ᠠᠵᠤ ᠠᠬᠤᠶᠢᠯᠠᠯ ᠤᠨ ᠡᠵᠡᠩᠨᠡᠯᠲᠡ ᠳᠤ ᠬᠦᠴᠢᠷᠳᠡᠯ ᠲᠤᠯᠭᠠᠷᠠᠪᠠᠯ ︽ᠲᠦᠷᠦ ᠶᠢᠨ ᠪᠤᠳᠤᠯᠭ᠎ᠠ ᠶᠢᠨ ᠤᠯᠠᠭᠠᠨ | ᠪᠠᠭᠯᠠᠭ᠎ᠠ︾ ᠬᠥᠷᠭᠡᠵᠤ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠥᠨᠠ︔ | ᠬᠢᠵᠢᠭ ᠤᠨ ᠪᠠᠶᠢᠳᠠᠯ ᠠᠴᠠ ᠪᠤᠯᠵᠤ ᠨᠢᠭᠤᠷᠳᠠᠨ ᠡᠯᠰᠡᠬᠦ ᠶᠢ ᠬᠦᠴᠦᠨ ᠥᠬᠡᠶ ᠪᠣᠯᠭᠠᠨ᠂ ᠰᠥᠯᠵᠢᠶᠠᠨ ᠳᠡᠭᠡᠷ᠎ᠡ | ︽ᠠᠵᠢᠯᠲᠠᠨ ᠡᠯᠰᠡᠬᠦ︾ ᠶᠢ ᠬᠡᠷᠡᠭᠵᠢᠭᠦᠯᠥᠯᠡ︔ ᠭᠡᠷ ᠲᠡᠭᠡᠨ ᠰᠠᠭᠤᠵᠤ ᠪᠠᠶᠢᠭᠠᠳ ᠤᠷ᠎ᠠ ᠮᠡᠷᠭᠡᠵᠢᠯ ᠰᠤᠷᠬᠤ | ᠰᠠᠨᠠᠭ᠎ᠠ ᠲᠠᠢ ᠪᠤᠯ ᠶᠡᠭᠡ ᠬᠡᠮᠵᠢᠶᠡᠨ ᠤ ︽ᠬᠠᠷᠠᠭᠠᠨ ᠳᠠᠪᠳᠠᠮᠵᠢᠳᠤ ᠬᠢᠴᠢᠶᠡᠯ︾ ᠢ ᠦᠨ᠎ᠡ ᠲᠥᠯᠥᠪᠦᠷᠢ ᠥᠬᠡᠶ ᠪᠠᠷ | ᠬᠠᠩᠭᠠᠨ᠎ᠠ︔ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠢᠶᠠᠨ ᠰᠡᠷᠭᠦᠭᠡᠬᠦ ᠳᠤ ᠬᠦᠴᠢᠷᠲᠡᠵᠤ ᠪᠠᠶᠢᠪᠠᠯ | ︽ᠴᠡᠭ ᠠᠴᠠ ᠴᠡᠭ︾ ᠲᠤ ᠲᠤᠰᠬᠠᠢ ᠲᠡᠷᠭᠡ ᠮᠠᠰᠢᠨ ᠢᠶᠠᠷ ᠬᠦᠷᠭᠡᠨ᠎ᠡ ᠁ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠬᠠᠮᠲᠤ᠂ ᠲᠥᠩᠯᠢᠶᠤᠤ ᠬᠤᠲᠠ ᠠᠵᠤ ᠠᠬᠤᠶᠢᠯᠠᠯ ᠢ ᠲᠤᠰᠠᠯᠠᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠰᠢᠷᠢᠰ ᠠᠷᠭ᠎ᠠ ᠬᠡᠮᠵᠢᠶ᠎ᠡ ᠶᠢ ᠲᠣᠭᠲᠠᠭᠠᠵᠤ᠂ ᠬᠥᠳᠡᠯᠮᠦᠷᠢᠯᠡᠭᠴᠢᠳ ᠤᠨ | ᠮᠡᠷᠬᠡᠵᠢᠯ ᠢ ᠲᠡᠭᠡᠭᠰᠢᠯᠡᠬᠦᠯᠥᠨ ᠠᠵᠢᠯ ᠤᠨ ᠪᠠᠶᠢᠷᠢ ᠳᠤ ᠨᠢ ᠬᠦᠷᠬᠡᠵᠥ᠂ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ ᠪᠠᠶᠢᠨ᠎ᠠ᠃ | ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠪᠡᠯᠡ ᠮᠥᠩᠬᠦ ᠪᠠᠷ ᠠᠵᠤ ᠠᠬᠤᠶᠢᠯᠠᠯ ᠢ ᠲᠤᠰᠠᠯᠠᠨ ᠪᠡᠷᠬᠡ ᠪᠣᠭᠤᠮᠲᠠ ᠶᠢ ᠲᠤᠭᠤᠯᠤᠭᠤᠯᠵᠤ | ᠪᠤᠢ᠃ ᠲᠤᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠤᠷᠢᠳᠴᠢᠯᠠᠨ ᠪᠠᠶᠢᠷᠢᠯᠠᠭᠤᠯᠤᠯᠳᠠ ᠬᠢᠵᠥ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ | ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠲᠤᠬᠳᠠᠭᠠᠵᠤ᠂ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ | ᠲᠥᠷᠥ ᠶᠢᠨ ᠪᠣᠳᠣᠯᠭ᠎ᠠ ᠶᠢᠨ ᠳᠡᠮᠵᠢᠯᠭᠡ ᠭᠤᠶᠤᠴᠢᠯᠠᠬᠤ᠂ ᠠᠵᠢᠯ ᠠᠯᠳᠠᠯᠳᠠ ᠶᠢᠨ ᠳᠠᠭᠠᠤᠡᠬᠠᠯ ᠤᠨ ᠪᠤᠴᠠᠭᠠᠯᠲᠠ ᠶᠢᠨ | ᠮᠥᠩᠭᠦ ᠶᠢ ᠴᠠᠭ ᠲᠤᠬᠠᠶ ᠳᠤᠨᠢ ᠭᠤᠶᠤᠴᠢᠯᠠᠨ ᠠᠪᠬᠤ ᠶᠢ ᠵᠣᠷᠢᠭᠵᠢᠭᠤᠯᠥᠨ᠂ ᠠᠵᠤ ᠠᠬᠤᠶᠢᠯᠠᠯ ᠤᠨ ᠬᠢᠵᠢᠭ ᠤᠨ | ᠪᠠᠶᠢᠳᠠᠯ ᠢ ᠡᠰᠡᠷᠭᠦᠴᠡᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠦᠢᠯᠡᠳᠪᠦᠷᠢᠯᠡᠯ ᠢ ᠪᠠᠲᠤᠯᠠᠬᠤ ᠶᠢ | ᠳᠡᠮᠵᠢᠪᠠ᠃ | ᠲᠥᠷᠥ ᠶᠢᠨ ᠪᠣᠳᠣᠯᠭ᠎ᠠ ᠶᠢᠨ ᠬᠡᠪᠴᠢᠶ᠎ᠡ ᠪᠣᠯᠤᠨ ᠦᠨᠳᠦᠰᠦᠨ ᠨᠥᠬᠦᠴᠡᠯ ᠳᠤ ᠨᠡᠶᠢᠴᠡᠬᠦ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠭᠤᠶᠤᠴᠢᠯᠠᠬᠰᠠᠨ ᠠᠵᠤ ᠠᠬᠤᠶᠢᠯᠠᠯ ᠳᠤ ᠲᠣᠰ ᠠᠵᠤ ᠠᠬᠤᠶᠢᠯᠠᠯ | ᠵᠢᠴᠢ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠪᠣᠳᠠᠲᠠᠶ ᠲᠤᠰᠢᠶᠠᠭᠰᠠᠨ ᠠᠵᠢᠯ ᠠᠯᠳᠠᠯᠲᠠ ᠶᠢᠨ ᠳᠠᠭᠠᠤᠡᠬᠠᠯ ᠤᠨ | ᠵᠠᠷᠤᠳᠠᠯ ᠤᠨ ᠶᠡᠷᠦᠩᠬᠡᠶ ᠲᠣᠭᠠᠨ ᠤ 50% ᠠᠴᠠ ᠬᠡᠲᠦᠷᠡᠭᠦᠯᠬᠦ ᠦᠭᠡᠢ ᠪᠠᠷ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠨᠥᠬᠦᠪᠥᠷᠢ ᠥᠭᠴᠦ᠂ ᠬᠡᠷᠡᠭᠰᠡᠬᠦ ᠪᠡᠯᠡ ᠮᠥᠩᠭᠦ ᠶᠢ ᠠᠵᠢᠯ ᠠᠯᠳᠠᠯᠲᠠ ᠶᠢᠨ ᠳᠠᠭᠠᠤᠡᠬᠠᠯ ᠤᠨ | ᠰᠠᠭᠤᠷᠢ ᠮᠥᠩᠭᠦ ᠠᠴᠠ ᠭᠠᠷᠭᠠᠬᠤ ᠪᠤᠯᠤᠨ᠎ᠠ᠃ ᠦᠢᠯᠡᠳᠪᠦᠷᠢᠯᠡᠬᠦ ᠴᠢᠳᠠᠪᠤᠷᠢ ᠶᠢᠨ ᠡᠭᠦᠷᠭᠡ ᠬᠦᠨᠳᠦ ᠪᠤᠯᠬᠤ | ᠪᠣᠯᠣᠳ ᠲᠡᠮᠦᠷ᠂ ᠨᠡᠭᠦᠷᠡᠰᠦ᠂ ᠴᠠᠬᠢᠯᠭᠠᠨ ᠵᠡᠷᠭᠡ ᠠᠵᠢᠯ ᠲᠥᠷᠥᠯ ᠠᠴᠠ ᠪᠤᠰᠤᠳ ᠠᠵᠤ ᠠᠬᠤᠶᠢᠯᠠᠯ ᠤᠨ ᠳᠡᠭᠡᠷ᠎ᠡ | ᠵᠢᠯ ᠤᠨ ᠲᠤᠰᠢᠶᠠᠭᠰᠠᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ 80% ᠶᠢ ᠤᠯᠭᠤᠬᠤ ᠶᠣᠰᠣᠭᠠᠷ | ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠨᠥᠬᠦᠪᠥᠷᠢ ᠣᠯᠭᠤᠬᠤ ᠪᠠᠷ ᠪᠤᠯᠪᠠ᠃ | ᠵᠢᠱᠢᠯᠲᠡ ᠪᠠᠷ᠂ ᠪᠦᠬᠦ ᠵᠢᠯ ᠳᠤ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠡᠯᠡ | ᠮᠥᠩᠭᠦ ᠶᠢ 2 ᠳ᠋ᠦᠩᠰᠢᠭᠤᠷ ᠲᠥᠭᠦᠷᠢᠭ ᠲᠠᠯᠪᠢᠵᠤ᠂ 2.5 ᠲᠦᠮᠡᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠠᠷ ᠪᠤᠢ᠃ ᠣᠳᠣᠬᠠᠨ ᠳᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠠᠯᠠ ᠮᠥᠩᠭᠦ ᠶᠢ 284.7 ᠲᠦᠮᠡᠨ ᠲᠥᠭᠦᠷᠢᠭ ᠲᠠᠷᠬᠠᠭᠠᠵᠤ᠂ 7085 ᠠᠵᠢᠯᠲᠠᠨ | ᠠᠵᠢᠯᠴᠢᠨ ᠳᠤ ᠠᠰᠢᠭ ᠬᠦᠷᠲᠡᠭᠡᠭᠰᠡᠨ ᠪᠠᠶᠢᠨ᠎ᠠ᠃ | ᠦᠢᠯᠡᠰ ᠪᠤᠰᠬᠠᠬᠤ ᠨᠡᠪᠴᠢᠭᠦᠯᠬᠦ ᠰᠠᠭᠤᠷᠢᠨ ᠤ ᠬᠠᠮᠢᠶ᠎ᠠ ᠪᠦᠬᠦᠢ ᠵᠠᠷᠤᠳᠠᠯ ᠢ ᠬᠠᠰᠤᠵᠤ ᠬᠡᠯᠲᠦᠷᠢᠭᠦᠯᠵᠤ ᠪᠤᠢ᠃ | ᠦᠢᠯᠡᠰ ᠪᠤᠰᠬᠠᠬᠤ ᠨᠡᠪᠴᠢᠭᠦᠯᠬᠦ ᠰᠠᠭᠤᠷᠢᠨ ︵ᠬᠦᠷᠢᠶᠡᠯᠡᠩ ᠲᠣᠭᠤᠷᠢᠭ︶ ᠤ ᠨᠡᠪᠴᠢᠭᠦᠯᠬᠦ ᠡᠲᠡᠭᠡᠳ ᠤᠨ | ᠲᠦᠷᠢᠶᠡᠰᠦᠨ ᠮᠥᠩᠭᠦ᠂ ᠡᠳ᠋ ᠪᠣᠳᠠᠰ ᠤᠨ ᠬᠠᠮᠢᠶᠠᠷᠤᠯᠲᠠ ᠶᠢᠨ ᠵᠠᠷᠤᠳᠠᠯ᠂ ᠦᠢᠯᠡᠴᠢᠯᠡᠭᠡᠨ ᠤ ᠵᠠᠷᠤᠳᠠᠯ ᠢ ᠬᠠᠰᠤᠵᠤ | ᠬᠡᠯᠲᠦᠷᠢᠭᠦᠯᠬᠦ ᠵᠡᠷᠭᠡ ᠶᠢ ᠵᠣᠷᠢᠭᠵᠢᠭᠤᠯᠵᠤ᠂ ᠨᠡᠪᠴᠢᠭᠦᠯᠬᠦ ᠠᠵᠤ ᠠᠬᠤᠶᠢᠯᠠᠯ ᠢ ᠲᠡᠳᠬᠦᠨ ᠬᠥᠭᠵᠢᠭᠦᠯᠪᠡ᠃ ᠦᠢᠯᠡᠰ | ᠪᠤᠰᠬᠠᠬᠤ ᠬᠦᠷᠢᠶᠡᠯᠡᠩ ᠪᠣᠯᠤᠨ ᠦᠢᠯᠡᠰ ᠪᠤᠰᠬᠠᠬᠤ ᠨᠡᠪᠴᠢᠭᠦᠯᠬᠦ ᠰᠠᠭᠤᠷᠢᠨ᠂ ᠣᠯᠠᠨ ᠢᠶᠠᠷ ᠦᠢᠯᠡᠰ ᠪᠤᠰᠬᠠᠬᠤ | ᠲᠤᠯᠭᠠᠭᠤᠷᠢᠯᠠᠬᠤ ᠲᠠᠪᠴᠠᠩ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠦᠢᠯᠡᠰ ᠪᠤᠰᠬᠠᠬᠴᠢ ᠶᠢᠨ ᠥᠢᠯᠡᠰ | ᠪᠤᠰᠬᠠᠬᠤ ᠭᠠᠵᠠᠷ ᠤᠨ ᠲᠦᠷᠢᠶᠡᠰᠦᠨ ᠮᠥᠩᠭᠦ ᠶᠢᠨ ᠵᠠᠷᠤᠳᠠᠯ ᠢ ᠪᠠᠭᠤᠷᠠᠭᠤᠯᠬᠤ ᠪᠤᠶᠤ ᠬᠠᠰᠤᠵᠤ ᠬᠡᠯᠲᠦᠷᠢᠭᠦᠯᠦᠭᠰᠡᠨ | ᠪᠤᠯ ᠪᠣᠳᠠᠲᠠᠶ ᠪᠠᠶᠢᠳᠠᠯ ᠢ ᠦᠨᠳᠦᠰᠦᠯᠡᠨ ᠬᠠᠮᠢᠶ᠎ᠠ ᠪᠦᠬᠦᠢ ᠵᠠᠷᠤᠳᠠᠯ ᠢ ᠬᠠᠰᠤᠵᠤ ᠬᠡᠯᠲᠦᠷᠢᠭᠦᠯᠬᠦ ᠨᠥᠬᠦᠪᠥᠷᠢ | ᠣᠯᠭᠤᠵᠤ ᠪᠠᠶᠢᠨ᠎ᠠ᠃ | ᠰᠦᠯᠵᠢᠶᠡᠨ ᠳᠡᠭᠡᠷ᠎ᠡ ᠠᠵᠢᠯᠳᠠᠨ ᠡᠯᠰᠡᠬᠦ ᠶᠢ ᠬᠡᠷᠡᠭᠵᠢᠭᠦᠯᠵᠤ᠂ ᠠᠵᠢᠯ ᠡᠷᠢᠬᠦ ᠬᠦᠴᠢᠷ ᠠᠰᠠᠭᠤᠳᠠᠯ ᠢ | ᠰᠢᠢᠳᠪᠦᠷᠢᠯᠡᠵᠦ ᠪᠤᠢ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠠᠵᠢᠯᠳᠠᠨ ᠠᠵᠢᠯᠴᠢᠨ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠶᠢᠨ ᠲᠥᠯᠥᠭᠡ᠂ ᠪᠣᠶ ᠪᠥᠬᠦᠶ ᠲᠤᠬᠠᠶ ᠶᠢᠨ ᠲᠠᠯᠠᠪᠠᠶ ᠳᠤ | ᠠᠵᠢᠯᠲᠠᠨ ᠤᠷᠢᠬᠤ ᠲᠦᠯᠥᠪᠯᠡᠭᠡ ᠶᠢ ᠰᠦᠯᠵᠢᠶᠡᠨ ᠳᠡᠭᠡᠷ᠎ᠡ ᠤᠷᠢᠬᠤ ᠪᠤᠯᠭᠠᠨ ᠬᠤᠪᠢᠷᠠᠭᠤᠯᠵᠤ᠂ ᠰᠦᠯᠵᠢᠶᠡᠨ | ᠳᠡᠭᠡᠷ᠎ᠡ ︽ᠤᠷᠢᠬᠠᠨ ᠰᠠᠯᠬᠢ ᠶᠢᠨ ᠠᠵᠢᠯᠯᠠᠭ᠎ᠠ︾ ᠶᠢ ᠥᠷᠨᠢᠭᠦᠯᠥᠨ᠂ ᠠᠵᠢᠯᠳᠠᠨ ᠠᠵᠢᠯᠴᠢᠨ ᠬᠡᠷᠡᠭᠯᠡᠬᠦ ᠠᠵᠤ | ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠦᠢᠯᠡᠰ ᠪᠤᠰᠬᠠᠬᠤ ᠠᠵᠢᠯᠲᠠᠨ ᠤᠷᠢᠬᠤ ᠡᠭᠦᠯᠡᠨ ᠲᠠᠪᠴᠠᠩ᠂ | ᠲᠦᠩᠯᠢᠶᠣᠤ ᠶᠢᠨ 12333 ᠵᠢᠷᠬᠢᠶ᠎ᠡ ᠶᠢᠨ ᠨᠡᠶᠢᠲᠡ ᠶᠢᠨ ᠲᠠᠪᠴᠠᠩ ᠵᠡᠷᠭᠡ ᠪᠠᠷ ᠳᠠᠮᠵᠢᠭᠤᠯᠤᠨ ᠠᠵᠢᠯ ᠤᠨ | ᠪᠠᠶᠢᠷᠢ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠰᠦᠯᠵᠢᠶᠡᠨ ᠳᠡᠭᠡᠷᠡᠬᠢ ᠪᠢᠷ ᠤᠨ ᠰᠢᠯᠭᠠᠯᠲᠠ᠂ ᠨᠢᠭᠤᠷᠲᠠᠨ | ᠰᠢᠯᠭᠠᠯᠲᠠ ᠪᠠᠷ ᠳᠠᠮᠵᠢᠨ ᠠᠵᠢᠯᠳᠠᠨ ᠠᠵᠢᠯᠴᠢᠨ ᠡᠯᠰᠡᠬᠦ ᠶᠢ ᠪᠡᠶᠡᠯᠡᠭᠦᠯᠪᠡ᠃ ᠣᠳᠣᠬᠠᠨ ᠳᠤ᠂ 193 ᠠᠵᠤ | ᠠᠬᠤᠶᠢᠯᠠᠯ ᠤᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠨᠡᠶᠢᠲᠡ 11172 ᠵᠤᠷᠪᠤᠰ ᠨᠡᠶᠢᠲᠡᠯᠡᠭᠰᠡᠨ ᠪᠠᠶᠢᠨ᠎ᠠ᠃ | ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠪᠠᠳᠤᠯᠠᠵᠤ ᠪᠤᠢ᠃ ᠭᠤᠤᠯᠳᠠᠯᠭ᠎ᠠ ᠲᠠᠢ ᠬᠥᠮᠥᠰ ᠢ | ᠰᠢᠩᠭᠡᠭᠡᠨ ᠠᠪᠴᠤ ᠠᠵᠢᠯ ᠣᠯᠭᠤᠨ ᠠᠵᠤ ᠠᠬᠤᠶᠢᠯᠠᠯ ᠳᠤ ᠲᠤᠰᠠᠯᠠᠮᠵᠢ ᠬᠥᠷᠭᠡᠬᠦ ᠡᠷᠴᠢᠮ ᠢᠶᠠᠨ ᠨᠡᠮᠡᠭᠳᠡᠭᠦᠯᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠣᠯᠠᠨ ᠨᠡᠶᠢᠲᠡ ᠶᠢᠨ ᠠᠵᠢᠯ ᠦᠢᠯᠡᠰ᠂ ᠣᠯᠠᠨ ᠲᠦᠮᠡᠨ ᠤ | ᠠᠮᠢᠳᠤᠷᠠᠯ ᠳᠤ ᠵᠠᠪᠠᠯ ᠱᠠᠭᠠᠷᠳᠠᠭᠳᠠᠬᠤ ᠭᠤᠤᠯᠳᠠᠯᠭ᠎ᠠ ᠲᠠᠢ ᠠᠵᠤ ᠠᠬᠤᠶᠢᠯᠠᠯ ᠨᠢ ᠶᠡᠭᠡ ᠳᠡᠭᠡᠳᠤ ᠰᠤᠷᠭᠠᠭᠤᠯᠢ | ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ ᠲᠤ ᠠᠵᠢᠯ | ᠣᠯᠭᠤᠬᠤ ᠶᠢ ᠪᠠᠳᠤᠯᠠᠬᠰᠠᠨ ᠮᠥᠷᠳᠡᠭᠡᠨ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ | ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠨᠢ ᠲᠤᠰᠢᠶᠠᠭᠰᠠᠨ ᠪᠣᠯ ᠬᠥᠮᠦᠨ ᠪᠦᠷᠢ ᠳᠤ | 1000 ᠲᠥᠭᠦᠷᠢᠭ ᠤᠨ ᠨᠥᠬᠦᠪᠥᠷᠢ ᠣᠯᠭᠤᠪᠠ᠃ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠠᠴᠠ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠵᠣᠬᠢᠶᠠᠨ ᠪᠠᠶᠢᠭᠤᠯᠤᠨ | ᠠᠵᠤ ᠠᠬᠤᠶᠢᠯᠠᠯ ᠳᠤ ᠣᠴᠢᠭᠤᠯᠵᠤ ᠠᠵᠢᠯ ᠣᠯᠭᠤᠬᠰᠠᠨ ᠪᠥᠭᠡᠳ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ | ᠲᠣᠭᠲᠠᠵᠤ᠂ ᠨᠡᠶᠢᠭᠡᠮ ᠤᠨ ᠳᠠᠭᠠᠳᠬᠠᠯ ᠳᠤ ᠣᠷᠣᠯᠴᠠᠭᠤᠯᠤᠬᠰᠠᠨ ᠪᠠᠶᠢᠪᠠᠯ ᠲᠣᠭᠲᠠᠭᠠᠯ ᠶᠣᠰᠣᠭᠠᠷ ᠬᠥᠮᠦᠨ | ᠪᠦᠷᠢ ᠳᠤ 100 ᠲᠥᠭᠦᠷᠢᠭ ᠤᠨ ᠦᠢᠯᠡᠴᠢᠯᠡᠬᠡᠨ ᠤ ᠨᠥᠬᠦᠪᠥᠷᠢ ᠣᠯᠭᠤᠬᠰᠠᠨ ᠪᠠᠶᠢᠨ᠎ᠠ᠃ | ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠵᠣᠬᠢᠶᠠᠨ ᠪᠠᠶᠢᠭᠤᠯᠤᠨ ᠠᠵᠢᠯ ᠤᠨ ᠪᠠᠶᠢᠷᠢ ᠳᠤᠨᠢ ᠪᠤᠴᠠᠭᠠᠵᠤ | ᠪᠤᠢ᠃ ᠲᠤᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠲᠤᠰᠬᠠᠶ ᠠᠩᠭᠢ ᠪᠠᠶᠢᠭᠤᠯᠵᠤ᠂ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠭᠰᠠᠨ ᠵᠢᠴᠢ ᠴᠠᠭᠠᠨ ᠰᠠᠷ᠎ᠠ ᠶᠢᠨ ᠳᠠᠷᠠᠭ᠎ᠠ ᠠᠵᠢᠯ ᠤᠨ | ᠪᠠᠶᠢᠷᠢ ᠳᠠᠭᠠᠨ ᠪᠤᠴᠠᠭᠰᠠᠨ ᠪᠠᠶᠢᠳᠠᠯ ᠢ ᠣᠨᠣᠪᠴᠢᠲᠠᠢ ᠡᠵᠡᠮᠳᠡᠪᠡ︔ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠵᠢᠯᠴᠠᠨ᠂ ᠭᠠᠳᠠᠭᠰᠢ ᠭᠠᠷᠴᠤ ᠬᠦᠴᠦ ᠶᠠᠪᠤᠭᠰᠠᠳ ᠲᠤ ︽ᠴᠡᠭ ᠠᠴᠠ ᠴᠡᠭ︾ ᠲᠤ ᠰᠢᠭᠤᠳ ᠬᠦᠷᠭᠡᠬᠦ | ᠦᠢᠯᠡᠴᠢᠯᠡᠭᠡ ᠬᠠᠩᠭᠠᠵᠠᠢ᠃ ᠣᠳᠣ ᠪᠤᠯᠳᠠᠯ᠎ᠠ ᠨᠢᠭᠡᠨᠲᠡ ᠭᠠᠯᠲᠤ ᠲᠡᠷᠭᠡᠨ ᠤ ᠲᠤᠰᠬᠠᠶ ᠸᠠᠭᠤᠨ ᠪᠤᠶᠤ ᠲᠡᠷᠭᠡ | ᠬᠥᠯᠥᠰᠥᠯᠡᠬᠦ ᠵᠡᠷᠭᠡ ᠠᠷᠭ᠎ᠠ ᠪᠠᠷ ᠳᠠᠮᠵᠢᠭᠤᠯᠤᠨ᠂ 80 ᠪᠦᠯᠦᠭ ᠤᠳᠠᠭ᠎ᠠ ᠬᠤᠪᠢᠶᠠᠨ 1696 ᠬᠦᠴᠦ | ᠶᠠᠪᠤᠭᠰᠠᠳ ᠢ ᠵᠣᠬᠢᠶᠠᠨ ᠪᠠᠶᠢᠭᠤᠯᠤᠨ ᠵᠧᠵᠢᠶᠠᠩ᠂ ᠱᠠᠨᠳᠦ᠋ᠩ᠂ ᠵᠢᠶᠠᠩᠰᠦ ᠵᠡᠷᠭᠡ ᠭᠠᠵᠠᠷ ᠤᠨ ᠠᠵᠢᠯ ᠤᠨ | ᠪᠠᠶᠢᠷᠢ ᠳᠤᠨᠢ ᠥᠭᠭᠦᠭᠰᠡᠨ ᠪᠠᠶᠢᠨ᠎ᠠ᠃ | ᠰᠦᠯᠵᠢᠶᠡᠨ ᠳᠡᠭᠡᠷᠡᠬᠢ ᠪᠣᠯᠪᠠᠰᠤᠷᠠᠯ ᠢᠶᠠᠷ ᠬᠥᠳᠡᠯᠮᠦᠷᠢᠴᠢᠳ ᠤᠨ ᠠᠵᠢᠯ ᠤᠯᠬᠤ ᠤᠷ᠎ᠠ ᠴᠢᠳᠠᠪᠤᠷᠢ ᠶᠢ | ᠳᠡᠭᠡᠭᠰᠢᠯᠡᠭᠦᠯᠵᠤ ᠪᠤᠢ᠃ ᠲᠤᠰ ᠬᠤᠲᠠ ᠶᠢᠨ ᠬᠢᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ 73 | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠲᠠᠪᠴᠠᠩ ᠤᠨ ᠭᠠᠷᠴᠠᠭ ᠢ | ᠨᠡᠶᠢᠲᠡᠯᠡᠪᠡ︔ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠡᠬᠢ ᠪᠠᠶᠠᠯᠢᠭ ᠲᠤ ᠲᠦᠰᠢᠭᠯᠡᠨ | ᠬᠠᠷᠠᠭᠠᠨ ᠳᠠᠪᠲᠠᠮᠵᠢᠲᠤ ᠪᠣᠯᠪᠠᠰᠤᠷᠠᠯ᠂ ᠠᠯᠤᠰ ᠡᠵᠡᠮᠰᠢᠯᠲᠦ ᠪᠣᠯᠪᠠᠰᠤᠷᠠᠯ ᠵᠡᠷᠭᠡ ᠶᠢ ᠥᠷᠨᠢᠭᠦᠯᠵᠦ᠂ ᠪᠣᠯᠪᠠᠰᠤᠷᠠᠯ | ᠬᠥᠷᠳᠡᠬᠦ ᠬᠦᠰᠡᠯ ᠲᠠᠢ ᠪᠦᠬᠡᠳ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠨᠥᠬᠦᠴᠡᠯ ᠳᠤ ᠲᠤᠬᠢᠷᠠᠬᠤ ᠬᠥᠳᠡᠯᠮᠦᠷᠢ | ᠬᠦᠴᠦᠨ ᠳᠤ ᠪᠣᠯᠪᠠᠰᠤᠷᠠᠯ ᠬᠦᠷᠲᠡᠭᠡᠵᠤ ᠪᠤᠢ︔ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠨᠥᠬᠦᠪᠥᠷᠢ ᠶᠢᠨ | ᠲᠥᠷᠥ ᠶᠢᠨ ᠪᠣᠳᠣᠯᠭ᠎ᠠ᠂ ᠠᠵᠤ ᠠᠬᠤᠶᠢᠯᠠᠯ ᠠᠵᠢᠯ ᠤᠨ ᠪᠠᠶᠢᠷᠢ ᠶᠢᠨ ᠪᠣᠯᠪᠠᠰᠤᠷᠠᠯ ᠥᠷᠨᠢᠭᠦᠯᠬᠦ ᠶᠢ | ᠨᠠᠶᠢᠳᠠᠪᠤᠷᠢᠵᠢᠭᠤᠯᠵᠤ᠂ ᠠᠵᠢᠯ ᠵᠣᠭᠰᠣᠬᠰᠠᠨ ᠬᠤᠭᠤᠴᠠᠭ᠎ᠠ᠂ ᠰᠡᠷᠭᠦᠭᠡᠬᠦ ᠬᠤᠭᠤᠴᠠᠭᠠᠨ ᠳᠤ ᠠᠵᠢᠯᠲᠠᠨ | ᠠᠵᠢᠯᠴᠢᠨ ᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷᠡᠬᠢ ᠠᠵᠢᠯ ᠮᠡᠷᠭᠡᠵᠢᠯ ᠤᠨ ᠪᠣᠯᠪᠠᠰᠤᠷᠠᠯ ᠳᠤ | ᠣᠷᠣᠯᠴᠠᠭᠤᠯᠤᠬᠰᠠᠨ ᠪᠠᠶᠢᠪᠠᠯ᠂ ᠲᠣᠭᠲᠠᠭᠠᠯ ᠶᠣᠰᠣᠭᠠᠷ ᠨᠥᠬᠦᠪᠥᠷᠢ ᠶᠢᠨ ᠲᠥᠷᠥᠯ ᠤᠨ ᠪᠣᠯᠪᠠᠰᠤᠷᠠᠯ ᠤᠨ | ᠬᠡᠪᠴᠢᠶᠡᠨ ᠳᠤ ᠣᠷᠣᠭᠤᠯᠵᠤ ᠪᠠᠶᠢᠨ᠎ᠠ᠃ |