ᠣᠷᠴᠣᠨ ᠥᠨᠳᠥᠰᠥᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ ᠤᠯᠤᠰ ᠤᠨ ᠲᠠᠰ ᠤᠨ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2020/3/5

     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠶᠠᠳᠠᠭᠤ ᠬᠦᠴᠢᠷᠳᠡᠯᠲᠡᠶ ᠡᠩᠨᠡᠭᠡ ᠠᠴᠠ ᠭᠠᠷᠭᠠᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠲᠢᠩᠬᠢᠮ ᠲᠠᠷᠬᠠᠭᠠᠭᠰᠠᠨ ︹ 2018 ︺ 11 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠰᠢᠭᠤ ᠰᠢᠶᠠᠨ ᠤ ᠱᠠᠲᠤᠨ ᠳᠤ ᠭᠤᠶᠤᠴᠢᠯᠠᠬᠤ᠂ ᠠᠶᠢᠮᠠᠭ ᠬᠤᠲᠠ ᠶᠢᠨ ᠳᠡᠰ ᠠᠩᠬ᠎ᠠ ᠬᠢᠨᠠᠬᠤ᠂ ᠥᠪᠡᠷᠲᠡᠭᠡᠨ ᠵᠠᠰᠠᠬᠤ ᠣᠷᠣᠨ ᠲᠤᠰᠬᠠᠢ ᠬᠢᠨᠠᠨ ᠪᠠᠶᠢᠴᠠᠭᠠᠵᠤ ᠦᠨᠡᠯᠡᠨ ᠵᠢᠱᠢᠬᠦ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠰᠤᠳᠤᠯᠤᠨ ᠪᠠᠲᠤᠯᠠᠬᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠤ ᠢᠯᠡ ᠨᠡᠶᠢᠲᠡᠯᠡᠬᠦ ᠪᠠ ᠵᠠᠷᠯᠠᠨ ᠨᠡᠶᠢᠲᠡᠯᠡᠵᠦ ᠰᠠᠨᠠᠯ ᠬᠤᠷᠢᠶᠠᠨ ᠬᠢᠨᠠᠨ ᠪᠠᠶᠢᠴᠠᠭᠠᠵᠤ ᠰᠢᠢᠳᠪᠦᠷᠢᠯᠡᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠨ᠂ ᠬᠥᠯᠥᠨ ᠪᠤᠶᠢᠷ ᠬᠤᠲᠠ ᠶᠢᠨ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠣᠩᠨᠢᠭᠤᠳ ᠬᠤᠰᠢᠭᠤ᠂ ᠠᠤᠬᠠᠨ ᠬᠤᠰᠢᠭᠤ᠂ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ ᠵᠦᠸᠧᠽᠢ ᠰᠢᠶᠠᠨ᠂ ᠰᠢᠩᠾᠧ ᠰᠢᠶᠠᠨ᠂ ᠱᠠᠩᠳᠤ ᠰᠢᠶᠠᠨ᠂ ᠬᠤᠸᠠᠳᠧ ᠰᠢᠶᠠᠨ ᠵᠡᠷᠭᠡ ᠤᠯᠤᠰ ᠤᠨ ᠲᠠᠰ ᠤᠨ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠨᠢᠭᠡᠨᠲᠡ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠬᠠᠮᠢᠶ᠎ᠠ ᠪᠦᠬᠦᠢ ᠭᠦᠢᠴᠡᠳᠬᠡᠯ ᠲᠤᠭ᠎ᠠ ᠳᠤ ᠬᠦᠷᠴᠦ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠨᠥᠬᠦᠴᠡᠯ ᠳᠤ ᠨᠡᠶᠢᠴᠡᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠤᠳᠤᠯᠬᠤ ᠪᠠᠷ ᠳᠠᠮᠵᠢᠭᠠᠳ᠂ ᠳᠡᠭᠡᠷ᠎ᠡ ᠳᠤᠷᠠᠳᠤᠭᠰᠠᠨ ᠬᠤᠰᠢᠭᠤ ᠰᠢᠶᠠᠨ ᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠶᠢ ᠵᠥᠪᠰᠢᠶᠡᠷᠡᠪᠡ᠃
     ᠡᠭᠦᠨ ᠤ ᠲᠤᠯᠠ ᠣᠨᠴᠠᠭᠠᠶᠢᠯᠠᠨ ᠵᠠᠷᠯᠠᠪᠠ᠃
                                   2020 ᠣᠨ ᠤ 3 ᠳ᠋ᠤᠭᠠᠷ ᠰᠠᠷ᠎ᠠ ᠶᠢᠨ 4 ᠤ ᠡᠳᠦᠷ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ