ᠪᠤᠭᠤᠲᠤ ᠪᠣᠭᠤᠮᠲᠠ ᠤᠤᠯ ᠭᠠᠷᠤᠯᠲᠠ ᠶᠢᠨ ᠣᠷᠣᠨ ᠤ ᠸᠢᠰᠠ ᠲᠠᠢ ᠪᠠᠶᠢᠭ᠎ᠠ ᠠᠵᠤ ᠠᠬᠤᠶᠢᠯᠠᠯ ᠳᠤ ᠳᠥᠭᠦᠮ ᠳᠥᠲᠡ ᠦᠶᠯᠡᠴᠢᠯᠡᠭᠡ ᠬᠠᠩᠭᠠᠵᠤ ᠪᠤᠢ
ᠨᠡᠶᠢᠲᠡᠯᠡᠭᠰᠡᠨ ᠴᠠᠭ᠄
2020/3/4
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠪᠤᠭᠤᠲᠤ ᠪᠣᠭᠤᠮᠲᠠ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠵᠤ᠂ ᠭᠠᠳᠠᠭᠠᠳᠤ ᠠᠷᠠᠯᠵᠢᠶᠠᠨ ᠤ ᠨᠡᠮᠡᠭᠳᠡᠯ ᠢ ᠠᠬᠢᠭᠤᠯᠬᠤ ᠲᠣᠬᠠᠢ ᠬᠥᠬᠡᠬᠤᠲᠠ ᠪᠣᠭᠤᠮᠲᠠ ᠶᠢᠨ 22 ᠵᠦᠶᠯ ᠤᠨ ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠠᠵᠤ ᠠᠬᠤᠶᠢᠯᠠᠯ ᠤᠳ ᠲᠤ ᠲᠣᠬᠢᠷᠠᠭᠰᠠᠨ ᠲᠥᠬᠦᠮ ᠦᠨᠡᠮᠯᠡᠯ ᠭᠠᠷᠭᠠᠵᠤ ᠥᠭᠬᠦ ᠦᠢᠯᠡᠴᠢᠯᠡᠭᠡ ᠬᠠᠩᠭᠠᠪᠠ᠃ 2 ᠳ᠋ᠤᠭᠠᠷ ᠰᠠᠷ᠎ᠠ ᠶᠢᠨ 3᠎ ᠤ ᠡᠳᠦᠷ ᠠᠴᠠ 24᠎ ᠤ ᠡᠳᠦᠷ ᠪᠣᠯᠲᠠᠯ᠎ᠠ᠂ ᠪᠣᠯᠣᠳ ᠲᠡᠮᠦᠷ᠂ ᠲᠠᠷᠢᠶᠠᠯᠠᠩ ᠤᠨ ᠪᠦᠲᠦᠭᠡᠭᠳᠡᠬᠦᠨ᠂ ᠢᠮᠠᠭᠠᠨ ᠨᠣᠣᠯᠣᠭᠤᠷ ᠵᠡᠷᠭᠡ ᠭᠠᠳᠠᠭᠠᠳᠤ ᠳᠤ ᠭᠠᠷᠭᠠᠬᠤ ᠪᠦᠲᠦᠭᠡᠭᠳᠡᠬᠦᠨ ᠳᠤ ᠨᠡᠶᠢᠲᠡ 84 ᠬᠤᠪᠢ ᠤᠤᠯ ᠭᠠᠷᠤᠯᠲᠠ ᠶᠢᠨ ᠣᠷᠣᠨ ᠤ ᠦᠨᠡᠮᠯᠡᠯ ᠣᠯᠭᠤᠵᠤ᠂ ᠸᠢᠰᠠ ᠶᠢᠨ ᠵᠣᠭᠤᠰ ᠤᠨ ᠲᠤᠭ᠎ᠠ ᠨᠢ 2848.19 ᠲᠦᠮᠡᠨ ᠳ᠋ᠣᠯᠯᠠᠷ ᠲᠤ ᠬᠦᠷᠴᠦ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠤᠯᠤᠰ ᠤᠨ ᠪᠣᠭᠤᠮᠲᠠ ᠶᠢᠨ ᠭᠠᠶᠢᠯᠢ ᠶᠢ ᠪᠠᠷᠤᠭ 142 ᠲᠦᠮᠡᠨ ᠳ᠋ᠣᠯᠯᠠᠷ ᠬᠠᠰᠤᠵᠤ ᠬᠡᠯᠲᠦᠷᠢᠭᠦᠯᠪᠡ᠃      ᠪᠤᠭᠤᠲᠤ ᠪᠣᠭᠤᠮᠲᠠ ︽ᠢᠨᠲ᠋ᠧᠷ ᠰᠦᠯᠵᠢᠶ᠎ᠡ + ᠪᠣᠭᠤᠮᠲᠠ︾᠎ ᠶᠢᠨ ᠲᠠᠪᠴᠠᠩ ᠢ ᠭᠦᠶᠴᠡᠳ ᠠᠰᠢᠭᠯᠠᠨ ︽ᠨᠢᠭᠤᠷᠳᠠᠨ ᠠᠭᠤᠯᠵᠠᠯ ᠥᠬᠡᠶ︾᠎ ᠪᠠᠷ ᠠᠯᠪᠠᠯᠠᠵᠤ᠂ ᠠᠵᠤ ᠠᠬᠤᠶᠢᠯᠠᠯ ᠤᠳ ᠦᠶᠯᠡᠴᠢᠯᠡᠬᠦ ᠴᠢᠳᠠᠮᠵᠢ ᠶᠢ ᠥᠪᠡᠰᠦᠪᠡᠨ ᠢᠳᠡᠪᠬᠢ ᠲᠠᠢ ᠬᠡᠷᠡᠭᠯᠡᠬᠦ ᠶᠢ ᠵᠣᠷᠢᠭᠵᠢᠭᠤᠯᠤᠨ᠂ 15 ᠵᠦᠶᠯ ᠤᠨ ᠦᠨᠡᠮᠯᠡᠯ ᠢ ᠨᠢ ᠭᠡᠷ ᠠᠴᠠ ᠨᠢ ᠭᠠᠷᠭᠠᠯ ᠥᠬᠡᠶ ᠪᠠᠷ ᠭᠦᠢᠴᠡᠳᠭᠡᠵᠦ ᠥᠭᠪᠡ᠃ ᠭᠡᠬᠦ ᠳᠤ ᠪᠠᠨ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠵᠡᠷᠭᠡ ᠥᠪᠡᠷᠲᠡᠭᠡᠨ ᠳᠠᠷᠤᠮᠠᠯᠯᠠᠬᠤ ᠶᠢ ᠪᠡᠶᠡᠯᠡᠭᠦᠯᠵᠦ ᠳᠡᠶᠢᠯᠬᠦ ᠥᠬᠡᠶ᠂ ᠬᠠᠷᠢᠨ ᠲᠤᠬᠠᠶ ᠶᠢᠨ ᠲᠠᠯᠠᠪᠤᠷ ᠲᠤ ᠭᠦᠶᠴᠡᠳᠬᠡᠬᠦ ᠴᠢᠬᠤᠯᠠᠲᠠᠶ ᠤᠤᠯ ᠭᠠᠷᠤᠯᠲᠠ ᠶᠢᠨ ᠣᠷᠣᠨ ᠤ ᠦᠨᠡᠮᠯᠡᠯ ᠢ ︽ᠴᠠᠭᠠᠰᠤ ᠦᠭᠡᠢ ᠭᠦᠢᠴᠡᠳᠬᠡᠬᠦ︾ ᠠᠷᠭ᠎ᠠ ᠪᠠᠷ ᠭᠦᠢᠴᠡᠳᠬᠡᠨ᠂ ᠠᠵᠤ ᠠᠬᠤᠶᠢᠯᠠᠯ ᠢ ᠵᠢᠯᠣᠭᠤᠳᠤᠨ ᠡᠯᠧᠺᠲᠷᠣᠨ ᠬᠡᠪᠯᠡᠯ ᠤᠨ ᠬᠠᠭᠤᠳᠠᠰᠤ ᠪᠠᠷᠢᠮᠲᠠ ᠶᠢ ᠳᠡᠭᠡᠭᠰᠢ ᠳᠠᠮᠵᠢᠭᠤᠯᠵᠤ᠂ ᠪᠣᠭᠤᠮᠲᠠ ᠶᠢᠨ ᠡᠯᠧᠺᠲᠷᠣᠨ ᠰᠢᠦᠳᠠᠨ ᠢ ᠭᠥᠯᠢᠶᠡᠨ ᠠᠪᠬᠤ ᠶᠢ ᠠᠰᠢᠭᠯᠠᠨ ᠬᠢᠨᠠᠨ ᠬᠠᠷᠭᠤᠭᠤᠯᠵᠤ᠂ ᠬᠥᠮᠦᠰ ᠤᠨ ᠬᠠᠷᠢᠯᠴᠠᠨ ᠣᠶᠢᠷᠠᠲᠤᠯᠴᠠᠬᠤ ᠶᠢ ᠪᠠᠭᠠᠰᠬᠠᠵᠤ᠂ ︽ᠥᠴᠦᠬᠡᠨ ᠴᠦ ᠭᠦᠶᠦᠬᠦ ᠥᠬᠡᠶ︾᠎ ᠪᠠᠷ ᠸᠢᠰᠠ ᠠᠪᠬᠤ ᠶᠢ ᠪᠡᠶᠡᠯᠡᠭᠦᠯᠪᠡ᠃ ᠡᠭᠦᠨ ᠤ ᠬᠠᠮᠲᠤ᠂ ︽ᠤᠷᠢᠳᠴᠢᠯᠠᠨ ᠪᠣᠯᠵᠣᠬᠤ ᠮᠠᠶ᠋ᠢᠭ︾᠎ ᠤᠨ ᠠᠷᠭ᠎ᠠ ᠪᠠᠷᠢᠯ ᠢᠶᠠᠷ ᠪᠣᠭᠤᠮᠲᠠ ᠠᠵᠤ ᠠᠬᠤᠶᠢᠯᠠᠯ ᠤᠨ ᠸᠢᠴᠠᠲ ᠤᠨ ᠴᠤᠭᠯᠠᠷᠠᠯ᠂ ᠳ᠋ᠢᠶᠠᠩᠬᠤᠸᠠ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠪᠲᠡᠷᠡᠯᠴᠡᠭᠡ ᠪᠠᠨ ᠴᠢᠩᠭᠠᠳᠬᠠᠵᠤ᠂ ᠮᠠᠳᠠᠭ ᠲᠠᠢ ᠠᠰᠠᠭᠤᠳᠠᠯ ᠳᠤ ᠴᠠᠭ ᠲᠤᠬᠠᠶ ᠳᠤ ᠨᠢ ᠬᠠᠷᠢᠭᠤᠯᠲᠠ ᠥᠭᠴᠦ᠂ ᠪᠦᠯᠦᠭ ᠤᠳᠠᠭ᠎ᠠ ᠬᠤᠪᠢᠶᠠᠨ ᠰᠣᠯᠪᠢᠴᠠᠨ ᠭᠦᠢᠴᠡᠳᠬᠡᠵᠦ᠂ ᠪᠠᠷᠢᠨ ᠭᠦᠢᠴᠡᠳᠬᠡᠨ ᠪᠠᠷᠢᠨ ᠶᠠᠪᠤᠭᠤᠯᠵᠤ᠂ ᠬᠥᠮᠦᠰ ᠤᠨ ᠬᠤᠷᠠᠨ ᠴᠤᠭᠯᠠᠷᠠᠬᠤ ᠠᠴᠠ ᠵᠠᠶᠢᠯᠠᠰᠬᠢᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号