ᠥᠪᠡᠷᠲᠡᠭᠡᠨ ᠵᠠᠰᠠᠬᠤ ᠤᠷᠤᠨ ᠤ ᠨᠠᠢᠮᠠᠳᠤᠭᠠᠷ ᠬᠤᠭᠤᠴᠠᠭᠠᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠴᠤᠳ ᠤᠨ ᠱᠠᠩᠨᠠᠯ ᠪᠠ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠬᠦᠷᠲᠡᠭᠰᠡᠳ ᠢ ᠮᠠᠭᠲᠠᠨ ᠰᠠᠶᠢᠰᠢᠶᠠᠵᠤ ᠬᠦᠬᠢᠭᠦᠯᠦᠨ ᠱᠠᠩᠨᠠᠬᠤ ᠲᠤᠬᠠᠢ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠨᠡᠪᠲᠡᠷᠡᠭᠦᠯᠭᠡ
ᠨᠡᠶᠢᠲᠡᠯᠡᠭᠰᠡᠨ ᠴᠠᠭ᠄
2020/3/20

                       ᠥᠪᠥᠷ ᠵᠠᠰᠠᠭ ᠥᠰᠥᠭ ﹇2019﹈ 99 ᠳ᠋ᠤᠭᠡᠷ ᠲᠤᠭᠠᠳᠤ


ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠰᠢᠯᠭᠠᠷᠠᠭᠤᠯᠬᠤ ᠪᠠ ᠱᠠᠩᠨᠠᠬᠤ ᠠᠷᠭ᠎ᠠ︾ ᠵᠢᠴᠢ ᠬᠤᠯᠪᠤᠭᠲᠠᠯ ᠪᠦᠬᠦᠢ ᠲᠤᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠠᠵᠢᠯ ᠦᠢᠯᠡᠰ ᠤᠨ ᠠᠵᠢᠯ ᠤᠨ ᠤᠳᠤᠷᠢᠳᠬᠤ ᠲᠣᠭᠤᠶᠢᠯᠠᠩ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠰᠢᠯᠭᠠᠷᠠᠭᠤᠯᠤᠨ ᠲᠣᠭᠲᠠᠭᠠᠬᠤ ᠲᠤᠰᠬᠠᠢ ᠠᠵᠢᠯ ᠤᠨ ᠵᠣᠬᠢᠴᠠᠭᠤᠯᠬᠤ ᠠᠯᠪᠠᠨ ᠭᠡᠷ ᠠᠴᠠ ᠵᠣᠬᠢᠶᠠᠨ ᠪᠠᠶᠢᠭᠤᠯᠵᠤ ᠰᠢᠯᠭᠠᠷᠠᠭᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠠᠴᠠ ᠬᠤᠤ ᠸᠧᠢ ᠮᠢᠨ ᠵᠡᠷᠭᠡ 2 ᠬᠦᠮᠦᠨ ᠳᠤ ᠥᠪᠡᠷᠲᠡᠭᠡᠨ ᠵᠠᠰᠠᠬᠤ ᠤᠷᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠴᠤᠳ ᠤᠨ ᠱᠠᠩᠨᠠᠯ ᠣᠯᠭᠤᠵᠤ᠂ ᠹᠧᠩ ᠸᠧᠨ ᠺᠠᠢ ᠵᠡᠷᠭᠡ 5 ᠬᠦᠮᠦᠨ ᠳᠤ ᠥᠪᠡᠷᠲᠡᠭᠡᠨ ᠵᠠᠰᠠᠬᠤ ᠤᠷᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠣᠯᠭᠤᠬᠤ ᠪᠠᠷ ᠲᠤᠭᠲᠠᠪᠠ᠃
     ᠬᠦᠬᠢᠭᠦᠯᠦᠯ ᠱᠠᠩᠨᠠᠯ ᠬᠦᠷᠲᠡᠭᠰᠡᠨ ᠬᠤᠪᠢ ᠬᠦᠮᠦᠨ ᠢᠷᠠᠭᠤ ᠠᠯᠳᠠᠷ ᠢᠶᠠᠨ ᠨᠠᠨᠳᠢᠩᠨᠠᠵᠤ᠂ ᠴᠤᠴᠠᠯᠲᠠ ᠦᠭᠡᠢ ᠴᠢᠷᠮᠠᠶᠢᠨ ᠠᠵᠢᠯᠯᠠᠵᠤ᠂ ᠦᠷᠭᠦᠯᠵᠢᠯᠡᠨ ᠰᠢᠯᠢᠳᠡᠭ ᠠᠮᠵᠢᠯᠲᠠ ᠣᠯᠬᠤ ᠶᠢ ᠬᠦᠰᠡᠵᠦ ᠪᠠᠶᠢᠨ᠎ᠠ᠃ ᠪᠦᠬᠦ ᠣᠷᠤᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯᠲᠠᠳ ᠨᠢ ᠱᠠᠩᠨᠠᠯ ᠬᠦᠷᠲᠡᠭᠰᠡᠳ ᠢᠶᠠᠷ ᠳᠠᠭᠤᠷᠢᠶᠠᠯ ᠪᠣᠯᠭᠠᠵᠤ᠂ ᠲᠣᠬᠠᠶᠢᠯᠠᠭᠰᠠᠨ ᠠᠵᠢᠯ ᠳᠤ ᠪᠠᠨ ᠰᠠᠭᠤᠷᠢᠯᠠᠨ᠂ ᠯᠠᠪᠳᠠᠭᠤᠨ ᠪᠠᠲᠤᠲᠠᠢ ᠠᠵᠢᠯᠯᠠᠵᠤ᠂ ᠦᠢᠯᠡᠳᠦᠯᠭᠡ ᠪᠠᠨ ᠭᠦᠨᠵᠡᠭᠡᠶᠢᠷᠡᠭᠦᠯᠣᠨ᠂ ᠣᠶᠤᠨ ᠮᠡᠳᠡᠯᠭᠡ ᠪᠠᠨ ᠲᠥᠪᠯᠡᠷᠡᠭᠦᠯᠦᠨ ᠰᠢᠨ᠎ᠡ ᠶᠢ ᠡᠭᠦᠳᠴᠦ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠨᠡᠭᠡᠭᠡᠨ ᠡᠭᠦᠳᠴᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ᠥᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ᠃
     ᠳᠠᠭᠠᠯᠳᠤᠭᠤᠯᠤᠯ᠄ ᠥᠪᠡᠷᠲᠡᠭᠡᠨ ᠵᠠᠰᠠᠬᠤ ᠤᠷᠤᠨ ᠤ ᠨᠠᠢᠮᠠᠳᠤᠭᠠᠷ ᠬᠤᠭᠤᠴᠠᠭᠠᠨ ᠤ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠤᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠠᠯᠳᠠᠷᠴᠤᠳ ᠤᠨ ᠱᠠᠩᠨᠠᠯ ᠪᠠ ᠵᠠᠯᠠᠭᠤ ᠭᠠᠷᠮᠠᠭᠠᠶᠢᠯᠠᠭᠴᠢ ᠶᠢᠨ ᠱᠠᠩᠨᠠᠯ ᠬᠦᠷᠲᠡᠭᠰᠡᠳ ᠤᠨ ᠨᠡᠷᠡᠰ

*** ᠬᠦᠰᠦᠨᠦᠭᠲᠦ ᠨᠢᠭᠡ
***ᠬᠦᠰᠦᠨᠦᠭᠲᠦ ᠬᠤᠶᠠᠷ

                    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶  

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ