ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠯᠡ ᠤᠳᠠᠭ᠎ᠠ︾ | ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠰᠢᠯᠢ ᠶᠢᠨ ᠭᠤᠤᠯ ᠠᠶᠢᠮᠠᠭ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ᠵᠦᠢᠯᠡᠰ ᠤᠨ ︽ᠠᠬᠠᠳᠠᠬᠤ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ︽ᠣᠶᠢᠷ᠎ᠠ | ᠬᠠᠪᠢ ᠳᠤ ᠨᠢᠭᠡ ᠯᠡ ᠤᠳᠠᠭ᠎ᠠ ᠭᠦᠶᠦᠯᠭᠡᠬᠦ︾ ᠲᠡᠶᠢᠰᠢ ᠲᠠᠰ ᠳᠡᠪᠰᠢᠭᠦᠯᠬᠦ ᠶᠢ ᠢᠳᠡᠪᠬᠢᠲᠡᠶ ᠠᠬᠢᠭᠤᠯᠵᠤ᠂ | ᠦᠢᠯᠡᠴᠢᠯᠡᠭᠡᠨ ᠤ ᠵᠦᠢᠯᠡᠰ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠤᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ | ᠪᠠᠶᠢᠨ᠎ᠠ᠃ | ᠨᠢᠭᠡ ᠳᠤ ᠦᠨᠳᠦᠰᠦᠨ ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ | ᠵᠢᠷᠤᠮᠵᠢᠭᠰᠠᠨ ᠪᠠᠶᠢᠭᠤᠯᠤᠯᠲᠠ ᠶᠢ ᠲᠦᠯᠬᠢᠨ ᠠᠬᠢᠭᠤᠯᠵᠤ ᠪᠠᠶᠢᠨ᠎ᠠ᠃ ᠦᠨᠳᠦᠰᠦᠨ ᠱᠠᠲᠤᠨ ᠤ ᠥᠷᠲᠡᠭᠡ ︵ᠭᠠᠵᠠᠷ︶ | ᠶᠢ ᠦᠨᠳᠦᠰᠦᠨ ᠱᠠᠲᠤᠨ ᠤ ᠦᠢᠯᠡᠴᠢᠯᠡᠭᠡᠨ ᠤ ᠲᠥᠪ ᠲᠤ ᠲᠥᠪᠯᠡᠷᠡᠭᠦᠯᠬᠦ ᠶᠢ ᠠᠬᠢᠭᠤᠯᠵᠤ᠂ ︽ᠶᠡᠷᠦᠩᠬᠡᠶᠢᠯᠡᠭᠰᠡᠨ | ᠴᠣᠩᠬᠤᠪᠴᠢ ᠭᠥᠯᠢᠶᠡᠨ ᠠᠪᠴᠤ ᠰᠢᠢᠳᠪᠦᠷᠢᠯᠡᠬᠦ + ᠣᠷᠣᠯᠠᠨ ᠭᠦᠢᠴᠡᠳᠬᠡᠬᠦ + ᠥᠪᠡᠰᠦᠪᠡᠨ ᠦᠢᠯᠡᠴᠢᠯᠡᠬᠦ | ᠦᠵᠦᠭᠦᠷ︾ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠵᠦ᠂ ᠠᠷᠠᠳ ᠲᠤ | ᠲᠥᠬᠦᠮ ᠦᠵᠡᠭᠦᠯᠬᠦ ᠦᠢᠯᠡᠴᠢᠯᠡᠭᠡᠨ ᠤ ᠲᠥᠷᠥᠯ ᠤᠨ ᠵᠦᠢᠯᠡᠰ ᠢ ︽ᠣᠶᠢᠷ᠎ᠠ ᠬᠠᠪᠢ ᠳᠤ ᠪᠠᠨ ᠭᠦᠢᠴᠡᠳᠬᠡᠵᠦ | ᠳᠡᠶᠢᠯᠬᠦ᠂ ᠨᠢᠭᠡ ᠬᠤᠲᠠ ᠳᠤ ᠨᠡᠶᠢᠳᠡᠮ ᠭᠦᠢᠴᠡᠳᠬᠡᠬᠦ︾ ᠶᠢ ᠲᠦᠷᠭᠡᠳᠬᠡᠨ ᠪᠡᠶᠡᠯᠡᠭᠦᠯᠦᠨ᠎ᠡ᠃ | ᠬᠤᠶᠠᠷ ᠲᠤ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠣᠷᠣᠯᠠᠨ ᠭᠦᠢᠴᠡᠳᠬᠡᠬᠦ ᠴᠡᠭ ᠤᠨ | ᠪᠠᠶᠢᠭᠤᠯᠤᠯᠲᠠ ᠶᠢ ᠴᠢᠩᠭᠠᠳᠬᠠᠵᠦ ᠪᠠᠶᠢᠨ᠎ᠠ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠱᠠᠲᠤᠨ ᠤ | ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠶᠢ ᠰᠢᠯᠢᠳᠡᠭᠵᠢᠭᠦᠯᠦᠨ᠂ ︽ᠣᠷᠣᠯᠠᠨ ᠭᠦᠢᠴᠡᠳᠬᠡᠬᠦ + | ᠲᠣᠤᠷᠴᠢᠯᠠᠭᠴᠢ ᠶᠢᠨ ᠦᠢᠯᠡᠴᠢᠯᠡᠭᠡ︾ ᠶᠢᠨ ᠵᠠᠭᠪᠤᠷ ᠢ ᠳᠡᠯᠭᠡᠷᠡᠭᠦᠯᠵᠦ᠂ ᠣᠷᠣᠯᠠᠨ ᠲᠤᠰᠢᠶᠠᠬᠤ ᠣᠷᠣᠯᠠᠨ | ᠭᠦᠢᠴᠡᠳᠬᠡᠬᠦ ᠵᠦᠢᠯᠡᠰ ᠤᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠳᠤ ᠣᠯᠠᠨ ᠶᠠᠩᠵᠤ ᠶᠢᠨ ᠴᠢᠨᠠᠷ ᠰᠠᠶᠢᠲᠠᠶ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ | ᠭᠤᠷᠪᠠ ᠳᠤ ︽15 ᠮᠢᠨᠦ᠋ᠲ ᠲᠤ ᠠᠮᠢᠳᠤᠷᠠᠯ ᠤᠨ ᠬᠡᠷᠡᠭ ᠡᠷᠬᠢᠯᠡᠬᠦ ᠬᠦᠷᠢᠶ᠎ᠡ︾ ᠶᠢ ᠬᠦᠴᠦᠯᠡᠨ ᠪᠤᠢ | ᠪᠣᠯᠭᠠᠵᠤ ᠪᠠᠶᠢᠨ᠎ᠠ᠃ ᠪᠠᠩᠬᠢ᠂ ᠰᠢᠤᠳᠠᠨ ᠤ ᠲᠣᠤᠷ ᠴᠡᠭ ᠣᠯᠠᠨ᠂ ᠲᠠᠷᠬᠠᠯᠲᠠ ᠥᠷᠭᠡᠨ᠂ ᠡᠩᠨᠡᠭᠡ ᠴᠢᠩᠭ᠎ᠠ | ᠪᠠᠶᠢᠬᠤ ᠳᠠᠪᠠᠭᠤᠯᠢᠭ ᠲᠤ ᠭᠦᠢᠴᠡᠳ ᠲᠦᠰᠢᠭᠯᠡᠨ᠂ ︽ᠵᠠᠰᠠᠭ ᠪᠠᠩᠬᠢ ᠬᠠᠮᠲᠤᠷᠠᠨ ᠠᠵᠢᠯᠯᠠᠬᠤ︾᠂ ︽ᠵᠠᠰᠠᠭ | ᠰᠢᠤᠳᠠᠨ ᠬᠠᠮᠲᠤᠷᠠᠨ ᠠᠵᠢᠯᠯᠠᠬᠤ︾ ᠶᠢ ᠬᠦᠴᠦᠲᠡᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠦᠨ᠂ ︽ᠠᠬᠠᠳᠠᠬᠤ ᠳᠠᠭᠠᠨ ᠨᠢᠭᠡ ᠤᠳᠠᠭ᠎ᠠ ᠭᠦᠶᠦᠯᠭᠡᠬᠦ︾ ᠶᠢ ︽ | ᠣᠶᠢᠷ᠎ᠠ ᠬᠠᠪᠢ ᠳᠤ ᠨᠢ ᠨᠢᠭᠡ ᠯᠡ ᠤᠳᠠᠭ᠎ᠠ ᠭᠦᠶᠦᠯᠭᠡᠬᠦ︾ ᠪᠣᠯᠭᠠᠨ ᠬᠤᠪᠢᠷᠠᠭᠤᠯᠵᠤ᠂ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠬᠡᠬᠦ ᠳᠤ ᠴᠠᠭ ᠪᠠ ᠬᠦᠴᠦ ᠴᠢᠳᠠᠯ ᠢ ᠨᠢ ᠠᠷᠪᠢᠯᠠᠨ ᠨᠡᠩ ᠥᠨᠳᠥᠷ ᠪᠦᠲᠦᠮᠵᠢᠲᠡᠶ ᠪᠣᠯᠭᠠᠨ᠎ᠠ᠃ |