︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠶᠠᠳᠠᠭᠤ | ᠬᠦᠴᠢᠷᠳᠡᠯᠲᠡᠶ ᠡᠩᠨᠡᠭᠡ ᠠᠴᠠ ᠭᠠᠷᠭᠠᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ | ᠶᠠᠪᠤᠭᠤᠯᠬᠤ ᠮᠡᠳᠡᠭᠳᠡᠯ︾ ︵ᠲᠢᠩᠬᠢᠮ ᠲᠠᠷᠬᠠᠭᠠᠭᠰᠠᠨ ︹ 2018 ︺ 11 ᠳ᠋ᠦ᠋ᠭᠡᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠬᠤᠰᠢᠭᠤ ᠰᠢᠶᠠᠨ ᠤ ᠱᠠᠲᠤᠨ ᠳᠤ ᠭᠤᠶᠤᠴᠢᠯᠠᠬᠤ᠂ ᠠᠶᠢᠮᠠᠭ ᠬᠤᠲᠠ ᠶᠢᠨ ᠳᠡᠰ | ᠠᠩᠬ᠎ᠠ ᠬᠢᠨᠠᠬᠤ᠂ ᠥᠪᠡᠷᠲᠡᠭᠡᠨ ᠵᠠᠰᠠᠬᠤ ᠣᠷᠣᠨ ᠲᠤᠰᠬᠠᠢ ᠬᠢᠨᠠᠨ ᠪᠠᠶᠢᠴᠠᠭᠠᠵᠤ ᠦᠨᠡᠯᠡᠨ ᠵᠢᠱᠢᠬᠦ᠂ ᠥᠪᠡᠷᠲᠡᠭᠡᠨ | ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠰᠤᠳᠤᠯᠤᠨ | ᠪᠠᠲᠤᠯᠠᠬᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠤ ᠢᠯᠡ | ᠨᠡᠶᠢᠲᠡᠯᠡᠬᠦ ᠪᠠ ᠵᠠᠷᠯᠠᠨ ᠨᠡᠶᠢᠲᠡᠯᠡᠵᠦ ᠰᠠᠨᠠᠯ ᠬᠤᠷᠢᠶᠠᠨ ᠬᠢᠨᠠᠨ ᠪᠠᠶᠢᠴᠠᠭᠠᠵᠤ ᠰᠢᠢᠳᠪᠦᠷᠢᠯᠡᠬᠦ ᠵᠡᠷᠭᠡ ᠳᠡᠰ | ᠳᠠᠷᠠᠭᠠᠯᠠᠯ ᠢᠶᠠᠷ ᠳᠠᠮᠵᠢᠨ᠂ ᠬᠥᠯᠥᠨ ᠪᠤᠶᠢᠷ ᠬᠤᠲᠠ ᠶᠢᠨ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ | ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠢᠩᠭᠠᠨ ᠠᠶᠢᠮᠠᠭ ᠤᠨ | ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠩᠯᠢᠶᠣᠤ ᠬᠤᠲᠠ ᠶᠢᠨ ᠬᠤᠷᠴᠢᠨ | ᠵᠡᠭᠦᠨ ᠭᠠᠷᠤᠨ ᠳᠤᠮᠳᠠᠳᠤ ᠬᠤᠰᠢᠭᠤ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠤᠯᠠᠭᠠᠨᠬᠠᠳᠠ ᠬᠤᠲᠠ ᠶᠢᠨ ᠠᠷᠤ | ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠣᠩᠨᠢᠭᠤᠳ ᠬᠤᠰᠢᠭᠤ᠂ ᠠᠤᠬᠠᠨ ᠬᠤᠰᠢᠭᠤ᠂ ᠰᠢᠯᠢ ᠶᠢᠨ | ᠭᠤᠤᠯ ᠠᠶᠢᠮᠠᠭ ᠤᠨ ᠲᠠᠶᠢᠹᠤᠰᠧ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠤᠯᠠᠭᠠᠨᠴᠠᠪ ᠬᠤᠲᠠ ᠶᠢᠨ | ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠥᠷᠪᠡᠳ | ᠬᠤᠰᠢᠭᠤ᠂ ᠵᠦᠸᠧᠽᠢ ᠰᠢᠶᠠᠨ᠂ ᠰᠢᠩᠾᠧ ᠰᠢᠶᠠᠨ᠂ ᠱᠠᠩᠳᠤ ᠰᠢᠶᠠᠨ᠂ ᠬᠤᠸᠠᠳᠧ ᠰᠢᠶᠠᠨ ᠵᠡᠷᠭᠡ ᠤᠯᠤᠰ ᠤᠨ | ᠲᠠᠰ ᠤᠨ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠨᠢᠭᠡᠨᠲᠡ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ | ᠡᠩᠨᠡᠭᠡ ᠠᠴᠠ ᠭᠠᠷᠭᠠᠬᠤ ᠬᠠᠮᠢᠶ᠎ᠠ ᠪᠦᠬᠦᠢ ᠭᠦᠢᠴᠡᠳᠬᠡᠯ ᠲᠤᠭ᠎ᠠ ᠳᠤ ᠬᠦᠷᠴᠦ᠂ ᠶᠠᠳᠠᠭᠤ ᠬᠦᠴᠢᠷᠳᠡᠯᠲᠡᠶ ᠬᠤᠰᠢᠭᠤ | ᠰᠢᠶᠠᠨ ᠤ ᠡᠩᠨᠡᠭᠡ ᠠᠴᠠ ᠭᠠᠷᠭᠠᠬᠤ ᠨᠥᠬᠦᠴᠡᠯ ᠳᠤ ᠨᠡᠶᠢᠴᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠰᠤᠳᠤᠯᠬᠤ ᠪᠠᠷ ᠳᠠᠮᠵᠢᠭᠠᠳ᠂ ᠳᠡᠭᠡᠷ᠎ᠡ ᠳᠤᠷᠠᠳᠤᠭᠰᠠᠨ ᠬᠤᠰᠢᠭᠤ ᠰᠢᠶᠠᠨ ᠢ | ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠶᠢ ᠵᠥᠪᠰᠢᠶᠡᠷᠡᠪᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | 2020 ᠣᠨ ᠤ 3 ᠳ᠋ᠤᠭᠠᠷ ᠰᠠᠷ᠎ᠠ ᠶᠢᠨ 4 ᠤ ᠡᠳᠦᠷ |