠ ᠪᠣᠯᠤᠨ᠎ᠠ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠠᠷ ᠳᠠᠮᠵᠢᠭᠤᠯᠤᠨ᠂ ᠮᠠᠨ ᠤ ᠣᠷᠣᠨ ᠤ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠯᠭᠠᠳᠤ ᠣᠨᠴᠠᠯᠢᠭ ᠢ ᠲᠣᠳᠣᠷᠬᠠᠶ ᠣᠶᠢᠯᠠᠭᠠᠵᠤ᠂ ᠮᠠᠨ ᠤ ᠣᠷᠣᠨ ᠤ ᠬᠦᠮᠦᠨ ᠠᠮᠠ ᠶᠢᠨ ᠲᠤᠭ᠎ᠠ ᠬᠡᠮᠵᠢᠶ᠎ᠡ᠂ ᠪᠦᠲᠦᠴᠡ᠂ ᠲᠠᠷᠬᠠᠯᠲᠠ᠂ ᠬᠤᠲᠠ ᠬᠥᠳᠡᠭᠡ ᠶᠢᠨ ᠣᠷᠣᠨ ᠰᠠᠭᠤᠴᠠ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠲᠣᠳᠣᠯᠠᠵᠤ᠂ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠬᠥᠮᠦᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠶ  ᠬᠥᠭᠵᠢᠯᠲᠡ ᠶᠢ ᠠᠬᠢᠭᠤᠯᠬᠤ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠵᠥᠪ ᠣᠨᠣᠪᠴᠢᠲᠠᠶ ᠪᠥᠭᠡᠳ ᠬᠦᠴᠦᠨ ᠲᠡᠭᠦᠯᠳᠡᠷ ᠪᠦᠬᠦᠢ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠬᠤ ᠪᠣᠯᠣᠨ᠎ᠠ᠃ ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠦᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠶᠠᠷ᠂ ᠨᠡᠶᠢᠳᠡᠮ ᠪᠠᠶᠢᠴᠠᠭᠠᠭᠳᠠᠬᠤ ᠡᠲᠡᠭᠡᠳ᠂ ᠠᠭᠤᠯᠭ᠎ᠠ ᠪᠠ ᠴᠠᠭ ᠬᠤᠭᠤᠴᠠᠭ᠎ᠠ      ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠭᠳᠠᠬᠤ ᠡᠲᠡᠭᠡᠳ ᠪᠣᠯ ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠪᠣᠯᠭᠠᠬᠤ ᠪᠠᠷ ᠲᠣᠭᠲᠠᠭᠰᠠᠨ ᠴᠠᠭ  ᠲᠠᠬᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠲᠤᠳᠤᠷᠠᠬᠢ ᠪᠠᠶᠢᠭᠠᠯᠢ ᠬᠥᠮᠦᠨ ᠵᠢᠴᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠭᠠᠳᠠᠨ᠎ᠠ ᠪᠠᠶᠢᠭ᠎ᠠ ᠪᠣᠯᠪᠠᠴᠤ ᠰᠠᠭᠤᠷᠢᠰᠢᠭ᠎ᠠ ᠦᠭᠡᠶ ᠳᠤᠮᠳᠠᠳᠤ ᠤᠯᠤᠰ ᠤᠨ ᠠᠷᠠᠳ ᠢᠷᠭᠡᠨ ᠪᠣᠯᠤᠨ᠎ᠠ᠂ ᠡᠭᠦᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠤ ᠲᠦᠷ ᠰᠠᠭᠠᠲᠠᠭᠰᠠᠨ ᠬᠢᠯᠢ ᠶᠢᠨ ᠭᠠᠳᠠᠨᠠᠬᠢ ᠬᠥᠮᠦᠰ ᠢ  ᠪᠠᠭᠳᠠᠭᠠᠬᠤ ᠦᠭᠡᠶ᠃      ᠨᠡᠶᠢᠳᠡᠮ ᠪᠠᠶᠢᠴᠠᠭᠠᠯᠲᠠ ᠳᠤ ᠭᠤᠣᠯᠳᠠᠭᠤ ᠬᠥᠮᠦᠨ ᠠᠮᠠ  ᠪᠠ ᠰᠠᠭᠤᠭᠠᠯᠢ ᠡᠷᠦᠬᠡ ᠶᠢᠨ ᠦᠨᠳᠦᠰᠦᠨ ᠪᠠᠶᠢᠳᠠᠯ ᠳᠤ  ᠪᠠᠶᠢᠴᠠᠭᠠᠯᠲᠠ ᠬᠢᠨ᠎ᠡ᠂ ᠠᠭᠤᠯᠭ᠎ᠠ ᠳᠤ ᠨᠢ ᠄ ᠣᠪᠣᠭ ᠨᠡᠷ᠎ᠡ᠂ ᠡᠷᠬᠡᠳᠦ ᠠᠷᠠᠳ  ᠤᠨ ᠪᠡᠶ᠎ᠡ ᠶᠢᠨ ᠦᠨᠡᠮᠯᠠᠯ ᠤᠨ ᠨᠣᠮᠧᠷ᠂ ᠬᠦᠢᠰᠦ  ᠢᠯᠭᠠᠯ᠂ ᠨᠠᠰᠤ᠂ ᠦᠨᠳᠦᠰᠦᠲᠡᠨ᠂ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ᠂ ᠠᠵᠢᠯ ᠲᠥᠷᠥᠯ᠂ ᠡᠷᠬᠢᠯᠡᠭᠰᠡᠨ ᠠᠵᠢᠯ᠂ ᠨᠠᠭᠦᠵᠦ ᠰᠢᠯᠵᠢᠭᠰᠡᠨ᠂ ᠣᠷᠤᠭᠯᠠᠵᠤ ᠬᠦᠩᠭᠡᠵᠢᠭᠰᠡᠨ᠂ ᠨᠠᠰᠤ ᠪᠠᠷᠠᠭᠰᠠᠨ᠂ ᠣᠷᠣᠨ ᠰᠠᠭᠤᠴᠠ ᠶᠢᠨ ᠪᠠᠶᠢᠳᠠᠯ ᠵᠡᠷᠭᠡ ᠶᠢ ᠪᠠᠭᠳᠠᠭᠠᠨ᠎ᠠ᠃      ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠪᠣᠯᠭᠠᠬᠤ ᠪᠠᠷ ᠲᠣᠭᠲᠠᠭᠰᠠᠨ ᠴᠠᠭ ᠪᠣᠯ 2020 ᠣᠨ ᠤ 11  ᠳ᠋ᠦ᠋ᠭᠡᠷ ᠰᠠᠷ᠎ᠠ ᠶᠢᠨ 1 ᠤ ᠡᠳᠦᠷ ᠤᠨ ᠲᠡᠭ ᠴᠠᠭ ᠪᠣᠯᠤᠨ᠎ᠠ᠃      ᠭᠤᠷᠪᠠ᠂ ᠵᠣᠬᠢᠶᠠᠨ ᠪᠠᠶᠢᠭᠤᠯᠵᠤ ᠬᠡᠷᠡᠭᠵᠢᠭᠦᠯᠬᠦ      ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠶ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠬᠦᠷᠢᠶ᠎ᠡ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ  ᠣᠯᠠᠨ᠂ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠠᠵᠢᠯ ᠤᠨ ᠬᠦᠴᠢᠷᠳᠡᠯ ᠶᠡᠭᠡ ᠪᠠᠶᠢᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ ᠳᠤ ᠦᠵᠡ︶ ᠢ ᠪᠠᠶᠢᠭᠤᠯᠵᠤ᠂ ᠪᠦᠬᠦ ᠣᠷᠣᠨ ᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ  ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠤᠳ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠲᠤᠬᠢᠷᠠᠭᠤᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠪᠣᠳᠠᠲᠠᠶ ᠬᠠᠷᠢᠭᠤᠴᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ 2020 ᠣᠨ ᠤ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ 2020 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ  ᠵᠤᠬᠢᠬᠤ‌ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ ᠪᠠᠶᠢᠭᠤᠯᠵᠤ᠂ ᠲᠣᠰ ᠭᠠᠵᠠᠷ ᠣᠷᠣᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ  ᠶᠠᠪᠤᠴᠠ ᠳᠤ ᠲᠣᠬᠢᠶᠠᠯᠳᠤᠭᠰᠠᠨ ᠬᠦᠴᠢᠷᠳᠡᠯ ᠪᠠ ᠠᠰᠠᠭᠤᠳᠠᠯ ᠤᠳ ᠢ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢ 2020 ᠣᠨ ᠤ 4  ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ ᠪᠠᠶᠢᠭᠤᠯᠵᠤ᠂ ᠭᠠᠴᠠᠭ᠎ᠠ ᠲᠣᠰᠬᠤᠨ ︵ᠰᠠᠭᠤᠭᠠᠯᠢ ᠠᠷᠠᠳ ︶ ᠤ ᠵᠥᠪᠯᠡᠯ ᠨᠢ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠤᠭᠤᠶᠢᠯᠠᠩ ᠢ ᠪᠠᠶᠢᠭᠤᠯᠵᠤ᠂ ᠲᠣᠰ ᠬᠠᠷᠢᠶ᠎ᠠ  ᠲᠤᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠨ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ  ᠪᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ︵ᠰᠠᠭᠤᠭᠠᠯᠢ ᠠᠷᠠᠳ ︶ ᠤ ᠵᠥᠪᠯᠡᠯ ᠤᠨ ᠦᠢᠯᠡᠳᠦᠯ ᠢ ᠭᠦᠢᠴᠡᠳ  ᠪᠠᠳᠠᠷᠠᠭᠤᠯᠵᠦ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠨᠡᠶᠢᠭᠡᠮ ᠤᠨ ᠬᠦᠴᠦᠨ ᠢ ᠥᠷᠭᠡᠨ ᠢᠶᠠᠷ ᠬᠥᠲᠥᠯᠥᠨ ᠵᠢᠯᠣᠭᠤᠳᠴᠤ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠢᠳᠡᠪᠬᠢᠲᠡᠶ ᠣᠷᠣᠯᠴᠠᠭᠤᠯᠬᠤ ᠶᠢᠨ ᠬᠠᠮᠲᠤ ᠬᠢᠨᠠᠮᠠᠭᠠᠶ ᠬᠠᠮᠵᠢᠯᠴᠠᠭᠤᠯᠤᠨ ᠰᠠᠶᠢᠲᠤᠷ ᠬᠢᠬᠦ ᠬᠡᠷᠡᠭᠲᠡᠶ᠃      ︵ᠬᠤᠶᠠᠷ︶ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠤᠨ ᠶᠣᠰᠣᠭᠠᠷ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦ ᠪᠠᠨ ᠬᠠᠮᠲᠤᠳᠬᠠᠨ ᠬᠤᠷᠰᠢᠯᠴᠠᠵᠤ᠂ ᠨᠢᠭᠲᠠ ᠬᠠᠮᠵᠢᠯᠴᠠᠨ ᠠᠵᠢᠯᠯᠠᠵᠤ ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠯᠤᠭ᠎ᠠ ᠶᠢᠨ ᠵᠣᠬᠢᠶᠠᠨ ᠪᠠᠶᠢᠭᠤᠯᠵᠦ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠨᠢ ᠨᠡᠶᠢᠳᠡᠮ ᠪᠠᠶᠢᠴᠠᠭᠠᠯᠲᠠ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠪᠠ ᠢᠨᠲ᠋ᠧᠷ ᠰᠦᠯᠵᠢᠶᠡᠨ ᠤ ᠤᠬᠠᠭᠤᠯᠭ᠎ᠠ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠨᠡᠶᠢᠳᠡᠮ ᠪᠠᠶᠢᠴᠠᠭᠠᠯᠲᠠ ᠶᠢᠨ ᠲᠥᠰᠦᠯ ᠬᠢᠭᠡᠳ ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ ᠲᠤᠰᠬᠠᠶ ᠵᠦᠢᠯ ᠤᠨ ᠲᠥᠯᠥᠪᠵᠢᠭᠦᠯᠭᠡ ᠶᠢᠨ ᠵᠣᠯᠭᠠᠭᠤᠯᠬᠤ ᠠᠵᠢᠯ ᠢ ᠬᠠᠷᠢᠭᠤᠴᠠᠨ ᠵᠣᠬᠢᠴᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠦᠭᠦᠬᠡᠷᠦᠮᠵᠢ ᠶᠢᠨ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢᠨ ᠲᠠᠯ᠎ᠠ ᠳᠤ ᠬᠤᠯᠪᠣᠭᠳᠠᠬᠤ ᠵᠦᠢᠯ ᠤᠳ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ ᠰᠤᠷᠭᠠᠭᠤᠯᠢ ᠳᠤ ᠪᠠᠶᠢᠭ᠎ᠠ ᠰᠤᠷᠤᠭᠴᠢᠳ ᠲᠠᠬᠢ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠵᠢᠴᠢ ᠶᠡᠭᠡ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠡᠷᠦᠬᠡ ᠠᠮᠠ ᠶᠢ ᠴᠡᠭᠴᠡᠯᠡᠬᠦ ᠠᠵᠢᠯ ᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠬᠢᠭᠡᠳ ᠡᠷᠦᠬᠡ ᠠᠮᠠ ᠶᠢᠨ ᠵᠠᠰᠠᠭ ᠵᠠᠬᠢᠷᠭᠠᠨ ᠤ ᠲᠡᠮᠳᠡᠭᠯᠡᠯ ᠢ ᠬᠠᠷᠢᠭᠤᠴᠠᠭᠤᠯᠵᠤ ᠬᠠᠷᠭᠤᠭᠤᠯᠬᠤ ᠠᠵᠢᠯ ᠢ ᠬᠠᠮᠵᠢᠯᠴᠠᠨ ᠥᠷᠨᠢᠭᠦᠯᠵᠦ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤᠨ ᠳᠠᠬᠢ ᠬᠠᠮᠢᠶ᠎ᠠ ᠪᠦᠬᠦᠢ ᠠᠵᠢᠯ ᠢ ᠬᠠᠮᠵᠢᠯᠴᠠᠨ᠎ᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢ ᠵᠠᠰᠠᠭ ᠵᠠᠬᠢᠷᠭᠠᠨ ᠤ ᠣᠷᠣᠨ  ᠬᠤᠪᠢᠶᠠᠷᠢᠯᠠᠯ ᠤᠨ ᠲᠠᠯ᠎ᠠ ᠪᠠᠷ ᠵᠣᠬᠢᠴᠠᠭᠤᠯᠤᠨ ᠬᠠᠮᠵᠢᠯᠴᠠᠬᠤ ᠠᠵᠢᠯ ᠢ ᠬᠠᠷᠢᠭᠤᠴᠠᠵᠤ᠂ ᠥᠭᠦᠭᠰᠡᠨ ᠬᠥᠮᠦᠨ ᠠᠮᠠ ᠶᠢ ᠣᠷᠤᠰᠢᠭᠤᠯᠤᠭᠰᠠᠨ ᠲᠠᠯ᠎ᠠ ᠳᠤ ᠬᠠᠮᠢᠶᠠᠳᠠᠬᠤ ᠵᠠᠰᠠᠭ ᠵᠠᠬᠢᠷᠭᠠᠨ ᠤ ᠲᠡᠮᠳᠡᠭᠯᠡᠯ ᠢ ᠬᠠᠪᠰᠤᠷᠤᠨ ᠬᠠᠩᠭᠠᠨ᠎ᠠ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠨᠡᠶᠢᠳᠡᠮ ᠪᠠᠶᠢᠴᠠᠭᠠᠯᠲᠠ ᠶᠢᠨ ᠵᠢᠷᠤᠭ ᠵᠢᠷᠤᠨᠨᠯᠠᠬᠤ ᠳᠤ ᠬᠡᠷᠡᠭᠰᠡᠬᠦ ᠭᠠᠵᠠᠷ ᠵᠦᠶ ᠶᠢᠨ ᠮᠡᠳᠡᠭᠡ ᠵᠠᠩᠭᠢ ᠶᠢᠨ ᠮᠠᠲ᠋ᠧᠷᠢᠶᠠᠯ ᠤᠨ ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠨᠢ ᠬᠤᠲᠠ ᠶᠢᠨ ᠬᠠᠮᠢᠶᠠᠷᠤᠯᠲᠠ᠂ ᠠᠳᠠᠯ ᠠᠬᠤᠶ ᠵᠡᠷᠭᠡ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤᠨ ᠤ ᠬᠠᠮᠢᠶ᠎ᠠ ᠪᠥᠬᠦᠶ ᠠᠵᠢᠯ ᠳᠤ ᠬᠠᠮᠵᠢᠯᠴᠠᠬᠤ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠡᠶᠢᠳᠡᠮ ᠪᠠᠶᠢᠴᠠᠭᠠᠯᠲᠠ ᠥᠷᠨᠢᠭᠦᠯᠬᠦ ᠳᠤ ᠠᠰᠢᠭᠲᠠᠶ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠵᠢᠴᠢ ᠨᠡᠶᠢᠳᠡᠮ ᠪᠠᠶᠢᠴᠠᠭᠠᠯᠲᠠ ᠳᠤ ᠳᠠᠩᠰᠠᠯᠠᠨ ᠲᠡᠮᠲᠡᠭᠯᠡᠭᠰᠡᠨ ᠮᠡᠳᠡᠭᠡ ᠵᠠᠩᠭᠢ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠲᠠᠢ ᠬᠠᠮᠢᠶᠠᠳᠠᠬᠤ ᠵᠠᠰᠠᠭ ᠵᠠᠬᠢᠷᠭᠠᠨ ᠤ ᠲᠡᠮᠳᠡᠭᠯᠡᠯ  ᠯᠦᠭᠡ ᠬᠠᠷᠢᠴᠠᠭᠤᠯᠵᠤ ᠬᠠᠷᠭᠤᠭᠤᠯᠬᠤ ᠠᠵᠢᠯ ᠢ ᠬᠠᠷᠢᠭᠤᠴᠠᠵᠤ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ  ᠱᠠᠲᠤᠨ ᠤ ᠬᠠᠮᠢᠶ᠎ᠠ ᠪᠦᠬᠦᠢ ᠠᠵᠢᠯ ᠢ ᠬᠠᠮᠵᠢᠯᠴᠠᠨ᠎ᠠ᠃ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡᠴᠢ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ᠂ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠪᠠ ᠤᠬᠠᠭᠤᠯᠤᠨ ᠳᠠᠶᠢᠴᠢᠯᠠᠬᠤ ᠵᠡᠷᠭᠡ ᠠᠵᠢᠯ ᠤᠳ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃      ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠨᠥᠬᠦᠴᠡᠯ ᠳᠤ  ᠨᠡᠶᠢᠴᠡᠬᠦ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ  ᠪᠠ ᠨᠡᠶᠢᠳᠡᠮ ᠪᠠᠶᠢᠴᠠᠭᠠᠭᠴᠢ ᠶᠢ ᠤᠷᠢᠬᠤ ᠪᠣᠶᠤ ᠬᠤᠯᠪᠣᠭᠳᠠᠯ ᠪᠦᠬᠦᠢ ᠨᠢᠭᠡᠴᠢ ᠠᠴᠠ ᠵᠢᠭᠡᠯᠡᠵᠦ ᠬᠡᠷᠡᠭᠯᠡᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠬᠢᠬᠦ ᠣᠷᠣᠨ ᠪᠦᠷᠢ ᠳᠤ ᠨᠠᠭᠠᠳᠤ ᠵᠠᠬ᠎ᠠ ᠳᠤ ᠪᠠᠨ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠶᠢ 1 ᠲᠣᠬᠢᠷᠠᠭᠤᠯᠵᠤ᠂ ᠨᠡᠶᠢᠳᠡᠮ ᠪᠠᠶᠢᠴᠠᠭᠠᠭᠴᠢ ᠶᠢᠨ ᠠᠵᠢᠯ ᠢ ᠪᠠᠶᠢᠷᠢᠯᠠᠭᠤᠯᠬᠤ᠂ ᠵᠢᠯᠣᠭᠤᠳᠬᠤ᠂ ᠰᠢᠮᠳᠠᠭᠤᠯᠬᠤ ᠪᠠ ᠪᠠᠶᠢᠴᠠᠭᠠᠬᠤ ᠶᠢ ᠬᠠᠷᠢᠭᠤᠴᠠᠭᠤᠯᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠬᠢᠬᠦ ᠰᠠᠭᠤᠭᠠᠯᠢ ᠲᠣᠭᠤᠷᠢᠭ ᠪᠦᠷᠢ ᠳᠤ ᠨᠠᠭᠠᠳᠤ ᠵᠠᠬ᠎ᠠ ᠳᠤ ᠪᠠᠨ ᠨᠡᠶᠢᠳᠡᠮ ᠪᠠᠶᠢᠴᠠᠭᠠᠭᠴᠢ ᠶᠢ  1 ᠲᠣᠬᠢᠷᠠᠭᠤᠯᠵᠤ᠂ ᠡᠷᠦᠬᠡ ᠳᠤ ᠣᠷᠤᠵᠤ ᠳᠠᠩᠰᠠᠯᠠᠨ ᠲᠡᠮᠳᠡᠭᠯᠡᠬᠦ ᠵᠡᠷᠭᠡ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠭᠤᠯᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ  ᠪᠠ ᠨᠡᠶᠢᠳᠡᠮ ᠪᠠᠶᠢᠴᠠᠭᠠᠭᠴᠢ ᠶᠢ ᠲᠥᠷᠥ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠵᠢᠭᠡᠯᠡᠵᠦ  ᠬᠡᠷᠡᠭᠯᠡᠵᠦ ᠪᠣᠯᠬᠤ ᠪᠥᠭᠡᠳ ᠪᠠᠰᠠ ᠭᠠᠴᠠᠭ᠎ᠠ ᠲᠣᠰᠬᠤᠨ ︵ᠰᠠᠭᠤᠭᠠᠯᠢ ᠠᠷᠠᠳ︶ ᠤ ᠵᠥᠪᠯᠡᠯ ᠪᠤᠶᠤ ᠨᠡᠶᠢᠭᠡᠮ ᠠᠴᠠ ᠤᠷᠢᠵᠦ ᠪᠣᠯᠤᠨ᠎ᠠ᠃ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ ᠵᠢᠭᠡᠯᠡᠵᠦ  ᠬᠡᠷᠡᠭᠯᠡᠬᠦ ᠪᠠ ᠤᠷᠢᠬᠤ ᠠᠵᠢᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠬᠤ ᠬᠡᠷᠡᠭᠲᠡᠢ᠃      ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ ᠲᠣᠭᠲᠠᠭᠤᠨ ᠪᠠᠶᠢᠯᠭᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠤᠷᠢᠨᠨᠰᠠᠨ ᠠᠵᠢᠯᠳᠠᠨ ᠤ ᠪᠠᠨ ᠬᠦᠳᠡᠯᠮᠦᠷᠢ ᠶᠢᠨ ᠬᠥᠯᠥᠰᠥ ᠣᠯᠭᠤᠮᠵᠢ ᠶᠢ ᠴᠠᠭ ᠲᠤᠬᠠᠶ  ᠳᠤ ᠨᠢ ᠲᠤᠭᠠᠴᠠᠵᠦ᠂ ᠵᠢᠭᠡᠯᠡᠵᠦ ᠬᠡᠷᠡᠭᠯᠡᠭᠰᠡᠨ ᠠᠵᠢᠯᠳᠠᠨ ᠤ ᠪᠠᠨ ᠤᠤᠯ ᠤᠨ ᠨᠢᠭᠡᠴᠢ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠨᠢ ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠬᠤ ᠶᠢᠨ ᠬᠠᠮᠲᠤ ᠤᠤᠯ ᠤᠨ ᠠᠵᠢᠯ ᠤᠨ ᠪᠠᠶᠢᠷᠢ ᠶᠢ ᠨᠢ ᠦᠯᠡᠳᠡᠭᠡᠬᠦ ᠬᠡᠷᠡᠭᠲᠡᠶ᠃ ᠤᠷᠢᠨᠨᠰᠠᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠠ ᠨᠡᠶᠢᠳᠡᠮ ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠤ ᠲᠣᠬᠢᠷᠠᠭᠤᠯᠵᠤ᠂ ᠤᠷᠢᠵᠤ ᠬᠡᠷᠡᠭᠯᠡᠭᠰᠡᠨ ᠨᠢᠭᠡᠴᠢ ᠠᠴᠠ ᠲᠤᠭᠠᠴᠠᠬᠤ ᠬᠡᠷᠡᠭᠲᠡᠢ᠃      ᠳᠥᠷᠪᠡ᠂ ᠵᠠᠷᠤᠳᠠᠯ ᠤᠨ ᠪᠠᠲᠤᠯᠠᠭ᠎ᠠ      ᠲᠥᠷᠥ ᠲᠠᠷᠬᠠᠭᠠᠭᠰᠠᠨ ︹ 2019 ︺ 24 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠲᠥᠪ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ  ᠬᠠᠮᠳᠤ ᠪᠠᠷ ᠡᠭᠦᠷᠭᠡᠯᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠣᠨ ᠤ ᠡᠳ᠋ ᠤᠨ ᠵᠠᠰᠠᠭ ᠤᠨ ᠲᠥᠰᠦᠪ ᠲᠤ  ᠣᠷᠣᠭᠤᠯᠵᠤ᠂ ᠭᠦᠢᠴᠡᠳ ᠲᠤᠭ᠎ᠠ ᠪᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠤᠶᠠᠷ ᠱᠠᠲᠤᠨ ᠤ ᠡᠳ᠋ ᠤᠨ ᠵᠠᠰᠠᠭ ᠨᠢ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠵᠢᠴᠢ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠬᠤᠪᠢ ᠶᠢᠨ ᠤᠶᠤᠨᠴᠢ ᠭᠠᠷ ᠤᠲᠠᠰᠤ ᠪᠠᠷ ᠢᠶᠠᠨ ᠲᠤᠭ᠎ᠠ ᠪᠠᠷᠢᠮᠲᠠ  ᠴᠤᠨᠨᠯᠠᠭᠤᠯᠬᠤ ᠳᠤ ᠬᠡᠷᠡᠭᠯᠡᠭᠰᠡᠨ ᠭᠠᠷ ᠤᠳᠠᠰᠤᠨ ᠤ ᠵᠠᠷᠤᠳᠠᠯ ᠤᠨ ᠨᠡᠮᠡᠭᠦᠷᠢ ᠶᠢ ᠭᠤᠤᠯᠳᠠᠯᠭ᠎ᠠ ᠲᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠠᠰᠠᠭᠤᠳᠠᠯ ᠠᠴᠠ ᠪᠣᠯᠵᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠴᠢᠨᠠᠷ ᠢ ᠨᠢ ᠨᠦᠯᠦᠭᠡᠯᠡᠵᠦ ᠪᠣᠯᠬᠤ ᠦᠭᠡᠢ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢᠨ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠨᠡᠶᠢᠳᠡᠮ ᠪᠠᠶᠢᠴᠠᠭᠠᠯᠲᠠ  ᠳᠠᠬᠢ ᠲᠤᠭ᠎ᠠ ᠪᠠᠷᠢᠮᠲᠠ ᠶᠢ ᠨᠡᠶᠢᠳᠡᠮ ᠪᠠᠶᠢᠴᠠᠭᠠᠯᠳᠠ  ᠳᠤ ᠬᠡᠷᠡᠭᠯᠡᠬᠦ  ᠵᠤᠷᠢᠯᠭ᠎ᠠ   ᠪᠠᠷ  ᠬᠢᠵᠠᠭᠠᠷᠯᠠᠨ ᠲᠤᠨᠨᠳᠠᠭᠠᠵᠦ᠂ ᠶᠠᠮᠠᠷᠪᠠ ᠰᠠᠯᠠᠭ᠎ᠠ ᠮᠥᠴᠢᠷ ᠪᠠ ᠨᠢᠭᠡᠴᠢ ᠭᠡᠳ ᠡᠳᠡᠬᠡᠷ ᠢ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠰᠢᠯᠭᠠᠨ ᠬᠢᠨᠠᠬᠤ᠂ ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃ ᠨᠡᠶᠢᠳᠡᠮ ᠪᠠᠶᠢᠴᠠᠭᠠᠯᠲᠠ ᠳᠤ ᠣᠯᠤᠭᠰᠠᠨ ᠲᠠᠩ ᠭᠠᠭᠴᠠ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠪᠡᠶ᠎ᠡ ᠭᠠᠷᠤᠯ ᠢ ᠢᠯᠭᠠᠨ ᠲᠠᠨᠢᠬᠤ ᠪᠤᠶᠤ ᠵᠦᠢᠴᠢᠯᠡᠨ ᠮᠠᠭᠠᠳᠯᠠᠵᠤ ᠳᠡᠶᠢᠯᠬᠦ  ᠮᠠᠲ᠋ᠧᠷᠢᠶᠠᠯ  ᠢᠶᠠᠷ ᠨᠡᠶᠢᠳᠡᠮ ᠪᠠᠶᠢᠴᠠᠭᠠᠭᠳᠠᠬᠤ ᠡᠲᠡᠭᠡᠳ ᠢ ᠰᠢᠢᠳᠭᠡᠨ ᠲᠣᠷᠭᠠᠬᠤ ᠵᠡᠷᠭᠡ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃      ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ  ᠮᠦᠷᠳᠡᠬᠦ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ  ᠶᠠᠪᠤᠴᠠ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠨᠡᠪᠲᠡᠷᠡᠭᠦᠯᠦᠨ ᠮᠡᠳᠡᠬᠡᠯᠡᠵᠦ ᠢᠯᠡᠷᠡᠭᠦᠯᠦᠨ ᠢᠯᠡᠴᠢᠯᠡᠬᠦ ᠡᠷᠴᠢᠮ ᠢᠶᠠᠨ  ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠷᠢᠭᠤᠳᠠ ᠬᠠᠷᠰᠢᠯᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠦᠭᠡᠳ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ  ᠶᠠᠪᠤᠴᠠ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ  ᠰᠢᠢᠳᠭᠡᠯ ᠥᠭᠬᠦ ᠬᠡᠷᠡᠭᠲᠡᠶ ᠪᠤᠶᠤ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠴᠢᠬᠤᠯᠠᠲᠠᠢ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠠᠷᠢᠭᠤᠴᠠᠯᠭᠠᠳᠤ ᠬᠦᠮᠦᠨ ᠢ  ᠢᠯᠡᠷᠡᠭᠦᠯᠪᠡᠯ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠲᠣᠭᠲᠠᠭᠠᠯ ᠶᠣᠰᠣᠭᠠᠷ ᠰᠢᠢᠳᠭᠡᠯ ᠥᠭᠴᠦ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ᠂ ᠲᠣᠮᠢᠯᠠᠬᠤ ᠪᠠᠭᠤᠯᠭᠠᠬᠤ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ︵ ᠠᠵᠢᠯᠳᠠᠨ ᠤ ᠶᠠᠪᠤᠳᠠᠯ︶ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠰᠢᠯᠵᠢᠭᠦᠯᠦᠨ ᠬᠦᠷᠭᠡᠬᠦ ᠬᠡᠷᠡᠭᠲᠡᠶ᠃      ︵ᠭᠤᠷᠪᠠ︶ ᠮᠡᠳᠡᠭᠡ ᠵᠠᠩᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠡᠯᠧᠺᠲᠷᠤᠨᠴᠢᠯᠠᠭᠰᠠᠨ ᠠᠷᠭ᠎ᠠ ᠮᠠᠶ᠋ᠢᠭ ᠢᠶᠠᠷ ᠨᠡᠶᠢᠳᠡᠮ  ᠪᠠᠶᠢᠴᠠᠭᠠᠯᠳᠠ ᠶᠢᠨ ᠳᠠᠩᠰᠠᠯᠠᠨ ᠲᠡᠮᠳᠡᠭᠯᠡᠬᠦ ᠠᠵᠢᠯ ᠢ ᠥᠷᠨᠢᠭᠦᠯᠵᠦ᠂ ᠡᠯᠧᠺᠲᠷᠤᠨ  ᠢᠶᠠᠷ ᠴᠤᠭᠯᠠᠭᠤᠯᠬᠤ ᠲᠥᠬᠦᠭᠡᠷᠦᠮᠵᠢ ︵PAD︶ ᠪᠤᠶᠤ ᠨᠡᠶᠢᠳᠡᠮ ᠪᠠᠶᠢᠴᠠᠭᠠᠭᠴᠢ ᠶᠢᠨ ᠦᠨᠡᠨ ᠨᠡᠷ᠎ᠡ ᠪᠠᠷ ᠭᠡᠷᠡᠴᠢᠯᠡᠭᠰᠡᠨ ᠤᠶᠤᠨᠴᠢ ᠭᠠᠷ ᠤᠲᠠᠰᠤ ᠪᠠᠷ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠮᠡᠳᠡᠭᠡ ᠵᠠᠩᠭᠢ ᠶᠢ ᠳᠠᠩᠰᠠᠯᠠᠨ ᠲᠡᠮᠳᠡᠭᠯᠡᠬᠦ ᠶᠢᠨ ᠬᠠᠮᠲᠤ ᠴᠠᠭ ᠲᠤᠬᠠᠶ ᠳᠤ ᠨᠢ ᠳᠡᠭᠡᠭᠰᠢ ᠮᠡᠳᠡᠭᠦᠯᠦᠨ᠎ᠡ᠂ ᠡᠰᠡᠭᠦᠯ᠎ᠡ ᠨᠡᠶᠢᠳᠡᠮ ᠪᠠᠶᠢᠴᠠᠭᠠᠭᠳᠠᠬᠤ ᠡᠲᠡᠭᠡᠳ  ᠢᠨᠲ᠋ᠧᠷ ᠰᠦᠯᠵᠢᠶ᠎ᠡ ᠪᠠᠷ ᠦᠪᠡᠰᠦᠪᠡᠨ ᠲᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠨᠡᠶᠢᠳᠡᠮ ᠪᠠᠶᠢᠴᠠᠭᠠᠯᠲᠠ ᠬᠢᠬᠦ ᠣᠷᠣᠨ  ᠪᠦᠷᠢ ᠳᠤ ᠨᠠᠭᠠᠳᠤ ᠵᠠᠬ᠎ᠠ ᠳᠤ ᠪᠠᠨ 1 — 2 ᠰᠠᠭᠤᠷᠢ PAD ᠪᠠᠶᠢᠬᠤ ᠶᠢ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠣᠷᠣᠨ ᠪᠦᠰᠡ‌‍ᠶᠢᠨ ᠵᠢᠷᠤᠭ ᠵᠢᠷᠤᠵᠦ ᠦᠢᠯᠡᠳᠬᠦ ᠵᠡᠷᠭᠡ ᠠᠵᠢᠯ ᠳᠤ ᠬᠡᠷᠡᠭᠯᠡᠬᠦ ᠬᠡᠷᠡᠭᠲᠡᠶ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ ᠨᠡᠶᠢᠳᠡᠮ ᠪᠠᠶᠢᠴᠠᠭᠠᠯᠲᠠ ᠳᠤ ᠲᠣᠮᠣ ᠳ᠋ᠠᠶᠢᠲ᠋ᠠ ᠬᠡᠷᠡᠭᠯᠡᠬᠦ ᠶᠢ ᠠᠬᠢᠭᠤᠯᠤᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠡᠷᠬᠡᠳᠦ ᠠᠷᠠᠳ ᠤᠨ ᠬᠤᠪᠢ ᠬᠥᠮᠦᠨ ᠤ ᠮᠡᠳᠡᠭᠡ ᠵᠠᠩᠭᠢ ᠶᠢᠨ ᠪᠦᠬᠦ ᠴᠤᠪᠤᠷᠠᠯ ᠳᠤ ᠬᠠᠮᠠᠭᠠᠯᠠᠯᠲᠠ ᠬᠢᠬᠦ ᠶᠢ ᠴᠢᠩᠭᠠᠳᠬᠠᠬᠤ ᠬᠡᠷᠡᠭᠲᠡᠶ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠢ ᠨᠢᠭᠤᠴᠠ ᠶᠢ ᠬᠠᠮᠠᠭᠠᠯᠠᠬᠤ ᠡᠭᠦᠷᠭᠡ ᠪᠠᠨ ᠡᠷᠭᠡᠪᠰᠢ ᠴᠢᠩᠭ᠎ᠠ ᠭᠦᠢᠴᠡᠳᠭᠡᠵᠦ᠂ ᠶᠠᠮᠠᠷᠪᠠ ᠪᠠᠶᠢᠭᠤᠯᠤᠮᠵᠢ᠂ ᠨᠢᠭᠡᠴᠢ᠂ ᠬᠤᠪᠢ ᠬᠥᠮᠦᠨ ᠳᠤ ᠡᠷᠬᠡᠳᠦ ᠠᠷᠠᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠪᠤᠶᠤ ᠬᠤᠳᠠᠯᠳᠤᠭᠠᠯᠠᠬᠤ ᠶᠢ ᠴᠢᠩᠭ᠎ᠠ ᠴᠠᠭᠠᠵᠠᠯᠠᠨ᠎ᠠ᠃      ︵ᠳᠥᠷᠪᠡ︶ ᠤᠬᠠᠭᠤᠯᠭ᠎ᠠ ᠶᠢᠨ ᠠᠵᠢᠯ  ᠢᠶᠠᠨ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠤᠬᠠᠭᠤᠯᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢ ᠤᠬᠠᠭᠠᠯᠠᠨ ᠰᠡᠳᠦᠬᠦ ᠪᠠ ᠵᠣᠬᠢᠶᠠᠨ ᠪᠠᠶᠢᠭᠤᠯᠬᠤ ᠠᠵᠢᠯ ᠢᠶᠠᠨ ᠬᠢᠨᠠᠮᠠᠭᠠᠶ ᠰᠠᠶᠢᠲᠤᠷ ᠬᠢᠵᠦ᠂ ᠣᠯᠠᠨ ᠵᠦᠢᠯ ᠤᠨ ᠠᠷᠭ᠎ᠠ ᠪᠠᠷᠢᠯ ᠢᠶᠠᠷ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠥᠷᠭᠡᠨ  ᠢᠶᠠᠷ ᠭᠦᠨᠵᠡᠭᠡᠶ ᠤᠬᠠᠭᠤᠯᠵᠤ᠂ ᠥᠷᠭᠡᠨ ᠣᠯᠠᠨ ᠨᠡᠶᠢᠳᠡᠮ ᠪᠠᠶᠢᠴᠠᠭᠠᠭᠳᠠᠬᠤ ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ  ᠬᠠᠮᠵᠢᠯᠴᠠᠭᠤᠯᠬᠤ ᠪᠠ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠢ ᠨᠢ ᠦᠨᠡᠨ ᠪᠣᠳᠠᠲᠠᠶ ᠪᠠᠷ ᠭᠤᠶᠤᠴᠢᠯᠠᠨ ᠮᠡᠳᠡᠬᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃    ᠳᠠᠭᠠᠯᠳᠤᠭᠤᠯᠤᠯ  ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ                 ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ                 ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ ᠤ ᠨᠡᠷᠡᠰ                                          2020 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ                    ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶   ᠳᠠᠭᠠᠯᠳᠤᠭᠤᠯᠤᠯ        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ        ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ        ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ ᠤ ᠨᠡᠷᠡᠰ ᠳᠤᠭᠤᠶᠢᠯᠠᠩ ᠤᠨ ᠳᠠᠷᠤᠭ᠎ᠠ᠄        ᠮᠠ ᠰᠢᠤᠸᠠᠢ ᠵᠢᠶᠦ᠋ᠨ    ᠥᠪᠡᠷᠲᠡᠭᠡᠨ ᠵᠠᠰᠠᠬᠤ ᠣᠷᠣᠨ ᠤ ᠨᠠᠮ ᠤᠨ        ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ        ᠪᠠᠶᠢᠩᠭᠤ ᠶᠢᠨ ᠳᠡᠳ᠋ ᠲᠡᠷᠢᠭᠦᠯᠡᠭᠴᠢᠳᠤᠭᠤᠶᠢᠯᠠᠩ ᠤᠨ ᠳᠡᠳ᠋ ᠳᠠᠷᠤᠭ᠎ᠠ᠄        ᠶᠠᠩ ᠯᠢ ᠮᠢᠨ    ᠥᠪᠡᠷᠲᠡᠭᠡᠨ ᠵᠠᠰᠠᠬᠤ ᠣᠷᠣᠨ ᠤ ᠠᠷᠠᠳ ᠤᠨ                       ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ        ᠫᠠᠨ ᡁᠢ ᠹᠧᠩ      ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ                          ᠳᠠᠷᠤᠭ᠎ᠠ        ᠵᠧᠤ ᠴᠦᠨ ᠵᠢᠶᠧ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ                          ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ        ᠯᠢᠦ ᠯᠢ ᠵᠢᠦᠸᠠᠨ   ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ                         ᠵᠥᠪᠯᠡᠯ ᠤᠨ ᠳᠡᠳ᠋ ᠡᠷᠬᠢᠯᠡᠭᠴᠢ        ᠬᠥᠬᠡ         ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ                      ᠳᠡᠳ᠋ ᠳᠠᠷᠤᠭ᠎ᠠ        ᠵᠤᠤ ᠳ᠋ᠠ ᠶᠦᠩ     ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ                          ᠲᠢᠩᠬᠢᠮ ᠤᠨ ᠳᠡᠳ᠋ ᠳᠠᠷᠤᠭ᠎ᠠ        ᠬᠠᠨ ᠶᠢᠦ ᠮᠢᠩ    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ                         ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ  ᠪᠠᠶᠢᠴᠠᠭᠠᠨ                         ᠰᠤᠳᠤᠯᠤᠨᠨᠴᠢ        ᠸᠠᠩ ᠵᠠᠨ ᠭᠦᠸᠧ   ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ                          ᠵᠥᠪᠯᠡᠯ ᠤᠨ ᠳᠡᠳ᠋ ᠡᠷᠬᠢᠯᠡᠭᠴᠢᠭᠡᠰᠢᠭᠦᠨ᠄        ᠵᠢᠶ ᠴᠢᠶᠠᠩ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ                         ᠠᠯᠪᠠᠨ ᠬᠡᠷ ᠤᠨ ᠳᠡᠳ᠋ ᠡᠷᠬᠢᠯᠡᠭᠴᠢ        ᠯᠢ ᠫᠧᠶ ᠶᠠᠨ     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ                         ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠡᠷᠬᠢᠯᠡᠭᠴᠢ        ᠵᠠᠩ ᠰᠢ ᠷᠦᠩ   ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ                         ᠰᠤᠷᠭᠠᠨ ᠬᠦᠮᠦᠵᠢᠯ ᠤᠨ ᠶᠡᠷᠦᠩᠬᠡᠶ ᠪᠠᠶᠢᠴᠠᠭᠠᠭᠴᠢ        ᠯᠢ ᠭᠦᠸᠧ ᠴᠧᠩ   ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ                           ᠵᠥᠪᠯᠡᠯ ᠤᠨ ᠳᠡᠳ᠋ ᠡᠬᠢᠯᠡᠭᠴᠢ        ᠹᠧᠩ  ᠬᠦᠬᠡ      ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ                          ᠳᠡᠳ᠋ ᠳᠠᠷᠤᠭ᠎ᠠ        ᠡᠤ ᠲᠢᠶᠧ ᠴᠧᠩ   ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ                          ᠳᠡᠳ᠋ ᠳᠠᠷᠤᠭ᠎ᠠ        ᠮᠠ ᠪᠦᠦ ᠭᠦᠸᠧ    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ                          ᠳᠡᠳ᠋ ᠳᠠᠷᠤᠭ᠎ᠠ        ᠯᠢᠦ ᠬᠤᠤ ᠱᠧᠩ   ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ                        ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠪᠠᠶᠢᠴᠠᠭᠠᠨ                             ᠰᠤᠳᠤᠯᠤᠨᠨᠴᠢ        ᠶᠦᠨ ᠠᠢ ᠾᠧᠦ   ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ                          ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ        ᠫᠧᠩ ᠸᠠᠨ ᠵᠧᠨ    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ                          ᠬᠠᠮᠢᠶᠠᠷᠤᠯᠲᠠ ᠶᠢᠨ ᠲᠣᠪᠴᠢᠶᠠᠨ ᠤ ᠬᠤᠶᠠᠳᠤᠭᠠᠷ ᠳᠡᠰ ᠤᠨ ᠪᠠᠶᠢᠴᠠᠭᠠᠨ                         ᠰᠤᠳᠤᠯᠤᠨᠨᠴᠢ       ᠯᠦ ᠸᠧᠨ ᠰᠢᠶᠠᠩ    ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶᠠᠨ ᠤ                          ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠨᠨᠴᠢ        ᠯᠢᠦ ᠰᠢᠶᠠᠩ ᠳ᠋ᠦᠩ   ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ                          ᠳᠡᠳ᠋ ᠳᠠᠷᠤᠭ᠎ᠠ        ᠴᠧᠩ   ᠰᠢ       ᠥᠪᠡᠷᠲᠡᠭᠡᠨ ᠵᠠᠰᠠᠬᠤ ᠣᠷᠣᠨ ᠤ  ᠰᠤᠳᠤᠯᠬᠤ ᠲᠠᠰᠤᠭ ᠤᠨ                          ᠳᠡᠳ᠋ ᠡᠷᠬᠢᠯᠡᠭᠴᠢ        ᠵᠧᠩ ᠰᠢᠩ ᠸᠠᠩ   ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ                          ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ        ᠵᠤᠤ ᠷᠦᠩ ᠬᠦᠶ   ᠥᠪᠥᠷ ᠮᠣᠩᠭᠤᠯ ᠤᠨ ᠴᠢᠮᠡᠭᠡ ᠨᠡᠪᠳᠡᠷᠡᠯᠬᠡ ᠶᠢᠨ ᠬᠠᠮᠢᠶᠠᠷᠤᠯᠲᠠ ᠶᠢᠨ ᠲᠣᠪᠴᠢᠶᠠᠨ ᠤ                        ᠳᠡᠳ᠋ ᠳᠠᠷᠤᠭ᠎ᠠ        ᠸᠠᠩ ᠬᠤᠸᠠ ᠯᠢᠨ   ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠯᠤᠰ ᠲᠥᠷᠥ ᠶᠢᠨ                         ᠠᠵᠢᠯ ᠤᠨ ᠲᠣᠪᠴᠢᠶᠠᠨ ᠤ ᠳᠡᠳ᠋ ᠡᠷᠬᠢᠯᠡᠭᠴᠢ        ᠰᠦᠩ ᠯᠢ ᠰᠢᠨ   ᠵᠡᠪᠰᠡᠭᠲᠦ  ᠴᠬᠠᠳᠠᠭᠠᠨ ᠤ ᠥᠪᠥᠷ ᠮᠣᠩᠭᠤᠯ ᠤᠨ ᠶᠡᠷᠦᠩᠬᠡᠶ ᠠᠩᠭᠢ ᠶᠢᠨ                         ᠤᠯᠤᠰ ᠲᠥᠷᠥ ᠶᠢᠨ ᠠᠵᠢᠯ ᠤᠨ ᠬᠡᠯᠲᠡᠰ ᠤᠨ ᠳᠡᠳ᠋ ᠡᠷᠬᠢᠯᠡᠭᠴᠢ        ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ  ᠲᠣᠪᠴᠢᠶᠠᠨ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠰᠢᠶᠠᠩ ᠳ᠋ᠦᠩ ᠬᠠᠪᠰᠤᠷᠭᠠᠨ ᠬᠠᠷᠢᠭᠤᠴᠠᠨ᠎ᠠ
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ