| | ᠠᠵᠤ ᠠᠬᠤᠶᠢᠯᠠᠯ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠨ ᠶᠠᠭᠠᠷᠠᠯᠳᠤᠵᠤ ᠪᠤᠢ | | | | | ᠮᠧᠩ ᠴᠦᠨ ᠰᠦᠨ ᠦᠶᠯᠡᠰ ᠤᠨ ᠦᠶᠯᠡᠳᠪᠦᠷᠢᠯᠡᠯ ᠤᠨ ᠲᠠᠰᠤᠭ | | | | | ᠢ ᠯᠢ ᠡᠮ ᠦᠢᠯᠡᠳᠬᠦ ᠠᠵᠤ ᠠᠬᠤᠶᠢᠯᠠᠯ ᠤᠨ ᠪᠣᠭᠤᠳᠠᠯᠯᠠᠬᠤ ᠲᠠᠰᠤᠭ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠤᠷᠳᠤᠰ ᠬᠤᠳᠠ | ᠶᠢᠨ ᠳ᠋ᠦᠩᠱᠧᠩ ᠲᠣᠭᠤᠷᠢᠭ ᠠᠵᠤ ᠠᠬᠤᠶᠢᠯᠠᠯ ᠤᠳ ᠤᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠡᠬᠢᠯᠡᠭᠦᠯᠬᠦ ᠶᠢ ᠨᠢ ᠵᠥᠪᠰᠢᠶᠡᠷᠡᠵᠦ᠂ ᠠᠷᠠᠳ ᠤᠨ ᠠᠮᠢᠳᠤᠷᠠᠯ᠂ ᠠᠵᠤ ᠦᠢᠯᠡᠳᠪᠦᠷᠢ ᠵᠡᠷᠭᠡ | ᠤᠯᠠᠨ ᠬᠦᠷᠢᠶᠡᠨ ᠳᠤ ᠬᠤᠯᠪᠣᠭᠳᠠᠭᠰᠠᠨ 470 ᠠᠵᠤ ᠠᠬᠤᠶᠢᠯᠠᠯ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠡᠬᠢᠯᠡᠭᠦᠯᠪᠡ᠃ | 3 ᠳ᠋ᠤᠭᠠᠷ ᠰᠠᠷ᠎ᠠ ᠶᠢᠨ 1 ᠤ ᠡᠳᠦᠷ᠂ ᠣᠷᠳᠣᠰ ᠬᠤᠲᠠ ᠶᠢᠨ ᠮᠧᠩ ᠴᠦᠨ ᠰᠦᠨ ᠦᠶᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠶᠯᠡᠳᠪᠦᠷᠢᠯᠡᠯ ᠤᠨ ᠲᠠᠰᠤᠭ ᠲᠤ ᠣᠯᠵᠤ ᠬᠠᠷᠠᠭᠰᠠᠨ ᠢᠶᠠᠷ᠂ ᠴᠠᠭᠠᠨ | ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠦᠶᠯᠡᠳᠪᠦᠷᠢᠯᠡᠯ ᠤᠨ ᠭᠤᠷᠪᠠᠨ ᠱᠤᠭᠤᠮ ᠶᠠᠭ ᠡᠮᠬᠢ ᠵᠢᠷᠤᠮ ᠲᠠᠢ | ᠦᠶᠯᠡᠳᠪᠦᠷᠢᠯᠡᠵᠦ᠂ ᠪᠦᠲᠦᠭᠡᠭᠳᠡᠭᠦᠨ ᠢᠶᠠᠨ ᠤᠳᠠᠯ ᠥᠬᠡᠶ ᠡᠯ᠎ᠡ ᠲᠣᠮᠣ ᠬᠡᠲᠦ ᠳᠡᠯᠭᠡᠭᠦᠷ ᠲᠤ ᠪᠣᠷᠣᠯᠠᠭᠤᠯᠬᠤ ᠭᠡᠵᠦ | ᠪᠠᠶᠢᠨ᠎ᠠ᠃ | ︽2 ᠳ᠋ᠤᠭᠠᠷ ᠰᠠᠷ᠎ᠠ ᠶᠢᠨ 13 ᠤ ᠡᠳᠦᠷ ᠠᠴᠠ ᠡᠬᠢᠯᠡᠨ᠂ ᠺᠣᠮᠫᠠᠨᠢ ᠶᠢᠨ ᠦᠢᠯᠡᠳᠪᠦᠷᠢᠯᠡᠯ ᠤᠨ ᠴᠢᠳᠠᠪᠤᠷᠢ | ᠨᠢ 30% ᠪᠠᠷ ᠰᠡᠷᠭᠦᠵᠦ᠂ ᠠᠵᠢᠯᠴᠢᠨ ᠠᠵᠢᠯᠲᠠᠨ ᠤ ᠠᠵᠢᠯ ᠤᠨ ᠪᠠᠶᠢᠷᠢᠨ ᠳᠤ ᠪᠠᠨ ᠪᠤᠴᠠᠭᠰᠠᠨ ᠨᠣᠷᠮ᠎ᠠ ᠨᠢ | 50% ᠣᠷᠴᠢᠮ ᠳᠤ ᠬᠦᠷᠴᠦ᠂ ᠡᠳᠦᠷ ᠪᠦᠷᠢ 5 ᠲᠣᠨ ᠰᠦ ᠡᠳ᠋ᠰᠢᠭᠦᠯᠦᠨ ᠪᠣᠯᠪᠠᠰᠤᠷᠠᠭᠤᠯᠵᠤ ᠪᠤᠢ᠃ | ᠠᠵᠢᠯ ᠢᠶᠠᠨ ᠰᠡᠷᠭᠦᠭᠡᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠶᠢᠨ ᠲᠤᠰᠠᠳᠠ᠂ ᠮᠧᠩ ᠴᠦᠨ | ᠰᠦᠨ ᠦᠶᠯᠡᠰ ᠡᠬᠢᠨ ᠤ ᠬᠤᠭᠤᠴᠠᠭᠠᠨ ᠳᠤ ᠪᠣᠶ ᠪᠥᠬᠦᠶ ᠬᠥᠮᠦᠰ ᠢ ᠵᠢᠭᠰᠠᠭᠠᠨ ᠪᠠᠶᠢᠴᠠᠭᠠᠭᠰᠠᠨ ᠪᠦᠭᠡᠳ ᠠᠵᠢᠯ | ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠡᠬᠢᠯᠡᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠢ | ᠲᠣᠭᠲᠠᠭᠠᠪᠠ᠃ ᠠᠵᠢᠯ ᠢᠶᠠᠨ ᠰᠡᠷᠭᠦᠭᠡᠭᠰᠡᠨ ᠤ ᠳᠠᠷᠠᠭ᠎ᠠ ᠺᠣᠮᠫᠠᠨᠢ ᠶᠢᠨ ᠠᠵᠢᠯᠲᠠᠨ ᠡᠳᠦᠷ ᠪᠦᠷᠢ ᠬᠤᠶᠠᠷ ᠤᠳᠠᠭ᠎ᠠ | ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠢᠵᠦ᠂ 75 ᠭᠷᠠᠳᠦ᠋ᠰ ᠤᠨ ᠰᠫᠢᠷᠲ ᠢᠶᠠᠷ ᠬᠤᠶᠠᠷ ᠤᠳᠠᠭ᠎ᠠ | ᠠᠷᠢᠭᠤᠳᠬᠠᠵᠤ ᠪᠠᠶᠢᠨ᠎ᠠ᠃︾ ᠭᠡᠵᠦ ᠤᠷᠳᠤᠰ ᠬᠤᠳᠠ ᠶᠢᠨ ᠮᠧᠩ ᠴᠦᠨ ᠰᠦᠨ ᠦᠢᠯᠡᠰ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠮᠧᠩ ᡁᠢ ᠴᠤᠤ ᠬᠡᠯᠡᠪᠡ᠃ | ᠳ᠋ᠣᠩᠱᠧᠩ ᠲᠣᠭᠤᠷᠢᠭ ᠤᠨ ᠬᠠᠨᠲᠠᠶ ᠪᠠᠯᠭᠠᠰᠤᠨ ᠤ ᠥᠪᠥᠷ ᠮᠣᠩᠭᠤᠯ ᠤᠨ ᠢ ᠯᠢ ᠡᠮ ᠦᠶᠯᠡᠳᠬᠦ | ᠬᠢᠵᠠᠭᠠᠷᠲᠤ ᠺᠣᠮᠫᠠᠨᠢ ᠣᠶᠢᠷ᠎ᠠ ᠳᠤ ᠬᠡᠪ ᠤᠨ ᠶᠣᠰᠣᠭᠠᠷ ᠦᠶᠯᠡᠳᠪᠦᠷᠢᠯᠡᠵᠦ ᠡᠬᠢᠯᠡᠵᠡᠶ᠃ ᠶᠡᠷᠦᠩᠬᠡᠶᠢᠯᠡᠭᠰᠡᠨ | ᠨᠠᠶᠢᠷᠠᠯᠭ᠎ᠠ ᠶᠢᠨ ᠲᠠᠰᠤᠭ ᠲᠤ᠂ ᠠᠵᠢᠯᠴᠢᠳ ᠰᠢᠬᠢᠷ ᠡᠪᠡᠰᠦᠨ ᠤ ᠨᠡᠶᠢᠯᠡᠮᠡᠯ ᠬᠠᠪᠲᠠᠭᠠᠶ ᠦᠷᠢᠯ ᠦᠢᠯᠡᠳᠪᠦᠷᠢᠯᠡᠬᠦ | ᠱᠤᠭᠤᠮ ᠳᠡᠭᠡᠷ᠎ᠡ ᠶᠠᠭᠠᠷᠠᠯᠳᠤᠵᠤ ᠪᠠᠶᠢᠯ᠎ᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠢ ᠯᠢ ᠡᠮ ᠦᠶᠯᠡᠳᠬᠦ | ᠬᠢᠵᠠᠭᠠᠷᠲᠤ ᠺᠣᠮᠫᠠᠨᠢ ᠶᠢᠨ ᠨᠢᠭᠡᠳᠦᠭᠡᠷ ᠹᠷᠣᠨᠲ ᠲᠤ ᠨᠡᠶᠢᠲᠡ 84 ᠠᠵᠢᠯᠴᠢᠨ ᠲᠠᠢ᠂ 53 ᠬᠥᠮᠦᠨ ᠨᠢ ᠨᠢᠭᠡᠨᠲᠡ | ᠠᠵᠢᠯ ᠤᠨ ᠪᠠᠶᠢᠷᠢ ᠳᠤ ᠪᠠᠨ ᠪᠤᠴᠠᠭᠰᠠᠨ ᠪᠠᠶᠢᠨ᠎ᠠ᠃ ᠡᠳᠦᠷ ᠪᠦᠷᠢ 468 ᠲᠦᠮᠡᠨ ᠰᠢᠬᠢᠷ ᠡᠪᠡᠰᠦᠨ ᠤ ᠨᠡᠶᠢᠯᠡᠮᠡᠯ | ᠬᠠᠪᠲᠠᠭᠠᠶ ᠦᠷᠢᠯ ᠦᠶᠯᠡᠳᠪᠦᠷᠢᠯᠡᠵᠦ ᠪᠤᠢ᠃ | ︽ᠦᠶᠯᠡᠳᠪᠦᠷᠢᠯᠡᠯ ᠢᠶᠠᠨ ᠰᠡᠷᠭᠦᠭᠡᠵᠦ ᠪᠠᠶᠢᠭ᠎ᠠ ᠬᠤᠭᠤᠴᠠᠭᠠᠨ ᠳᠤ᠂ ᠢᠯᠠᠩᠭᠤᠶ᠎ᠠ ᠭᠠᠳᠠᠨ᠎ᠠ ᠣᠷᠣᠨ ᠤ | ᠬᠥᠮᠦᠰ ᠠᠵᠤ ᠠᠬᠤᠶᠢᠯᠠᠯ ᠤᠨ ᠦᠶᠯᠡᠳᠪᠦᠷᠢ ᠶᠢᠨ ᠲᠣᠭᠤᠷᠢᠭ ᠲᠤ ᠪᠤᠴᠠᠵᠤ ᠢᠷᠡᠪᠡᠯ ᠴᠥᠮ ᠠᠵᠤ ᠠᠬᠤᠶᠢᠯᠠᠯ ᠲᠠᠢ | ᠤᠷᠢᠳᠴᠢᠯᠠᠨ ᠬᠠᠷᠢᠯᠴᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ 14 ᠡᠳᠦᠷ ᠭᠡᠷ ᠲᠤ ᠪᠠᠨ | ᠲᠤᠰᠠᠭᠠᠷᠯᠠᠬᠤ ᠶᠢ ᠦᠨᠡᠨ ᠬᠦ ᠪᠠᠲᠤᠯᠠᠭᠰᠠᠨ ᠤ ᠳᠠᠷᠠᠭ᠎ᠠ ᠰᠠᠶ᠋ᠢ ᠬᠡᠪ ᠤᠨ ᠶᠣᠰᠣᠭᠠᠷ ᠦᠶᠯᠡᠳᠪᠦᠷᠢ ᠶᠢᠨ ᠲᠣᠭᠤᠷᠢᠭ | ᠲᠤ ᠣᠷᠣᠵᠤ ᠠᠵᠢᠯᠯᠠᠵᠤ ᠪᠤᠯᠤᠨ᠎ᠠ᠃︾ ᠭᠡᠵᠦ ᠥᠪᠥᠷ ᠮᠣᠩᠭᠤᠯ ᠤᠨ ᠢ ᠯᠢ ᠡᠮ ᠦᠶᠯᠡᠳᠬᠦ ᠬᠢᠵᠠᠭᠠᠷᠲᠤ | ᠺᠣᠮᠫᠠᠨᠢ ᠶᠢᠨ ᠶᠡᠷᠦᠩᠬᠡᠶᠢᠯᠡᠭᠰᠡᠨ ᠨᠠᠶᠢᠷᠠᠯᠭ᠎ᠠ ᠶᠢᠨ ᠮᠠᠰᠢᠨ ᠤ ᠲᠠᠰᠤᠭ ᠤᠨ ᠡᠷᠬᠢᠯᠡᠭᠴᠢ ᠵᠣᠣ ᠶᠠᠨ ᠮᠢᠩ ᠬᠡᠯᠡᠪᠡ᠃ | ᠰᠤᠷᠪᠤᠯᠵᠢᠯᠠᠭᠴᠢ ᠳ᠋ᠦᠩᠱᠧᠩ ᠲᠣᠭᠤᠷᠢᠭ ᠤᠨ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠨᠥ ᠪᠣᠯᠬᠤ ᠳᠤ ᠳ᠋ᠦᠩᠱᠧᠩ ᠲᠣᠭᠤᠷᠢᠭ ᠤᠨ 470 ᠠᠵᠤ ᠠᠬᠤᠶᠢᠯᠠᠯ | ᠨᠢᠭᠡᠨᠲᠡ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠡᠬᠢᠯᠡᠭᠦᠯᠪᠡ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ | ᠠᠵᠤ ᠦᠶᠯᠡᠳᠪᠦᠷᠢ ᠶᠢᠨ 40 ᠠᠵᠤ ᠠᠬᠤᠶᠢᠯᠠᠯ ᠠᠵᠢᠯ ᠢᠶᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ | ᠨᠢ 72.73% ᠳᠤ ᠬᠦᠷᠴᠡᠶ᠃ ᠣᠳᠣᠬᠠᠨ ᠳᠤ᠂ ᠬᠥᠳᠡᠯᠮᠦᠷᠢ ᠬᠤᠷᠠᠭᠰᠠᠨ ᠬᠡᠯᠪᠡᠷᠢ ᠶᠢᠨ ᠪᠤᠰᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠦᠶᠯᠡᠳᠬᠦ ᠠᠵᠤ ᠠᠬᠤᠶᠢᠯᠠᠯ ᠨᠢ ᠬᠢᠨᠠᠨ ᠵᠥᠪᠰᠢᠶᠡᠷᠡᠭᠦᠯᠦᠭᠡᠳ | ᠬᠢᠷᠢ ᠲᠡᠩᠴᠡᠭᠰᠡᠨ ᠤ ᠳᠠᠷᠠᠭ᠎ᠠ ᠶᠠᠭ ᠠᠯᠬᠤᠮ ᠠᠯᠬᠤᠮ ᠢᠶᠠᠷ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ | ᠡᠬᠢᠯᠡᠭᠦᠯᠵᠦ ᠪᠠᠶᠢᠨ᠎ᠠ᠃ | |