ᠬᠥᠯᠥᠨ ᠪᠣᠶᠢᠷ ᠬᠤᠲᠠ ᠶᠢᠨ ᠠᠵᠢᠯ ᠣᠯᠭᠤᠯᠲᠠ ᠶᠢᠨ ᠦᠶᠯᠡᠴᠢᠯᠡᠭᠡᠨ ᠤ ᠰᠠᠯᠠᠭ᠎ᠠ ᠮᠥᠴᠢᠷ ︽ᠢᠨᠲ᠋ᠧᠷ ᠰᠦᠯᠵᠢᠶ᠎ᠡ + ᠤᠷ᠎ᠠ ᠮᠡᠷᠭᠡᠰᠢᠯ ᠤᠨ ᠪᠣᠯᠪᠠᠰᠤᠷᠠᠭᠤᠯᠤᠯ︾᠎ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2020/3/6
     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠣᠣᠷ᠎ᠠ᠂ ᠬᠥᠯᠥᠨ ᠪᠣᠶᠢᠷ ᠬᠤᠲᠠ ᠎ ᠶᠢᠨ ᠡᠯ᠎ᠡ ᠱᠠᠲᠤᠨ ᠤ ᠠᠵᠢᠯ ᠣᠯᠭᠤᠬᠤ ᠦᠶᠯᠡᠴᠢᠯᠡᠭᠡᠨ ᠤ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ︽ᠢᠨᠲ᠋ᠧᠷ ᠰᠦᠯᠵᠢᠶ᠎ᠡ + ᠤᠷ᠎ᠠ ᠮᠡᠷᠭᠡᠰᠢᠯ ᠤᠨ ᠪᠣᠯᠪᠠᠰᠤᠷᠠᠭᠤᠯᠤᠯ︾᠎ ᠢ ᠢᠳᠡᠪᠬᠢᠲᠡᠶ ᠬᠡᠷᠡᠭᠵᠢᠭᠦᠯᠦᠨ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠡᠯ᠎ᠡ ᠲᠥᠷᠥᠯ ᠤᠨ ᠬᠥᠳᠡᠯᠮᠦᠷᠢᠴᠢᠳ ᠤᠨ ᠪᠣᠯᠪᠠᠰᠤᠷᠠᠭᠤᠯᠤᠯ ᠤᠨ ᠬᠡᠷᠡᠭᠴᠡᠭᠡ ᠶᠢ ᠬᠠᠩᠭᠠᠵᠤ ᠪᠤᠢ᠃      ᠡᠯ᠎ᠡ ᠱᠠᠲᠤᠨ ᠤ ᠠᠵᠢᠯ ᠣᠯᠭᠤᠬᠤ ᠦᠶᠯᠡᠴᠢᠯᠡᠭᠡᠨ ᠤ ᠰᠠᠯᠠᠭ᠎ᠠ ᠮᠥᠴᠢᠷ ᠤᠳ ᠨᠢᠭᠡ ᠲᠠᠯ᠎ᠠ ᠪᠠᠷ ᠰᠣᠨᠢᠨ᠂  ᠰᠦᠯᠵᠢᠶᠡᠨ ᠥᠷᠲᠡᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠡᠯ᠎ᠡ ᠲᠥᠷᠥᠯ ᠤᠨ ᠤᠬᠠᠭᠤᠯᠬᠤ ᠵᠠᠭᠤᠴᠢᠯᠠᠭᠤᠷ ᠢ ᠭᠦᠶᠴᠡᠳ ᠠᠰᠢᠭᠯᠠᠨ᠂ ᠰᠦᠯᠵᠢᠶᠡᠨ ᠳᠡᠭᠡᠷᠡᠬᠢ ᠰᠦᠶᠳᠬᠡᠯ ᠬᠤᠷᠢᠶᠠᠬᠤ ᠥᠬᠡᠶ ᠠᠵᠢᠯ ᠮᠡᠷᠭᠡᠵᠢᠯ ᠎ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠰᠦᠯᠵᠢᠶᠡᠨ ᠳᠡᠭᠡᠷᠡᠬᠢ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠤᠨ ᠬᠠᠮᠢᠶ᠎ᠠ ᠪᠥᠬᠦᠶ ᠴᠦᠷᠬᠡᠯᠡᠭᠡ ᠭᠠᠷᠭᠠᠵᠤ᠂ ᠬᠦᠳᠡᠯᠮᠦᠷᠢᠴᠢᠳ ᠢ ᠵᠣᠷᠢᠭᠵᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠰᠦᠯᠵᠢᠶᠡᠨ ᠳᠡᠭᠡᠷᠡᠬᠢ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠳᠤ ᠣᠷᠣᠯᠴᠠᠭᠤᠯᠵᠤ᠂ ᠤᠷ᠎ᠠ ᠮᠡᠷᠭᠡᠰᠢᠯ ᠤᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠤᠨ ᠳᠠᠷᠠᠭ᠎ᠠ ᠠᠵᠢᠯ ᠤᠨ ᠪᠠᠶᠢᠷᠢ ᠳᠤ ᠪᠠᠨ ᠪᠤᠴᠠᠵᠤ ᠠᠵᠢᠯ ᠤᠯᠬᠤ ᠰᠠᠭᠤᠷᠢ ᠶᠢ ᠨᠢ ᠪᠠᠬᠢᠵᠢᠭᠦᠯᠪᠡ᠃ ᠨᠥᠭᠦᠭᠡ ᠲᠠᠯ᠎ᠠ ᠪᠠᠷ᠂ ᠮᠠᠨ ᠤ ᠬᠤᠲᠠ ᠶᠢᠨ ︽968966 ᠠᠳᠠᠯ ᠦᠶᠯᠡᠰ ᠴᠣᠭᠴᠠᠯᠠᠵᠤ ᠠᠵᠢᠯ ᠣᠯᠭᠤᠬᠤ ᠰᠢᠭᠤᠳ ᠨᠡᠪᠲᠡᠷᠡᠬᠦ ᠲᠡᠷᠭᠡ︾᠎ ᠶᠢᠨ ᠰᠦᠯᠵᠢᠶᠡᠨ ᠳᠡᠭᠡᠷᠡᠬᠢ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂ ᠬᠥᠳᠡᠯᠮᠦᠷᠢᠴᠢᠳ ᠤᠨ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤ ᠨᠢ ᠡᠵᠡᠮᠰᠢᠵᠦ᠂ ᠬᠢᠵᠢᠭ ᠤᠨ ᠪᠠᠶᠢᠳᠠᠯ ᠤᠨ ᠳᠠᠷᠠᠭ᠎ᠠ ᠬᠠᠨᠳᠤᠯᠭᠠᠲᠤ ᠴᠢᠨᠠᠷᠲᠠᠶ ᠪᠠᠷ ᠪᠣᠯᠪᠠᠰᠤᠷᠠᠭᠤᠯᠤᠯ ᠥᠷᠨᠢᠭᠦᠯᠬᠦ ᠳᠤ ᠪᠡᠯᠡᠳᠬᠡᠯ ᠬᠢᠪᠠ᠃       ᠥᠨᠥ ᠪᠣᠯᠬᠤ ᠳᠤ᠂ ᠪᠥᠬᠦ ᠬᠤᠲᠠ ᠶᠢᠨ ᠰᠦᠯᠵᠢᠶᠡᠨ ᠳᠡᠭᠡᠷ᠎ᠡ 484 ᠬᠥᠮᠦᠨ ᠢ ᠳᠡᠩᠰᠡᠯᠡᠨ ᠲᠡᠮᠳᠡᠭᠯᠡᠵᠦ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾᠂ ︽ᠳᠤᠮᠳᠠᠳᠤ ᠤᠯᠤᠰ ᠤᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠦᠯᠵᠢᠶ᠎ᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠶᠢᠯ ᠤᠨ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠵᠤ ᠠᠵᠢᠯ ᠣᠯᠭᠤᠬᠤ ᠦᠶᠯᠡᠰ ᠴᠣᠭᠴᠠᠯᠠᠬᠤ ᠰᠤᠷᠤᠯᠴᠠᠯᠭ᠎ᠠ ᠶᠢᠨ ᠲᠠᠪᠴᠠᠩ︾ ᠵᠡᠷᠭᠡ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠲᠠᠪᠴᠠᠩ ᠢᠶᠠᠷ ᠳᠠᠮᠵᠢᠨ ᠳᠤᠮᠳᠠᠳᠤ ᠮᠠᠶ᠋ᠢᠭ ᠤᠨ ᠭᠤᠯᠢᠷ ᠢᠳᠡᠭᠡᠨ᠂ ᠨᠢᠯᠬ᠎ᠠ ᠬᠡᠦᠬᠡᠳ ᠪᠣᠶᠢᠵᠢᠭᠤᠯᠤᠭᠴᠢ᠂ ᠴᠠᠬᠢᠯᠭᠠᠨ ᠤ ᠠᠵᠢᠯᠴᠢᠨ᠂ ᠴᠠᠬᠢᠯᠭᠠᠨ ᠭᠠᠩᠨᠠᠭᠤᠷ᠂ ᠢᠳᠡᠰᠢᠨ ᠮᠥᠭᠦ ᠳᠠᠷᠢᠵᠤ ᠪᠣᠶᠢᠵᠢᠭᠤᠯᠬᠤ᠂ ᠵᠠᠰᠠᠵᠤ ᠴᠢᠮᠡᠬᠦ᠂ ᠬᠢᠮᠤᠰᠤ ᠭᠤᠶᠣᠯᠠᠬᠤ ᠵᠡᠷᠭᠡ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠳᠤ 161 ᠬᠥᠮᠦᠨ ᠣᠷᠣᠯᠴᠠᠪᠠ᠃      ᠲᠠᠷᠠᠭᠠᠴᠢ ᠶᠢᠨ ᠠᠯᠬᠤᠮ ᠳᠤ᠂ ᠪᠥᠬᠦ ᠬᠤᠲᠠ ᠶᠢᠨ ᠡᠯ᠎ᠡ ᠱᠠᠲᠤᠨ ᠤ ᠠᠵᠢᠯ ᠣᠯᠭᠤᠬᠤ ᠦᠶᠯᠡᠴᠢᠯᠡᠭᠡᠨ ᠤ ᠰᠠᠯᠠᠭ᠎ᠠ ᠮᠦᠴᠢᠷ ᠤᠳ ᠥᠷᠭᠦᠯᠵᠢᠯᠡᠨ ︽ᠢᠨᠲ᠋ᠧᠷ ᠰᠦᠯᠵᠢᠶ᠎ᠡ + ᠤᠷ᠎ᠠ ᠮᠡᠷᠭᠡᠰᠢᠯ ᠤᠨ ᠪᠣᠯᠪᠠᠰᠤᠷᠠᠭᠤᠯᠤᠯ︾᠎ ᠤᠨ ᠠᠷᠭ᠎ᠠ ᠪᠠᠷᠢᠯ  ᠢᠶᠠᠷ ᠰᠦᠯᠵᠢᠶᠡᠨ ᠳᠡᠭᠡᠷᠡᠬᠢ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠢ ᠶᠡᠬᠡᠪᠡᠷ ᠦᠷᠨᠢᠭᠦᠯᠦᠨ᠂ ᠬᠥᠳᠡᠯᠮᠦᠷᠢᠴᠢᠳ ᠤᠨ ᠤᠷ᠎ᠠ ᠮᠡᠷᠭᠡᠰᠢᠯ ᠤᠨ ᠳᠡᠭᠡᠭᠰᠢᠯᠡᠯᠲᠡ ᠳᠤ ᠬᠦᠴᠦᠨ ᠨᠡᠮᠡᠷᠢᠯᠡᠵᠦ᠂ ᠨᠠᠩ ᠴᠢᠨᠠᠷ ᠰᠠᠶᠢᠲᠠᠶ᠂ ᠨᠠᠩ ᠭᠦᠶᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号