ᠱᠢ ᠲᠠᠢ ᠹᠧᠩ ᠰᠢᠯᠢ ᠶᠢᠨ ᠭᠤᠤᠯ ᠠᠶᠢᠮᠠᠬ ᠲᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠬᠰᠠᠨ ᠨᠢ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠡᠯ᠎ᠠ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠳᠤᠷ ᠬᠢᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ ᠭᠡᠷᠡᠭᠲᠡᠢ
ᠨᠡᠶᠢᠲᠡᠯᠡᠭᠰᠡᠨ ᠴᠠᠭ᠄
2020/3/5
     3 ᠰᠠᠷ᠎ᠠ ᠶᠢᠨ 2᠎ ᠠᠴᠠ 4᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠰᠢᠯᠢ ᠶᠢᠨ ᠭᠤᠤᠯ ᠠᠶᠢᠮᠠᠬ ᠲᠤ ᠬᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠬᠳᠤ ᠰᠤᠯᠠᠷᠠᠭᠤᠯᠤᠯ ᠦᠭᠡᠢ ᠰᠠᠶᠢᠳᠤᠷ ᠠᠳᠬᠤᠬᠤ ᠶᠢᠨ ᠵᠡᠷᠭᠡ ᠪᠠᠷ ᠪᠦᠬᠦ ᠬᠦᠴᠦᠨ ᠢᠶᠠᠷ ᠢᠶᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠬᠢᠵᠦ᠂ ᠠᠵᠤ ᠦᠢᠯᠡᠰ ᠤᠨ ᠬᠦᠭᠵᠢᠯᠳᠠ ᠶᠢ ᠯᠠᠪᠳᠠᠭᠤᠨ ᠪᠠᠳᠤᠳᠠᠢ ᠠᠬᠢᠭᠤᠯᠵᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠵᠠᠰᠠᠯᠳᠠ ᠶᠢ ᠦᠷᠬᠦᠯᠵᠢᠯᠡᠨ ᠴᠢᠩᠭᠠᠳᠬᠠᠵᠦ᠂ ᠨᠡᠩ ᠶᠡᠭᠡ ᠡᠷᠴᠢᠮ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ ᠪᠠᠷ ᠴᠢᠷᠮᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠃
     ᠡᠨᠡ ᠵᠢᠯ ᠪᠤᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠲᠠᠶᠢᠯᠠᠯᠳᠤᠭᠠᠨ ᠤ ᠰᠡᠬᠦᠯ ᠬᠤᠷᠢᠶᠠᠬᠤ ᠵᠢᠯ ᠪᠤᠯᠤᠨ᠎ᠠ᠂ ᠱᠢ ᠲᠠᠢ ᠹᠧᠩ ᠤᠳᠤᠬᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠬᠢᠴᠠ ᠶᠢᠨ ᠪᠠᠶᠢᠳᠠᠯ ᠢ ᠳᠡᠭᠡᠳᠦ ᠭᠡᠮᠵᠢᠶ᠎ᠠ ᠪᠠᠷ ᠠᠩᠬᠠᠷᠴᠦ ᠪᠠᠶᠢᠯ᠎ᠠ᠃ ᠲᠡᠷᠡ ᠬᠤᠷᠴᠠᠪᠢᠯᠢᠭ᠌᠂ ᠰᠦᠨ ᠰᠢ ᠯᠢᠨ᠂ ᠬᠤ᠋ ᠶᠤᠸᠠᠢ ᠪᠢᠩ ᠤᠨ ᠭᠡᠷ ᠲᠤ ᠢᠷᠡᠵᠦ᠂ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠬᠦᠨᠵᠡᠭᠡᠢ ᠰᠤᠯᠢᠯᠴᠠᠵᠦ᠂ ᠶᠠᠳᠠᠭᠤ ᠠᠴᠠ ᠠᠩᠬᠢᠵᠢᠷᠠᠬᠰᠠᠨ ᠤ ᠳᠠᠷᠠᠭᠠᠬᠢ ᠦᠢᠯᠡᠳᠪᠤᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠤᠢᠢᠯᠠᠭᠠᠵᠦ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠱᠠᠯᠠᠪᠳᠠᠭᠤᠯᠤᠨ ᠵᠢᠯᠤᠭᠤᠳᠪᠠ᠃ ᠬᠡᠷᠡᠮ ᠲᠤᠰᠬᠤᠨ ᠤ ᠬᠢᠨ ᠲᠤᠰᠬᠤᠨ ᠤ ᠨᠠᠮ ᠤᠨ ᠡᠬᠦᠷ ᠤᠨ ᠱᠦᠵᠢ ᠶᠢᠨ ᠳᠠᠭᠠᠭᠤᠯᠭ᠎ᠠ ᠪᠠᠷ ᠶᠠᠳᠠᠭᠤ ᠶᠢ ᠳᠡᠳᠬᠦᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠦ᠂ ᠬᠠᠮᠳᠤ ᠶᠢᠨ ᠠᠵᠤ ᠠᠬᠤᠢ ᠶᠢ ᠪᠤᠵᠠᠭᠠᠢᠢᠷᠠᠭᠤᠯᠤᠭᠰᠠᠨ᠂ ᠦᠨᠢᠷᠴᠡᠴᠡᠭ ᠨᠠᠮ ᠤᠨ ᠭᠡᠰᠢᠬᠦᠨ ᠤ ᠭᠤᠤᠯᠳᠠᠯᠭᠠᠳᠦ ᠡᠷᠦᠭᠡ ᠶᠢᠨ ᠵᠢᠱᠢᠶ᠎ᠠ ᠦᠵᠡᠬᠦᠯᠦᠨ ᠬᠦᠳᠦᠯᠦᠨ ᠳᠠᠭᠠᠭᠤᠯᠬᠤ ᠦᠢᠯᠡᠳᠦᠯ ᠢᠶᠠᠨ ᠬᠦᠢᠴᠡᠳ ᠪᠠᠳᠠᠷᠠᠭᠤᠯᠵᠦ᠂ ᠮᠠᠯᠴᠢᠨ ᠲᠠᠷᠢᠶᠠᠴᠢᠨ ᠢ ᠲᠠᠶᠢᠴᠢᠯᠠᠨ ᠶᠠᠳᠠᠭᠤ ᠠᠴᠠ ᠠᠩᠬᠢᠵᠢᠷᠠᠵᠦ ᠴᠢᠨᠡᠭᠡᠯᠢᠭᠵᠢᠭᠰᠡᠨ ᠵᠡᠷᠭᠡ ᠶᠢ ᠤᠢᠢᠯᠠᠭᠠᠭᠠᠳ᠂ ᠱᠢ ᠲᠠᠢ ᠹᠧᠩ᠂ ᠭᠠᠯᠠᠭᠤ ᠰᠢᠪᠠᠭᠤᠳ ᠰᠦᠷᠦᠭᠯᠡᠨ ᠨᠢᠰᠬᠦᠶ᠎ᠠ ᠲᠦᠷᠦᠬᠦᠴᠢ ᠭᠠᠯᠠᠭᠤ ᠪᠠᠷ ᠲᠠᠭᠠᠭᠤᠯᠤᠭᠴᠢ ᠪᠤᠯᠭᠠᠮᠤᠢ ᠭᠡᠳᠡᠭ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠲᠠᠯᠠᠪᠤᠷ ᠴᠦ ᠭᠡᠰᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠤ ᠲᠠᠯᠠᠪᠤᠷ ᠴᠦ ᠭᠡᠰᠡᠨ ᠴᠦᠮ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠭᠡᠰᠢᠬᠦᠨ ᠺᠠᠳ᠋ᠷ ᠨᠠᠷ ᠤᠯᠠᠨ ᠲᠦᠮᠡᠨ ᠢ ᠳᠠᠭᠠᠭᠤᠯᠤᠨ ᠬᠠᠮᠳᠦ ᠠᠵᠢᠯᠯᠠᠬᠤ ᠳᠤ ᠲᠦᠰᠢᠭᠯᠡᠳᠡᠭ᠃ ᠡᠯ᠎ᠠ ᠱᠠᠳᠤᠨ ᠤ ᠬᠢᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠦᠨᠡᠨ ᠬᠦ ᠰᠠᠶᠢᠳᠤᠷ ᠠᠳᠬᠤᠵᠦ᠂ ᠨᠠᠮ ᠤᠨ ᠡᠬᠦᠷ ᠤᠨ ᠳᠠᠭᠠᠭᠤᠯᠤᠬᠴᠢ᠂ ᠨᠠᠮ ᠤᠨ ᠭᠡᠰᠢᠬᠦᠨ ᠤ ᠭᠤᠤᠯᠳᠠᠯᠭᠠᠳᠦ ᠡᠷᠦᠭᠡ᠂ ᠪᠡᠶᠡᠵᠢᠯ ᠴᠢᠨᠡᠭᠡᠯᠢᠭᠵᠢᠯ ᠤᠨ ᠳᠠᠭᠠᠭᠤᠯᠤᠬᠴᠢ ᠶᠢᠨ ᠴᠢᠬᠤᠯᠠ ᠦᠢᠯᠡᠳᠦᠯ ᠢ ᠬᠦᠢᠴᠡᠳ ᠪᠠᠳᠠᠷᠠᠭᠤᠯᠵᠦ᠂ ᠨᠡᠩ ᠤᠯᠠᠨ ᠬᠦᠮᠦᠰ ᠢ ᠳᠠᠭᠠᠭᠤᠯᠤᠨ ᠴᠢᠨᠡᠭᠡᠯᠢᠭ ᠠᠮᠢᠳᠤᠷᠠᠯ ᠲᠠᠢ ᠪᠤᠯᠭᠠᠬᠤ ᠭᠡᠷᠡᠭᠲᠡᠢ᠃ ᠭᠠᠴᠠᠭ᠎ᠠ ᠲᠤᠰᠬᠤᠨ ᠤ ᠬᠠᠮᠳᠦ ᠶᠢᠨ ᠠᠵᠤ ᠠᠬᠤᠢ ᠶᠢ ᠪᠤᠶᠢᠵᠢᠭᠤᠯᠤᠨ ᠪᠤᠵᠠᠭᠠᠢᠢᠷᠠᠭᠤᠯᠵᠦ᠂ ᠤᠯᠠᠨ ᠲᠦᠮᠡᠨ ᠤ ᠦᠷᠬᠦᠯᠵᠢᠯᠡᠨ ᠲᠤᠭᠳᠠᠭᠤᠨ ᠢᠶᠠᠷ ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠠ ᠶᠢ ᠨᠡᠩ ᠡᠷᠴᠢᠮ ᠬᠦᠴᠦᠳᠠᠢ ᠪᠤᠯᠭᠠᠬᠤ ᠭᠡᠷᠡᠭᠲᠡᠢ᠃ ᠶᠠᠳᠠᠭᠤ ᠶᠢ ᠳᠡᠳᠬᠦᠬᠦ ᠠᠵᠢᠯᠯᠠᠬᠤ ᠠᠩᠬᠢ ᠶᠢᠨ ᠬᠢᠨ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠬᠠᠪᠰᠤᠷᠤᠨ ᠳᠡᠳᠬᠦᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠦᠢᠯᠡᠳᠪᠤᠷᠢᠯᠡᠯ ᠢ ᠬᠦᠭᠵᠢᠬᠦᠯᠬᠦ ᠵᠡᠷᠭᠡ ᠲᠠᠯ᠎ᠠ ᠪᠠᠷ ᠬᠢ ᠵᠢᠯᠤᠭᠤᠳᠤᠯᠭ᠎ᠠ ᠪᠠ ᠬᠠᠪᠰᠤᠷᠤᠯᠭ᠎ᠠ ᠪᠠᠨ ᠴᠢᠩᠭᠠᠳᠬᠠᠬᠤ ᠭᠡᠷᠡᠭᠲᠡᠢ ᠭᠡᠪᠡ᠃
     ᠮᠠᠯ ᠠᠵᠤ ᠠᠬᠤᠢ ᠲᠠᠷᠢᠶᠠᠯᠠᠩ ᠪᠤᠯ ᠰᠢᠯᠢ ᠶᠢᠨ ᠭᠤᠤᠯ ᠠᠶᠢᠮᠠᠬ ᠤᠨ ᠤᠯᠠᠮᠵᠢᠯᠠᠯᠳᠦ ᠠᠵᠤ ᠦᠢᠯᠡᠰ᠂ ᠲᠤᠯᠭᠠᠭᠤᠷᠢ ᠠᠵᠤ ᠦᠢᠯᠡᠰ ᠮᠦᠨ᠂ ᠱᠢ ᠲᠠᠢ ᠹᠧᠩ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠠ ᠶᠢ ᠮᠠᠰᠢ ᠶᠡᠭᠡ ᠴᠢᠬᠤᠯᠠᠴᠢᠯᠠᠵᠦ ᠪᠠᠶᠢᠯ᠎ᠠ᠃ ᠲᠡᠷᠡ ᠤᠷᠢᠳ ᠬᠤᠵᠢᠳ ᠶᠠᠩ ᠶᠠᠩ ᠮᠠᠯᠵᠢᠯ ᠤᠨ ᠦᠢᠯᠡᠰ ᠤᠨ ᠺᠤᠮᠫᠠᠨᠢ᠂ ᠲᠠᠯ᠎ᠠ ᠨᠤᠳᠤᠭ ᠤᠨ ᠠᠮᠳᠠᠳᠤ ᠴᠠᠭᠠᠨ ᠢᠳᠡᠭᠡᠨ ᠤ ᠳᠡᠯᠭᠡᠬᠦᠷ᠂ ᠶᠤᠸᠠᠢ ᠱᠧᠩ ᠵᠠᠢ ᠤᠳᠤ ᠦᠶ᠎ᠠ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠬᠤᠩ ᠵᠢᠩ ᠶᠤᠸᠠᠨ ᠦᠭᠡᠬᠦ ᠲᠤᠰᠤᠨ ᠤ ᠺᠤᠮᠫᠠᠨᠢ᠂ ᠱᠧᠩ ᠲᠠᠢ ᠡᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ᠂ ᠲᠠᠯ᠎ᠠ ᠨᠤᠳᠤᠭ ᠤᠨ ᠠᠷᠢᠬᠢ ᠨᠡᠷᠡᠬᠦ ᠺᠤᠮᠫᠠᠨᠢ᠂ ᠰᠢᠨ ᠶᠤᠸᠠᠨ ᠮᠠᠯᠵᠢᠯ ᠤᠨ ᠦᠢᠯᠡᠰ ᠤᠨ ᠺᠤᠮᠫᠠᠨᠢ ᠳᠤ ᠬᠦᠨᠵᠡᠭᠡᠶᠢᠷᠡᠨ᠂ ᠠᠵᠤ ᠠᠬᠤᠢᠢᠯᠠᠯ ᠤᠨ ᠬᠠᠷᠢᠭᠤᠴᠠᠯᠭᠠᠳᠠᠨ ᠲᠠᠢ ᠰᠠᠨᠠᠯ ᠢᠶᠠᠨ ᠬᠦᠨᠵᠡᠭᠡᠢ ᠰᠤᠯᠢᠯᠴᠠᠵᠦ᠂ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠬᠦ᠂ ᠦᠢᠯᠡᠳᠬᠦᠨ ᠢ ᠰᠤᠳᠤᠯᠤᠨ ᠨᠡᠭᠡᠭᠡᠬᠦ᠂ ᠵᠠᠬ᠎ᠠ ᠳᠡᠯᠭᠡᠬᠦᠷ ᠤᠨ ᠪᠤᠷᠤᠯᠠᠭᠤᠯᠭ᠎ᠠ᠂ ᠠᠵᠤ ᠦᠢᠯᠡᠰᠵᠢᠬᠦᠯᠦᠭᠰᠡᠡ ᠬᠦᠭᠵᠢᠯᠳᠠ᠂ ᠬᠦᠳᠡᠭᠡ ᠠᠵᠤ ᠠᠬᠤᠢ ᠪᠤᠯᠤᠨ ᠠᠵᠤ ᠠᠬᠤᠢᠢᠯᠠᠯ ᠤᠨ ᠠᠰᠢᠬ ᠲᠤᠰᠠ ᠶᠢᠨ ᠬᠤᠯᠪᠤᠯᠲᠤᠯ ᠤᠶᠠᠯᠳᠤᠯ ᠵᠡᠷᠭᠡ ᠪᠠᠶᠢᠳᠠᠯ ᠢ ᠤᠢᠢᠯᠠᠭᠠᠪᠠ᠃ ᠱᠢ ᠲᠠᠢ ᠹᠧᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠠᠳᠬᠤᠭᠰᠠᠨ ᠤ ᠤᠷᠢᠳᠠᠯ ᠲᠤᠤᠷ᠎ᠠ᠂ ᠴᠢᠨᠠᠬᠰᠢᠳᠠ ᠦᠢᠯᠡᠳᠪᠤᠷᠢᠯᠡᠯ ᠢᠶᠠᠨ ᠰᠡᠷᠬᠦᠭᠡᠨ᠂ ᠲᠤᠭᠳᠠᠭᠤᠨ ᠢᠶᠠᠷ ᠦᠢᠯᠡᠳᠪᠤᠷᠢᠯᠡᠵᠦ᠂ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠦᠢᠯᠡᠳᠪᠤᠷᠢᠯᠡᠯ ᠎ ᠤᠨ ᠡᠯ᠎ᠠ ᠵᠦᠢᠯ ᠤᠨ ᠠᠵᠢᠯ ᠢ ᠴᠢᠩᠭ᠎ᠠ ᠪᠤᠳᠠᠳᠠᠢ ᠠᠳᠬᠤᠬᠤ ᠭᠡᠷᠡᠭᠲᠡᠢ᠃ ᠮᠠᠯ ᠠᠵᠤ ᠠᠬᠤᠢ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠲᠠᠷᠢᠵᠦ ᠲᠡᠵᠢᠭᠡᠬᠦ ᠦᠢᠯᠡᠰ ᠤᠨ ᠡᠬᠦᠯᠳᠡᠷ ᠪᠠ ᠪᠦᠳᠦᠴᠡ ᠶᠢ ᠰᠢᠯᠢᠳᠡᠭᠵᠢᠬᠦᠯᠵᠦ᠂ ᠳᠠᠭᠠᠭᠤᠯᠤᠬᠴᠢ ᠠᠵᠤ ᠠᠬᠤᠢᠢᠯᠠᠯ ᠪᠠ ᠬᠤᠷᠰᠢᠶ᠎ᠠ ᠶᠢᠨ ᠳᠠᠭᠠᠭᠤᠯᠤᠨ ᠲᠠᠶᠢᠴᠢᠯᠠᠬᠤ ᠦᠢᠯᠡᠳᠦᠯ ᠎ ᠢ ᠬᠦᠢᠴᠡᠳ ᠪᠠᠳᠠᠷᠠᠭᠤᠯᠵᠦ᠂ ᠨᠠᠷᠢᠯᠢᠭ ᠡᠳ᠋ᠰᠢᠬᠦᠯᠦᠨ ᠪᠤᠯᠪᠠᠰᠤᠷᠠᠭᠤᠯᠬᠤ ᠦᠢᠯᠡᠰ ᠢ ᠬᠦᠭᠵᠢᠬᠦᠯᠵᠦ᠂ ᠠᠵᠤ ᠦᠢᠯᠡᠰ ᠤᠨ ᠬᠡᠯᠬᠢᠶ᠎ᠠ ᠶᠢ ᠤᠷᠳᠤᠳᠬᠠᠨ᠂ ᠦᠢᠯᠡᠳᠬᠦᠨ ᠤ ᠨᠡᠮᠡᠯᠳᠠ ᠦᠷᠳᠡᠭ ᠢ ᠳᠡᠭᠡᠭᠰᠢᠯᠡᠬᠦᠯᠦᠨ᠂ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠠ ᠶᠢᠨ ᠶᠠᠰᠦ ᠴᠢᠨᠠᠷ ᠪᠠ ᠦᠷ᠎ᠠ ᠠᠰᠢᠬ ᠢ ᠳᠡᠭᠡᠭᠰᠢᠯᠡᠬᠦᠯᠵᠦ᠂ ᠬᠦᠭᠵᠢᠯᠳᠠ ᠶᠢᠨ ᠦᠷ᠎ᠠ ᠪᠦᠳᠦᠭᠡᠯ ᠢ ᠮᠠᠯᠴᠢᠨ ᠲᠠᠷᠢᠶᠠᠴᠢᠨ ᠳᠤ ᠨᠡᠩ ᠤᠯᠠᠨ ᠬᠦᠷᠳᠡᠭᠡᠬᠦ ᠭᠡᠷᠡᠭᠲᠡᠢ᠃ ᠦᠨᠳᠦᠰᠦᠳᠡᠨ ᠤ ᠤᠨᠴᠠᠯᠢᠭᠳᠤ ᠠᠵᠤ ᠦᠢᠯᠡᠰ ᠢ ᠬᠦᠭᠵᠢᠬᠦᠯᠦᠨ ᠪᠤᠵᠠᠭᠠᠢᠢᠷᠠᠭᠤᠯᠵᠦ᠂ ᠤᠯᠠᠮᠵᠢᠯᠠᠯᠳᠦ ᠭᠠᠷ ᠤᠷᠠᠯᠠᠯ ᠪᠤᠯᠤᠨ ᠤᠳᠤ ᠦᠶ᠎ᠠ ᠶᠢᠨ ᠡᠯᠧᠮᠧᠨ᠋ᠲ ᠤᠨ ᠤᠷᠭᠠᠨᠢᠭ ᠠᠭᠤᠰᠤᠯᠴᠠᠯ ᠢ ᠠᠬᠢᠭᠤᠯᠤᠨ᠂ ᠦᠢᠯᠡᠳᠬᠦᠨ ᠢ ᠪᠠᠷᠢᠮᠵᠢᠶᠠᠵᠢᠭᠤᠯᠤᠨ ᠦᠢᠯᠡᠳᠪᠤᠷᠢᠯᠡᠬᠦ ᠶᠢ ᠰᠠᠶᠢᠳᠤᠷ ᠠᠳᠬᠤᠵᠦ᠂ ᠤᠨᠴᠠᠯᠢᠬ ᠢ ᠰᠠᠶᠢᠳᠤᠷ ᠪᠠᠳᠠᠷᠠᠭᠤᠯᠤᠨ᠂ ᠲᠠᠯ᠎ᠠ ᠨᠤᠲᠤᠭ ᠤᠨ ᠨᠡᠷ᠎ᠡ ᠠᠯᠲᠠᠷᠰᠢᠯ ᠢ ᠨᠡᠩ ᠢᠯᠡᠬᠦᠤ ᠮᠠᠨᠲᠤᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ ᠲᠡᠷᠡ᠂ ᠳᠠᠷᠠᠰᠤᠨ ᠤ ᠠᠩᠬᠢᠯᠤᠮ᠎ᠠ ᠦᠨᠦᠷ ᠤᠷᠳᠤ ᠭᠤᠳᠤᠮᠵᠢ ᠠᠴᠠ ᠪᠠᠨ ᠭᠠᠷᠴᠦ ᠴᠢᠳᠠᠬᠤ ᠦᠭᠡᠢ ᠠᠴᠠ ᠰᠡᠷᠭᠡᠶᠢᠯᠡᠬᠦ ᠭᠡᠷᠡᠭᠲᠡᠢ᠂ ᠵᠠᠬ᠎ᠠ ᠳᠡᠯᠭᠡᠬᠦᠷ ᠤᠨ ᠬᠤᠪᠢᠷᠠᠯᠳᠠ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠦ᠂ ᠦᠢᠯᠡᠳᠬᠦᠨ ᠤ ᠪᠠᠶᠢᠷᠢ ᠲᠤᠭᠳᠠᠭᠠᠯᠳᠠ ᠶᠢ ᠤᠨᠤᠪᠴᠢᠳᠠᠢ ᠡᠷᠢᠵᠦ᠂ ᠨᠡᠷᠡᠳᠦ ᠳᠡᠮᠳᠡᠭ ᠢ ᠴᠤᠬᠴᠠᠯᠠᠬᠤ ᠶᠢ ᠴᠢᠬᠤᠯᠠᠴᠢᠯᠠᠨ᠂ ᠡᠵᠡᠩᠨᠡᠨ ᠪᠤᠷᠤᠯᠠᠭᠤᠯᠵᠦ ᠲᠠᠨᠢᠯᠴᠠᠭᠤᠯᠬᠤ ᠶᠢ ᠡᠷᠴᠢᠮᠵᠢᠬᠦᠯᠵᠦ᠂ ᠭᠡᠷᠡᠭᠯᠡᠭᠡᠨ ᠤ ᠳᠠᠯᠳᠠ ᠭᠡᠷᠡᠭᠴᠡᠭᠡ ᠶᠢ ᠢᠳᠡᠪᠬᠢᠳᠠᠢ ᠠᠭᠤᠳᠠᠯᠯᠠᠵᠦ᠂ ᠰᠢᠨ᠎ᠠ ᠭᠡᠷᠡᠭᠯᠡᠭᠡᠨ ᠤ ᠵᠠᠬᠪᠤᠷ ᠢ ᠡᠬᠦᠳᠴᠦ᠂ ᠨᠡᠩ ᠤᠯᠠᠨ ᠰᠢᠯᠢᠳᠡᠭ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠢ ᠨᠡᠩ ᠦᠨᠳᠦᠷ ᠲᠦᠪᠰᠢᠨ ᠳᠤ ᠬᠦᠷᠭᠡᠵᠦ᠂ ᠦᠨ᠎ᠠ ᠦᠷᠳᠡᠭ ᠢ ᠨᠢ ᠨᠡᠮᠡᠭᠳᠡᠬᠦᠯᠬᠦ ᠭᠡᠷᠡᠭᠲᠡᠢ ᠭᠡᠵᠦ ᠵᠢᠭᠠᠵᠦ ᠭᠠᠷᠭᠠᠪᠠ᠃
     ᠮᠠᠨ ᠤ ᠤᠷᠤᠨ ᠤ ᠤᠤᠭᠠᠨ ᠤᠯᠠᠭᠠᠨᠮᠦ᠋ᠴᠢᠷ ᠰᠦᠨᠢᠳ ᠪᠠᠷᠠᠭᠤᠨ ᠬᠤᠰᠢᠭᠤᠨ ᠳᠤ ᠮᠡᠨᠳᠦᠯᠡᠭᠰᠡᠡ ᠶᠤᠮ᠃ ᠰᠦᠨᠢᠳ ᠰᠤᠶᠤᠯ ᠤᠨ ᠲᠦᠪ ᠤᠨ ᠦᠵᠡᠬᠦᠯᠭᠡ ᠶᠢᠨ ᠲᠢᠩᠬᠢᠮ ᠳᠤ᠂ ᠭᠡᠷᠡᠯ ᠵᠢᠷᠤᠭ᠂ ᠪᠤᠳᠠᠳᠤ ᠡᠳ᠋ ᠨᠦᠭᠦᠳ ᠨᠢ ᠤᠯᠠᠭᠠᠨᠮᠦ᠋ᠴᠢᠷ ᠤᠨ ᠬᠦᠭᠵᠢᠯᠳᠠ ᠶᠢᠨ ᠭᠡᠷᠡᠯ ᠰᠠᠴᠤᠷᠠᠩᠭᠤᠢ ᠲᠡᠦᠭᠡᠨ ᠶᠠᠪᠤᠴᠠ ᠶᠢ ᠠᠮᠢᠳᠤᠯᠢᠭ ᠢᠶᠠᠷ ᠬᠠᠷᠠᠭᠤᠯᠵᠦ ᠪᠠᠶᠢᠯ᠎ᠠ᠂ ᠱᠢ ᠲᠠᠢ ᠹᠧᠩ ᠪᠠᠶᠢᠨ ᠪᠠᠶᠢᠨ ᠵᠤᠬᠰᠤᠰᠬᠢᠨ ᠦᠵᠡᠬᠦ ᠶᠢᠨ ᠬᠠᠮᠳᠦ ᠤᠯᠠᠭᠠᠨᠮᠦ᠋ᠴᠢᠷ ᠤᠨ ᠭᠡᠰᠢᠬᠦᠳ ᠲᠠᠢ ᠳᠤᠳᠤᠨᠤ ᠪᠠᠷ ᠶᠠᠷᠢᠯᠴᠠᠵᠦ᠂ ᠪᠠᠰᠠ ᠳᠡᠳᠡᠨ ᠤ ᠰᠢᠨ᠎ᠠ ᠪᠠᠷ ᠨᠠᠶᠢᠷᠠᠭᠤᠯᠤᠨ ᠵᠤᠬᠢᠶᠠᠭᠰᠠᠨ ᠲᠤᠭᠯᠠᠯᠳᠠ ᠶᠢ ᠰᠤᠨᠢᠷᠬᠠᠪᠠ᠃ ᠲᠡᠷᠡ᠂ ᠤᠯᠠᠭᠠᠨᠮᠦ᠋ᠴᠢᠷ ᠪᠠᠶᠢᠭᠤᠯᠤᠭᠳᠠᠭᠰᠠᠨ ᠠᠴᠠ ᠨᠠᠭᠠᠰᠢ᠂ ᠢᠮᠠᠬᠳᠠ ᠨᠠᠮ ᠤᠨ ᠤᠳᠬ᠎ᠠ ᠤᠷᠠᠯᠢᠭ ᠤᠨ ᠴᠢᠭᠯᠡᠯᠳᠠ ᠶᠢ ᠪᠠᠷᠢᠮᠳᠠᠯᠠᠵᠦ᠂ ᠢᠮᠠᠬᠳᠠ ᠠᠮᠢᠳᠤᠷᠠᠯ ᠤᠨ ᠰᠢᠮᠡᠯᠢᠭ ᠬᠦᠷᠦᠰᠦᠨ ᠳᠤ ᠦᠨᠳᠦᠰᠦᠯᠡᠵᠦ᠂ ᠠᠷᠠᠳ ᠤᠯᠠᠨ ᠳᠤ ᠦᠢᠯᠡᠴᠢᠯᠡᠪᠠ᠂ ᠤᠯᠠᠭᠠᠨᠮᠦ᠋ᠴᠢᠷ ᠤᠨ ᠵᠤᠷᠢᠭ ᠰᠠᠨᠠᠭ᠎ᠠ ᠪᠤᠯ ᠳᠠᠷᠤᠢ ᠤᠬ ᠰᠠᠨᠠᠭ᠎ᠠ ᠪᠠᠨ ᠦᠯᠦ ᠮᠠᠷᠳᠠᠵᠦ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ ᠲᠤᠬᠠᠢ ᠬᠠᠮᠤᠭ ᠤᠨ ᠰᠠᠶᠢᠨ ᠲᠠᠶᠢᠯᠪᠤᠷᠢᠯᠠᠯ ᠮᠦᠨ᠂ ᠡᠯ᠎ᠠ ᠠᠵᠢᠯ ᠲᠦᠷᠦᠯ ᠤᠨ ᠬᠢᠨ ᠰᠤᠷᠤᠯᠴᠠᠨ ᠲᠤᠯᠢᠳᠠᠭᠤᠰᠢᠳᠠᠢ ᠪᠠᠶᠢᠨ᠎ᠠ ᠭᠡᠵᠦ ᠰᠡᠳᠬᠢᠯ ᠲᠤᠬᠳᠤᠯᠤᠨ ᠭᠡᠯᠡᠪᠡ᠃ ᠲᠡᠷᠡ ᠤᠯᠠᠭᠠᠨᠮᠦ᠋ᠴᠢᠷ ᠤᠨ ᠭᠡᠰᠢᠬᠦᠳ ᠢ ᠶᠡᠷᠦᠩᠭᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠠᠭ᠎ᠠ ᠶᠢ ᠪᠠᠳᠤ ᠴᠡᠭᠡᠵᠢᠯᠡᠵᠦ᠂ ᠢᠷᠠᠭᠤ ᠠᠯᠳᠠᠷᠳᠦ ᠤᠯᠠᠮᠵᠢᠯᠠᠯ ᠢᠶᠠᠨ ᠪᠠᠳᠠᠷᠠᠭᠤᠯᠤᠨ᠂ ᠴᠦᠭᠦᠷᠡᠰᠢ ᠦᠭᠡᠢ ᠪᠠᠷ ᠰᠢᠨ᠎ᠠ ᠶᠢ ᠡᠬᠦᠳᠦᠨ ᠵᠤᠬᠢᠶᠠᠨ ᠪᠦᠳᠦᠭᠡᠵᠦ᠂ ᠦᠨᠢ ᠡᠬᠦᠷᠢᠳᠠ ᠲᠠᠯ᠎ᠠ ᠨᠤᠳᠤᠭ ᠤᠨ ︽ᠠᠵᠢᠨᠠᠢ ᠬᠦᠯᠦᠭ︾ ᠪᠠ ︽ᠤᠷᠠᠨ ᠬᠠᠶᠢᠷᠭᠤᠴᠠᠢ︾ ᠪᠤᠯᠤᠭᠠᠷᠠᠢ ᠭᠡᠵᠦ ᠵᠤᠷᠢᠬᠵᠢᠭᠤᠯᠪᠠ᠃ ᠱᠢ ᠲᠠᠢ ᠹᠧᠩ ᠰᠢᠯᠤᠭᠤᠨ ᠬᠦᠪᠡᠭᠡᠳᠦ ᠴᠠᠭᠠᠨ ᠬᠤᠰᠢᠭᠤᠨ ᠤ ᠮᠦᠽᠸᠢ᠂ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠮᠦᠽᠸᠢ ᠪᠠ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢᠨ ᠰᠤᠶᠤᠯ ᠤᠨ ᠦᠪ ᠤᠨ ᠬᠠᠮᠠᠭᠠᠯᠠᠯᠳᠠ ᠶᠢᠨ ᠠᠵᠢᠯ ᠢ ᠰᠢᠨᠵᠢᠯᠡᠨ ᠪᠠᠶᠢᠴᠠᠭᠠᠬᠤ ᠳᠠᠭᠠᠨ᠂ ᠰᠤᠶᠤᠯ ᠤᠨ ᠦᠪ ᠢ ᠬᠠᠮᠠᠭᠠᠯᠠᠬᠤ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ᠂ ᠦᠨᠡᠨ ᠬᠦ ᠴᠢᠩᠭᠠᠳᠬᠠᠨ᠂ ᠦᠨᠳᠦᠰᠦᠳᠡᠨ ᠤ ᠰᠤᠶᠤᠯ ᠤᠨ ᠤᠨᠴᠠᠯᠢᠭ ᠢ ᠲᠤᠪᠤᠶᠢᠯᠭᠠᠨ᠂ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃
     ᠱᠢ ᠲᠠᠢ ᠹᠧᠩ ᠨᠠᠨ ᠱᠠ ᠯᠢᠶᠠᠩ ᠤᠨ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠲᠤᠯᠤᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠤ ᠵᠠᠰᠠᠯᠳᠠ ᠵᠡᠷᠭᠡ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠬᠴᠠᠯᠠᠬᠤ ᠡᠬᠦᠷᠭᠡ ᠬᠦᠨᠳᠦ ᠵᠠᠮ ᠬᠤᠯᠠ ᠪᠠᠶᠢᠭ᠎ᠠ ᠶᠤᠮ᠂ ᠡᠯ᠎ᠠ ᠱᠠᠳᠤᠨ ᠤ ᠬᠢᠨ ᠬᠦᠭᠡᠮᠳᠦᠭ ᠨᠤᠭᠤᠭᠠᠨ ᠠᠭᠤᠯᠠ ᠤᠰᠤ ᠪᠤᠯ ᠳᠠᠷᠤᠢ ᠠᠯᠳᠠ ᠮᠦᠩᠬᠦᠨ ᠠᠭᠤᠯᠠ ᠮᠦᠨ ᠭᠡᠬᠦ ᠤᠢᠢᠯᠠᠭᠠᠭᠳᠠᠬᠤᠨ ᠢ ᠪᠠᠳᠤ ᠪᠤᠢ ᠪᠤᠯᠭᠠᠵᠦ᠂ ᠬᠠᠷᠢᠭᠤᠴᠠᠯᠭ᠎ᠠ ᠪᠠᠨ ᠡᠬᠦᠷᠭᠡᠯᠡᠨ᠂ ᠦᠷᠬᠦᠯᠵᠢᠯᠡᠨ ᠲᠡᠮᠡᠴᠡᠵᠦ᠂ ᠪᠤᠤᠬᠢᠶ᠎ᠠ ᠳᠠᠮᠵᠢᠭᠤᠯᠤᠨ ᠠᠵᠢᠯᠯᠠᠵᠦ᠂ ᠦᠷᠭᠡᠨ ᠤᠯᠠᠨ ᠠᠷᠠᠳ ᠲᠦᠮᠡᠨ ᠤ ᠢᠳᠡᠪᠬᠢᠵᠢᠯ ᠢ ᠲᠠᠶᠢᠴᠢᠯᠠᠵᠦ᠂ ᠡᠯᠡᠰᠦ ᠶᠢ ᠵᠠᠰᠠᠵᠦ ᠤᠢᠢᠵᠢᠭᠤᠯᠬᠤ ᠪᠠ ᠤᠢ ᠮᠤᠳᠤ ᠶᠢ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ ᠲᠠᠰᠤᠷᠠᠯᠳᠠ ᠦᠭᠡᠢ ᠰᠢᠨ᠎ᠠ ᠦᠷ᠎ᠠ ᠪᠦᠳᠦᠮᠵᠢ ᠭᠠᠷᠭᠠᠬᠤ ᠭᠡᠷᠡᠭᠲᠡᠢ᠃ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠢ ᠴᠢᠩᠭ᠎ᠠ ᠡᠵᠡᠮᠳᠡᠵᠦ᠂ ᠤᠷᠭᠤᠮᠠᠯ ᠤᠨ ᠪᠦᠷᠬᠦᠴᠡ ᠶᠢᠨ ᠬᠠᠮᠠᠭᠠᠯᠠᠯᠳᠠ ᠶᠢ ᠴᠢᠩᠭᠠᠳᠬᠠᠨ᠂ ᠤᠰᠤ ᠭᠤᠤᠯ ᠨᠦᠯᠦᠭᠡᠯᠡᠭᠳᠡᠬᠦ ᠦᠭᠡᠢ ᠪᠠᠶᠢᠬᠤ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃ ᠲᠡᠷᠡ ᠪᠠᠰᠠ ᠰᠢᠯᠤᠭᠤᠨ ᠬᠦᠭᠡ ᠬᠤᠰᠢᠭᠤᠨ ᠤ ᠤᠢ ᠰᠢᠭᠤᠢ ᠲᠠᠯ᠎ᠠ ᠨᠤᠳᠤᠭ ᠎ ᠤᠨ ᠲᠦᠢᠮᠡᠷ ᠢ ᠰᠡᠷᠭᠡᠶᠢᠯᠡᠬᠦ ᠴᠡᠭ ᠲᠤ ᠢᠷᠡᠵᠦ᠂ ᠬᠤᠯᠪᠤᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠤᠨᠤᠰᠤᠨ᠂ ᠭᠠᠯ ᠤᠨᠳᠠᠷᠠᠭᠠᠬᠤ ᠪᠠᠭᠠᠵᠢ ᠭᠡᠷᠡᠭᠰᠡᠯ ᠢ ᠪᠠᠶᠢᠴᠠᠭᠠᠨ ᠦᠵᠡᠵᠦ᠂ ᠰᠡᠷᠭᠡᠶᠢᠯᠡᠬᠦ ᠶᠢ ᠲᠦᠷᠦᠬᠦᠨ ᠳᠤ ᠲᠠᠯᠪᠢᠵᠦ᠂ ᠤᠯᠠᠨ ᠲᠦᠮᠡᠨ ᠢ ᠲᠠᠶᠢᠴᠢᠯᠠᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠨ᠂ ᠤᠷᠢᠳᠴᠢᠯᠠᠨ ᠰᠡᠷᠭᠡᠶᠢᠯᠡᠵᠦ ᠠᠯᠳᠠᠰᠢ ᠭᠠᠷᠬᠤ ᠦᠭᠡᠢ ᠪᠠᠶᠢᠬᠤ ᠶᠢ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠪᠠᠶᠢᠴᠠᠭᠠᠨ ᠰᠤᠳᠤᠯᠤᠬᠰᠠᠨ ᠬᠤᠭᠤᠴᠠᠭᠠᠨ ᠳᠠᠭᠠᠨ᠂ ᠱᠢ ᠲᠠᠢ ᠹᠧᠩ ᠲᠤᠯᠤᠨ ᠨᠤᠤᠷ ᠰᠢᠶᠠᠨ ᠤ ᠡᠮᠨᠡᠯᠭᠡ ᠶᠢᠨ ᠬᠤᠷᠢᠶᠠᠨ ᠳᠤ ᠢᠷᠡᠵᠦ᠂ ᠠᠯᠤᠰ ᠠᠴᠠ ᠬᠠᠮᠳᠤᠷᠠᠨ ᠤᠨᠤᠰᠢᠯᠠᠬᠤ ᠠᠵᠢᠯ ᠢ ᠦᠷᠨᠢᠬᠦᠯᠵᠦ ᠪᠠᠶᠢᠭ᠎ᠠ ᠪᠠᠶᠢᠳᠠᠯ ᠢ ᠸᠢᠳᠢᠣ᠋ ᠪᠠᠷ ᠤᠢᠢᠯᠠᠭᠠᠨ᠂ ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦ ᠲᠠᠯ᠎ᠠ ᠶᠢᠨ ᠬᠢᠨ ᠡᠮᠴᠢᠯᠡᠭᠡᠨ ᠤ ᠲᠤᠨᠤᠭ ᠲᠦᠬᠦᠭᠡᠷᠤᠮᠵᠢ ᠶᠢ ᠲᠤᠷᠤᠬᠰᠢ ᠪᠠᠭᠤᠯᠭᠠᠬᠤ ᠶᠢ ᠠᠬᠢᠭᠤᠯᠵᠦ᠂ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠬᠠᠮᠳᠤ  ᠪᠠᠷ ᠡᠳ᠋ᠯᠡᠬᠦ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ ᠲᠡᠷᠡ ᠲᠤᠰ ᠡᠮᠨᠡᠯᠭᠡ ᠶᠢᠨ ᠬᠤᠷᠢᠶᠠᠨ ᠤ ᠤᠢᠢᠷ᠎ᠠ ᠶᠢᠨ ᠬᠤᠭᠤᠴᠠᠭᠠᠨ ᠳᠠᠬᠢ ᠰᠢᠨ᠎ᠠ ᠳᠢᠳᠢᠮᠯᠢᠭ ᠠᠭᠤᠰᠬᠢᠨ ᠦᠷᠪᠢᠰᠤᠯ ᠳᠤ ᠨᠡᠷᠪᠡᠭᠳᠡᠭᠰᠡᠨ ᠡᠪᠡᠳᠴᠢᠳᠡᠨ ᠢ ᠬᠦᠯᠢᠶᠡᠨ ᠠᠪᠴᠦ ᠠᠪᠤᠷᠠᠨ ᠡᠮᠨᠡᠭᠰᠡᠨ ᠠᠵᠢᠯ ᠢ ᠬᠦᠢᠴᠡᠳ ᠨᠤᠳᠠᠯᠠᠬᠤ ᠶᠢᠨ ᠬᠠᠮᠳᠦ ᠭᠠᠯ ᠹᠷᠤᠨᠲ ᠲᠤ ᠡᠷᠡᠯᠭᠡᠭᠯᠡᠨ ᠲᠡᠮᠡᠴᠡᠵᠦ ᠪᠠᠶᠢᠭ᠎ᠠ ᠡᠮᠴᠢᠯᠡᠭᠡᠨ ᠤ ᠠᠵᠢᠯᠳᠠᠳ ᠲᠤ ᠬᠦᠨᠳᠦᠳᠭᠡᠯ ᠲᠡᠪᠰᠢᠬᠦᠯᠪᠡ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ ᠵᠠᠩ ᠱᠤᠤ ᠴᠦᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号