| 3 ᠰᠠᠷ᠎ᠠ ᠶᠢᠨ 8 ᠤ ᠦᠳᠡ ᠶᠢᠨ ᠡᠮᠦᠨ᠎ᠡ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ | ᠤᠨᠤᠰᠢᠯᠠᠭᠳᠠᠭᠰᠠᠨ ᠤᠯᠠᠭᠠᠨᠬᠠᠳᠠ ᠬᠤᠲᠠ ᠶᠢᠨ ᠬᠠᠮᠤᠭ ᠰᠡᠭᠦᠯᠴᠢ ᠶᠢᠨ ᠡᠪᠡᠳᠴᠢᠲᠡᠨ ᠢᠯᠠᠷᠢᠰᠢᠵᠤ᠂ ᠡᠮᠨᠡᠯᠭᠡ ᠠᠴᠠ | ᠭᠠᠷᠪᠠ᠃ ᠢᠩᠭᠢᠭᠡᠳ ᠤᠯᠠᠭᠠᠨᠬᠠᠳᠠ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ | ᠤᠨᠤᠰᠢᠯᠠᠭᠳᠠᠭᠰᠠᠨ 9 ᠡᠪᠡᠳᠴᠢᠲᠡᠨ ᠪᠦᠬᠦᠨ ᠢᠶᠠᠷ ᠢᠶᠠᠨ ᠡᠮᠨᠡᠯᠭᠡ ᠠᠴᠠ ᠭᠠᠷᠴᠤ᠂ ᠢᠯᠠᠷᠢᠰᠢᠭᠰᠠᠨ ᠨᠤᠷᠮ᠎ᠠ | 100% ᠳᠤ ᠬᠦᠷᠦᠭᠰᠡᠨ ᠪᠠᠶᠢᠨ᠎ᠠ᠃ | ᠡᠪᠡᠳᠴᠢᠲᠡᠨ ᠸᠠᠩ ᠣᠪᠣᠭᠲᠤ᠂ ᠡᠮᠡᠭᠲᠡᠶ᠂ ᠣᠩᠨᠢᠭᠤᠳ ᠬᠤᠰᠢᠭᠤᠨ ᠳᠤ ᠨᠤᠲᠤᠭᠲᠠᠢ᠃ 2 ᠰᠠᠷ᠎ᠠ ᠶᠢᠨ | 14 ᠤ ᠡᠳᠦᠷ ᠤᠨ ᠥᠷᠯᠥᠭᠡ ᠶᠢᠨ 1᠄ 00 ᠴᠠᠭ ᠲᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠡᠪᠡᠳᠴᠢᠲᠡᠨ ᠤ ᠵᠢᠱᠢᠶ᠎ᠡ ᠪᠠᠷ ᠣᠨᠣᠰᠢᠯᠠᠭᠳᠠᠵᠤ᠂ ᠲᠣᠰ ᠡᠳᠦᠷ ᠬᠤᠲᠠ ᠶᠢᠨ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠡᠮᠨᠡᠯᠭᠡ ᠳᠤ ᠰᠢᠯᠵᠢᠭᠦᠯᠦᠨ ᠡᠮᠨᠡᠭᠦᠯᠪᠡ᠃ ᠣᠳᠣᠬᠠᠨ ᠳᠤ᠂ ᠡᠪᠡᠳᠴᠢᠲᠡᠨ ᠤ ᠡᠮᠴᠢᠯᠡᠭᠡᠨ ᠤ | ᠰᠢᠨᠵᠢ ᠲᠡᠮᠳᠡᠭ ᠨᠢ ᠠᠷᠢᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠪᠥᠭᠡᠮ ᠬᠦᠴᠢᠯ ᠤᠨ | ᠰᠢᠯᠭᠠᠨ ᠪᠠᠶᠢᠴᠠᠭᠠᠯᠲᠠ ᠨᠢ ᠪᠢᠯᠢᠭ ᠴᠢᠨᠠᠷ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ | ᠬᠤᠲᠠ ᠶᠢᠨ ᠬᠤᠶᠠᠷ ᠱᠠᠲᠤᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢᠶᠠᠷ ᠬᠠᠮᠲᠤᠷᠠᠨ ᠣᠨᠣᠰᠢᠯᠠᠭᠤᠯᠵᠤ᠂ | ᠡᠮᠨᠡᠯᠭᠡ ᠠᠴᠠ ᠭᠠᠷᠬᠤ ᠪᠠᠷᠢᠮᠵᠢᠶ᠎ᠠ ᠳᠤ ᠬᠦᠷᠦᠭᠰᠡᠨ ᠢ ᠨᠤᠲᠠᠯᠠᠵᠤ᠂ ᠡᠮᠨᠡᠯᠭᠡ ᠠᠴᠠ ᠭᠠᠷᠴᠠᠢ᠃ ᠡᠮᠨᠡᠯᠭᠡ ᠠᠴᠠ | ᠭᠠᠷᠤᠭᠰᠠᠨ ᠤ ᠳᠠᠷᠠᠭ᠎ᠠ᠂ ᠲᠡᠷᠡ ᠦᠷᠭᠦᠯᠵᠢᠯᠡᠨ ᠤᠤᠯ ᠤᠨ ᠡᠮᠨᠡᠯᠭᠡ ᠶᠢᠨ ᠬᠤᠷᠢᠶᠠᠨ ᠳᠤ 14 ᠡᠳᠦᠷ ᠤᠨ | ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠬᠦᠯᠢᠶᠡᠬᠦ ᠪᠣᠯᠤᠨ᠎ᠠ᠃ | ᠢᠩᠭᠢᠭᠡᠳ ᠤᠯᠠᠭᠠᠨᠬᠠᠳᠠ ᠬᠤᠲᠠ ᠶᠢᠨ ᠨᠢᠭᠡᠨᠲᠡ ᠤᠨᠤᠰᠢᠯᠠᠭᠰᠠᠨ 9 ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠡᠪᠡᠳᠴᠢᠲᠡᠨ ᠪᠦᠬᠦᠨ ᠢᠶᠠᠷ ᠢᠶᠠᠨ ᠡᠳᠡᠭᠡᠷᠡᠨ ᠡᠮᠨᠡᠯᠭᠡ ᠠᠴᠠ ᠭᠠᠷᠴᠤ᠂ ᠤᠯᠠᠭᠠᠨᠬᠠᠳᠠ ᠬᠤᠲᠠ ᠳᠤ | ᠣᠳᠣ ᠪᠠᠶᠢᠭ᠎ᠠ ᠣᠨᠣᠰᠢᠯᠠᠭᠰᠠᠨ ᠡᠪᠡᠳᠴᠢᠲᠡᠨ ᠤ ᠵᠢᠱᠢᠶ᠎ᠡ ︽ᠪᠦᠷᠢᠮᠦᠰᠦᠨ ᠡᠳᠡᠭᠡᠷᠡᠵᠦ︾᠂ ᠡᠮᠨᠡᠨ ᠵᠠᠰᠠᠬᠤ | ᠬᠤᠭᠤᠴᠠᠭᠠᠨ ᠳᠤ ︽ᠦᠬᠦᠭᠰᠡᠨ ᠬᠥᠮᠦᠨ ᠦᠭᠡᠢ︾᠂ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢ | ︽ᠬᠠᠯᠳᠠᠪᠤᠷᠢᠯᠠᠭᠰᠠᠨ ᠬᠦᠮᠦᠨ ᠦᠭᠡᠢ︾ ᠶᠢ ᠪᠡᠶᠡᠯᠡᠭᠦᠯᠵᠡᠢ᠃ 2 ᠰᠠᠷ᠎ᠠ ᠶᠢᠨ 15 ᠤ ᠡᠳᠦᠷ ᠠᠴᠠ 3 ᠰᠠᠷ᠎ᠠ ᠶᠢᠨ | 8 ᠤ ᠡᠳᠦᠷ ᠪᠣᠯᠲᠠᠯ᠎ᠠ ᠵᠠᠯᠭᠠᠭ᠎ᠠ ᠪᠠᠷ 21 ᠡᠳᠦᠷ ᠰᠢᠨ᠎ᠡ ᠪᠠᠷ ᠨᠡᠮᠡᠭᠳᠡᠭᠰᠡᠨ ᠣᠨᠣᠰᠢᠯᠠᠭᠰᠠᠨ ᠡᠪᠡᠳᠴᠢᠲᠡᠨ ᠤ | ᠵᠢᠱᠢᠶ᠎ᠡ ᠶᠢᠨ ᠮᠡᠳᠡᠭᠦᠯᠦᠯᠲᠡ ᠪᠠᠶᠢᠬᠤ ᠦᠭᠡᠢ᠃ | ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 1 ᠰᠠᠷ᠎ᠠ ᠶᠢᠨ 21 ᠤ ᠡᠳᠦᠷ ᠠᠴᠠ ᠡᠬᠢᠯᠡᠨ᠂ ᠪᠥᠬᠦ | ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ ᠳᠠᠶᠢᠴᠢᠯᠠᠵᠡᠢ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ︽ᠡᠪᠡᠳᠴᠢᠲᠡᠨ ᠢ ᠲᠥᠪᠯᠡᠷᠡᠭᠦᠯᠬᠦ᠂ ᠲᠤᠰᠬᠠᠢ ᠮᠡᠷᠭᠡᠵᠢᠯᠲᠡᠨ ᠢ ᠲᠥᠪᠯᠡᠷᠡᠭᠦᠯᠬᠦ᠂ ᠡᠬᠢ ᠪᠠᠶᠠᠯᠢᠭ ᠢ | ᠲᠥᠪᠯᠡᠷᠡᠭᠦᠯᠬᠦ᠂ ᠲᠥᠪᠯᠡᠷᠡᠭᠦᠯᠦᠨ ᠡᠮᠨᠡᠨ ᠵᠠᠰᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦ | ᠬᠤᠲᠠ ᠶᠢᠨ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠪᠦᠬᠦ ᠬᠤᠲᠠ ᠶᠢᠨ ᠡᠮᠴᠢ | ᠰᠤᠪᠢᠯᠠᠭᠴᠢ ᠶᠢᠨ ᠬᠦᠴᠦᠨ ᠢ ᠨᠢᠭᠡᠳᠬᠡᠨ᠂ ᠸᠢᠷᠦ᠋ᠰ ᠢ ᠡᠰᠡᠷᠭᠦᠴᠡᠨ ᠡᠮᠨᠡᠬᠦ᠂ ᠡᠪᠡᠳᠴᠢᠨ ᠤ ᠪᠠᠶᠢᠳᠠᠯ ᠳᠤ | ᠲᠤᠬᠢᠷᠠᠭᠤᠯᠤᠨ ᠡᠮᠨᠡᠬᠦ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠨ ᠡᠮᠨᠡᠬᠦ᠂ ᠰᠡᠳᠬᠢᠴᠡ ᠶᠢᠨ ᠲᠠᠯ᠎ᠠ ᠪᠠᠷ | ᠵᠢᠯᠣᠭᠤᠳᠬᠤ ᠵᠡᠷᠭᠡ ᠶᠡᠷᠦᠩᠬᠡᠶᠢᠯᠡᠭᠰᠡᠨ ᠠᠪᠤᠷᠠᠨ ᠵᠠᠰᠠᠬᠤ ᠠᠷᠭ᠎ᠠ ᠬᠡᠮᠵᠢᠶ᠎ᠡ ᠪᠠᠷ ᠳᠠᠮᠵᠢᠵᠤ᠂ ᠥᠪᠡᠷᠲᠡᠭᠡᠨ ᠵᠠᠰᠠᠬᠤ | ᠣᠷᠣᠨ᠂ ᠬᠤᠲᠠ ᠶᠢᠨ ᠲᠤᠰᠬᠠᠢ ᠮᠡᠷᠭᠡᠵᠢᠯᠲᠡᠨ ᠪᠠ ᠡᠮᠦᠨ᠎ᠡ ᠹᠷᠣᠨᠲ ᠤᠨ ᠠᠪᠤᠷᠠᠨ ᠵᠠᠰᠠᠬᠤ ᠪᠦᠯᠬᠦᠮ ᠤᠨ 40 | ᠬᠡᠳᠦᠨ ᠡᠳᠦᠷ ᠠᠮᠠᠷᠠᠵᠤ ᠬᠡᠪᠳᠡᠬᠦ ᠴᠠᠭ ᠢᠶᠠᠨ ᠠᠷᠪᠢᠯᠠᠨ᠂ ᠡᠳᠦᠷ ᠰᠦᠨᠢ ᠶᠢᠨ ᠡᠭᠡᠯᠵᠢᠨ ᠳᠤ ᠨᠠᠷᠢᠨ ᠨᠢᠮᠪᠠᠢ ᠡᠮᠨᠡᠨ | ᠵᠠᠰᠠᠭᠰᠠᠨ ᠢᠶᠠᠷ᠂ 9 ᠡᠪᠡᠳᠴᠢᠲᠡᠨ ᠢ ᠪᠦᠬᠦᠨ ᠢ ᠡᠳᠡᠭᠡᠷᠡᠭᠦᠯᠵᠦ ᠡᠮᠨᠡᠯᠭᠡ ᠠᠴᠠ ᠭᠠᠷᠭᠠᠪᠠ᠃ | |