ᠱᠢ ᠲᠠᠢ ᠹᠧᠩ ᠪᠠᠶᠠᠨᠨᠠᠭᠤᠷ ᠬᠤᠳᠠ ᠪᠤᠭᠤᠳᠤ ᠬᠤᠳᠠ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/4/10
     4 ᠰᠠᠷ᠎ᠠ ᠶᠢᠨ 7᠎ ᠠᠴᠠ 9᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠪᠠᠶᠠᠨᠨᠠᠭᠤᠷ ᠬᠤᠳᠠ ᠪᠠ ᠪᠤᠭᠤᠳᠤ ᠬᠤᠳᠠ ᠶᠢᠨ ᠳᠠᠷᠬᠠᠨ ᠮᠤᠤᠮᠢᠩᠭᠠᠨ ᠬᠤᠯᠪᠤᠭᠠᠳᠦ ᠬᠤᠰᠢᠭᠤ᠂ ᠪᠠᠶ᠋ᠬᠠᠤᠪᠤᠭ᠎ᠠ ᠠᠭᠤᠷᠬᠠᠢ ᠶᠢᠨ ᠤᠷᠤᠨ᠂ ᠬᠦᠶᠠᠩ ᠰᠢᠶᠠᠨ᠂ ᠵᠢᠦᠶᠤᠸᠠᠨ ᠲᠤᠭᠤᠷᠢᠭ᠂ ᠰᠢᠭᠤᠢᠢᠳᠦ ᠲᠤᠭᠤᠷᠢᠭ ᠲᠤ ᠬᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠬᠳᠤ ᠰᠤᠯᠠᠷᠠᠭᠤᠯᠤᠯ ᠦᠭᠡᠢ ᠰᠠᠶᠢᠳᠤᠷ ᠠᠳᠬᠤᠵᠦ᠂ ᠦᠢᠯᠡᠳᠪᠤᠷᠢᠯᠡᠯ ᠠᠮᠢᠳᠤᠷᠠᠯ ᠤᠨ ᠡᠮᠬᠢ ᠲᠢᠭᠯᠢᠮ ᠤᠨ ᠰᠡᠷᠬᠦᠯᠲᠠ ᠶᠢ ᠲᠦᠷᠭᠡᠳᠭᠡᠨ ᠠᠬᠢᠭᠤᠯᠵᠦ᠂ ᠠᠵᠤ ᠠᠬᠤᠢ ᠨᠡᠶᠢᠭᠡᠮ ᠤᠨ ᠡᠯ᠎ᠠ ᠵᠦᠢᠯ ᠤᠨ ᠦᠢᠯᠡᠰ ᠎ ᠤᠨ ᠬᠦᠭᠵᠢᠯᠳᠠ ᠶᠢ ᠯᠠᠪᠳᠠᠭᠤᠨ ᠬᠦᠴᠦᠳᠠᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃
     ᠱᠢ ᠲᠠᠢ ᠹᠧᠩ ᠭᠠᠭᠴᠠᠮᠤᠳᠤ ᠪᠤᠭᠤᠮᠳᠠ ᠪᠠ ᠮᠠᠨᠳᠤᠯ᠎ᠠ ᠪᠤᠭᠤᠮᠳᠠ ᠳᠤ ᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠤᠭᠤᠮᠳᠠ ᠶᠢᠨ ᠪᠦᠳᠦᠭᠡᠨ ᠪᠠᠶᠢᠭᠤᠯᠤᠯᠳᠠ᠂ ᠠᠷᠠᠯᠵᠢᠶᠠᠨ ᠤ ᠪᠤᠭᠤᠮᠳᠠ ᠪᠠᠷ ᠨᠡᠪᠳᠡᠷᠡᠬᠦ ᠵᠡᠷᠭᠡ ᠪᠠᠶᠢᠳᠠᠯ ᠢ ᠬᠦᠨᠵᠡᠭᠡᠢ ᠤᠢᠢᠯᠠᠭᠠᠪᠠ᠃ ᠲᠡᠷᠡ᠂ ᠪᠤᠭᠤᠮᠳᠠ ᠶᠢᠨ ᠪᠦᠳᠦᠭᠡᠨ ᠪᠠᠶᠢᠭᠤᠯᠤᠯᠳᠠ ᠬᠦᠭᠵᠢᠯᠳᠠ ᠶᠢ ᠠᠬᠢᠭᠤᠯᠬᠤ ᠳᠤ ᠵᠠᠪᠠᠯ ᠲᠤᠰ ᠪᠡᠶ᠎ᠠ ᠶᠢᠨ ᠲᠠᠪᠠᠭᠤᠯᠢᠭ ᠢᠶᠠᠨ ᠳᠤᠳᠤᠷᠬᠠᠢ ᠮᠡᠳᠡᠵᠦ᠂ ᠨᠡᠪᠳᠡᠷᠡᠳᠡᠯ᠎ᠠ ᠰᠤᠳᠤᠯᠤᠨ᠂ ᠬᠢᠬᠦ ᠶᠢ ᠨᠢ ᠬᠢᠵᠦ ᠬᠢᠬᠦ ᠦᠭᠡᠢ ᠶᠢ ᠨᠢ ᠦᠯᠦ ᠬᠢᠵᠦ᠂ ᠶᠡᠭᠡ ᠪᠦᠭᠡᠳ ᠪᠦᠷᠢᠨ ᠪᠠᠶᠢᠬᠤ ᠶᠢ ᠰᠤᠬᠤᠷ ᠪᠠᠯᠠᠢ ᠪᠠᠷ ᠬᠦᠭᠡᠭᠡᠴᠡᠯᠳᠦᠵᠦ ᠪᠤᠯᠬᠤ ᠦᠭᠡᠢ᠃ ᠠᠵᠤ ᠦᠢᠯᠡᠰ ᠤᠨ ᠪᠠᠶᠢᠷᠢ ᠲᠤᠭᠳᠠᠭᠠᠯᠳᠠ ᠳᠤ ᠠᠩᠬᠠᠷᠤᠯ ᠲᠦᠪᠯᠡᠷᠡᠬᠦᠯᠦᠨ ᠨᠠᠷᠢᠨ ᠤᠨᠤᠪᠴᠢᠳᠠᠢ ᠲᠦᠰᠦᠪᠯᠡᠬᠦ ᠪᠠᠨ ᠴᠢᠩᠭᠠᠳᠬᠠᠵᠦ᠂ ᠬᠢᠯᠢ ᠪᠠᠷ ᠤᠷᠤᠭᠤᠯᠬᠤ ᠡᠬᠢ ᠪᠠᠶᠠᠯᠢᠬ ᠢ ᠡᠳ᠋ᠰᠢᠬᠦᠯᠦᠨ ᠪᠤᠯᠪᠠᠰᠤᠷᠠᠭᠤᠯᠵᠦ ᠤᠨᠳᠤᠤᠰᠢᠭᠤᠯᠬᠤ ᠠᠵᠢᠯ ᠢ ᠰᠠᠶᠢᠳᠤᠷ ᠬᠢᠵᠦ᠂ ᠲᠤᠰᠬᠠᠢᠢᠵᠢᠬᠰᠠᠨ᠂ ᠤᠶᠤᠨᠴᠢᠯᠠᠬᠰᠠᠨ ᠪᠤᠭᠤᠮᠳᠠ ᠶᠢ ᠬᠦᠴᠦᠯᠡᠨ ᠴᠤᠬᠴᠠᠯᠠᠬᠤ ᠭᠡᠷᠡᠭᠲᠡᠢ᠃ ᠤᠳᠤᠬᠠᠨ ᠳᠤ ᠬᠢᠵᠢᠭ ᠬᠠᠯᠳᠠᠪᠤᠷᠢᠯᠠᠨ ᠤᠷᠤᠵᠦ ᠢᠷᠡᠬᠦ ᠶᠢ ᠴᠢᠩᠭ᠎ᠠ ᠰᠡᠷᠭᠡᠶᠢᠯᠡᠬᠦ ᠡᠯ᠎ᠠ ᠵᠦᠢᠯ ᠤᠨ ᠠᠵᠢᠯ ᠢ ᠰᠠᠶᠢᠳᠤᠷ ᠬᠢᠬᠦ ᠶᠢᠨ ᠵᠡᠷᠭᠡ ᠪᠠᠷ ᠪᠤᠭᠤᠮᠳᠠ ᠪᠠᠷ ᠨᠡᠪᠳᠡᠷᠡᠬᠦ ᠦᠷ᠎ᠠ ᠠᠰᠢᠬ ᠢ ᠴᠢᠨᠠᠬᠰᠢᠳᠠ ᠨᠡᠮᠡᠭᠳᠡᠬᠦᠯᠵᠦ᠂ ᠪᠠᠷᠠᠭᠠᠨ ᠤ ᠤᠷᠤᠭᠤᠯᠤᠯᠳᠠ ᠭᠠᠷᠭᠠᠯᠳᠠ ᠶᠢ ᠬᠠᠮᠤᠭ ᠤᠨ ᠶᠡᠭᠡ ᠭᠡᠮᠵᠢᠶ᠎ᠠ ᠪᠠᠷ ᠠᠬᠢᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃
     ᠱᠢ ᠲᠠᠢ ᠹᠧᠩ ᠪᠤᠭᠤᠳᠤ ᠬᠤᠳᠠ ᠶᠢᠨ ᠭᠤᠴᠢᠨ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠢᠷᠡᠵᠦ᠂ ᠰᠤᠷᠭᠠᠭᠤᠯᠢ ᠶᠢᠨ ᠰᠤᠷᠤᠯᠭ᠎ᠠ ᠡᠬᠢᠯᠡᠬᠦᠯᠦᠭᠰᠡᠨ ᠪᠠᠶᠢᠳᠠᠯ ᠢ ᠬᠦᠨᠵᠡᠭᠡᠢ ᠤᠢᠢᠯᠠᠭᠠᠪᠠ᠃ ᠲᠡᠷᠡ᠂ ᠰᠤᠷᠭᠠᠭᠤᠯᠢ ᠶᠢᠨ ᠰᠤᠷᠤᠯᠭ᠎ᠠ ᠡᠬᠢᠯᠡᠬᠦᠯᠬᠦ ᠨᠢ ᠲᠦᠭ ᠲᠦᠮᠡᠨ ᠡᠷᠦᠭᠡ ᠲᠠᠢ ᠬᠤᠯᠪᠤᠭᠳᠠᠨ᠎ᠠ᠂ ᠨᠢᠭᠡᠳᠦᠯᠳᠠᠢ ᠲᠦᠯᠦᠪᠵᠢᠬᠦᠯᠦᠨ ᠡᠮᠬᠢ ᠲᠢᠭᠯᠢᠮ ᠲᠠᠢ ᠲᠤᠬᠢᠷᠠᠭᠤᠯᠵᠦ᠂ ᠰᠡᠷᠭᠡᠶᠢᠯᠡᠨ ᠡᠵᠡᠮᠳᠡᠬᠦ ᠠᠵᠢᠯ ᠢ ᠪᠤᠳᠠᠳᠠᠢ ᠨᠠᠶᠢᠳᠠᠪᠤᠷᠢᠵᠢᠭᠤᠯᠤᠭᠰᠠᠨ ᠤᠷᠢᠳᠠᠯ ᠳᠤᠤᠷ᠎ᠠ ᠬᠡᠪ ᠤᠨ ᠵᠢᠭᠠᠨ ᠰᠤᠷᠭᠠᠯᠳᠠ ᠶᠢᠨ ᠡᠮᠬᠢ ᠲᠢᠭᠯᠢᠮ ᠢ ᠪᠠᠳᠤᠯᠠᠬᠤ ᠭᠡᠷᠡᠭᠲᠡᠢ᠃ ᠪᠠᠶᠢᠩᠭᠤᠵᠢᠬᠰᠠᠨ ᠰᠡᠷᠭᠡᠶᠢᠯᠡᠨ ᠡᠵᠡᠮᠳᠡᠬᠦ ᠪᠠᠶᠢᠳᠠᠯ ᠢ ᠪᠠᠷᠢᠮᠳᠠᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠶᠢ ᠠᠵᠢᠯ ᠤᠨ ᠳᠤᠮᠳᠠᠬᠢ ᠭᠤᠭᠴᠤᠭ᠎ᠠ ᠨᠢᠭᠡᠪᠦᠷᠢ ᠳᠤ ᠲᠤᠭᠤᠰᠢᠯᠠᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃ ᠱᠢ ᠲᠠᠢ ᠹᠧᠩ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠲᠦᠪ ᠲᠤ ᠬᠦᠷᠴᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠲᠠᠨᠢᠯᠴᠠᠭᠤᠯᠭ᠎ᠠ ᠶᠢ ᠰᠤᠨᠤᠰᠤᠨ᠂ ᠬᠢᠵᠢᠭ ᠢ ᠰᠡᠷᠭᠡᠶᠢᠯᠡᠬᠦ ᠪᠠᠴᠢᠮ ᠠᠷᠭᠠᠴᠠᠭᠠᠬᠤ ᠡᠳ᠋ ᠪᠤᠳᠠᠰ ᠨᠦᠭᠡᠴᠡᠯᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠬᠢᠵᠢᠭ ᠢ ᠰᠡᠷᠭᠡᠶᠢᠯᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠦ᠂ ᠬᠢᠵᠢᠭ ᠢ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠬᠦᠯᠦᠨ᠂ ᠬᠢᠵᠢᠭ ᠢ ᠰᠡᠷᠭᠡᠶᠢᠯᠡᠬᠦ ᠡᠳ᠋ ᠪᠤᠳᠠᠰ ᠢ ᠬᠦᠢᠴᠡᠳ ᠨᠦᠭᠡᠴᠡᠯᠡᠵᠦ᠂ ᠬᠢᠵᠢᠭ ᠡᠪᠡᠳᠴᠢᠨ ᠢ ᠴᠠᠭ ᠲᠤᠬᠠᠢ ᠳᠤᠨᠢ ᠢᠯᠡᠷᠡᠬᠦᠯᠦᠨ ᠰᠢᠢᠳᠪᠤᠷᠢᠯᠡᠬᠦ ᠬᠡᠷᠡᠭᠲᠡᠢ᠂ ᠬᠦᠩᠭᠡᠪᠴᠢᠯᠡᠵᠦ ᠤᠬᠳᠤ ᠪᠤᠯᠬᠤ ᠦᠭᠡᠢ ᠭᠡᠵᠦ ᠱᠠᠭᠠᠷᠳᠠᠵᠠᠢ᠃
     ᠱᠢ ᠲᠠᠢ ᠹᠧᠩ ᠤᠳᠤᠬᠠᠨ ᠤ ᠠᠵᠤ ᠠᠬᠤᠢ ᠶᠢᠨ ᠡᠷᠬᠢᠯᠳᠠ ᠶᠢᠨ ᠪᠠᠶᠢᠳᠠᠯ ᠢ ᠳᠡᠭᠡᠳᠦ ᠭᠡᠮᠵᠢᠶ᠎ᠠ ᠪᠠᠷ ᠠᠩᠬᠠᠷᠴᠦ ᠪᠠᠶᠢᠯ᠎ᠠ᠂ ᠲᠡᠷᠡ ᠪᠠᠳᠤᠬᠠᠭᠠᠯᠭ᠎ᠠ ᠶᠢᠨ ᠨᠡᠶᠢᠳᠡᠮ ᠤᠨ ᠭᠡᠷᠡᠭᠯᠡᠭᠡᠨ ᠤ ᠨᠢᠰᠭᠡᠯ ᠤᠨ ᠪᠠᠭᠤᠳᠠᠯ ᠪᠠ ᠪᠤᠭᠤᠳᠤ ᠶᠢᠨ ᠪᠤᠯᠤᠳ ᠲᠡᠮᠦᠷ ᠤᠨ ᠪᠠᠷᠠᠭᠤᠨ ᠬᠤᠪᠢᠶᠠᠷᠢ ᠺᠤᠮᠫᠠᠨᠢ᠂ ᠪᠠᠶ᠋ᠬᠠᠤᠪᠤᠭ᠎ᠠ ᠲᠡᠮᠦᠷ ᠤᠨ ᠠᠭᠤᠷᠬᠠᠢ᠂ ᠪᠤᠤ ᠱᠠᠨ ᠠᠭᠤᠷᠬᠠᠢ ᠶᠢᠨ ᠦᠢᠯᠡᠰ ᠤᠨ ᠺᠤᠮᠫᠠᠨᠢ ᠵᠢᠴᠢ ᠰᠢᠨ ᠾᠧᠩ ᠹᠧᠩ ᠡᠨᠧᠷᠬᠢ ᠶᠢᠨ ᠺᠤᠮᠫᠠᠨᠢ᠂ ᠲᠢᠶᠠᠨ ᠹᠧᠩ ᠲᠠᠷᠢᠶᠠᠯᠠᠩ ᠮᠠᠯ ᠠᠵᠤ ᠠᠬᠤᠢ ᠶᠢᠨ ᠺᠤᠮᠫᠠᠨᠢ ᠶᠢᠨ ᠦᠢᠯᠡᠳᠪᠤᠷᠢ ᠠᠭᠤᠷᠬᠠᠢ᠂ ᠪᠠᠷᠢᠯᠭ᠎ᠠ ᠶᠢᠨ ᠭᠠᠵᠠᠷ᠂ ᠦᠢᠯᠡᠳᠪᠤᠷᠢ ᠶᠢᠨ ᠳᠠᠰᠤᠭ ᠢᠶᠠᠷ ᠬᠦᠨᠵᠡᠭᠡᠶᠢᠷᠡᠨ᠂ ᠠᠵᠤ ᠠᠬᠤᠢᠢᠯᠠᠯ ᠤᠨ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠭᠰᠡᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠠ ᠦᠢᠯᠡᠳᠪᠤᠷᠢᠯᠡᠯ ᠡᠵᠡᠩᠨᠡᠯᠳᠠ ᠵᠡᠷᠭᠡ ᠪᠠᠶᠢᠳᠠᠯ ᠢ ᠪᠤᠳᠠᠳᠠᠢ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠲᠡᠷᠡ᠂ ᠡᠯ᠎ᠠ ᠱᠠᠳᠤᠨ ᠤ ᠬᠢᠨ ᠬᠤᠯᠪᠤᠭᠳᠠᠯ ᠪᠦᠬᠦᠢ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠦ᠂ ᠡᠯ᠎ᠠ ᠲᠦᠷᠦᠯ ᠎ ᠤᠨ ᠠᠵᠤ ᠠᠬᠤᠢᠢᠯᠠᠯ ᠢ ᠬᠠᠪᠰᠤᠷᠤᠨ ᠪᠤᠳᠠᠳᠠᠢ ᠬᠦᠴᠢᠷᠳᠡᠯ ᠢ ᠨᠢ ᠰᠢᠢᠳᠪᠤᠷᠢᠯᠡᠵᠦ ᠦᠭᠴᠤ᠂ ᠠᠵᠤ ᠠᠬᠤᠢᠢᠯᠠᠯ ᠎ ᠤᠨ ᠬᠦᠭᠵᠢᠯᠳᠠ ᠳᠤ ᠦᠨᠡᠨ ᠬᠦ ᠰᠠᠶᠢᠨ ᠰᠠᠶᠢᠬᠠᠨ ᠤᠷᠴᠢᠨ ᠨᠦᠬᠦᠴᠡᠯ ᠡᠬᠦᠳᠴᠦ ᠦᠭᠬᠦ ᠭᠡᠷᠡᠭᠲᠡᠢ᠃ ᠭᠤᠤᠯᠳᠠᠯᠭ᠎ᠠ ᠲᠠᠢ ᠠᠵᠤ ᠠᠬᠤᠢᠢᠯᠠᠯ ᠤᠨ ᠭᠡᠯᠬᠢᠶ᠎ᠠ ᠶᠢ ᠤᠷᠳᠤᠳᠬᠠᠬᠤ ᠬᠡᠯᠬᠢᠶ᠎ᠠ ᠶᠢ ᠨᠦᠬᠦᠪᠦᠷᠢᠯᠡᠬᠦ ᠶᠢᠨ ᠲᠤᠭᠤᠷᠢᠨ ᠳᠤ ᠤᠨᠤᠴᠠᠳᠠᠢ ᠪᠠᠷ ᠠᠷᠠᠯᠵᠢᠶᠠᠴᠢᠨ ᠤᠷᠢᠬᠤ ᠠᠵᠢᠯ ᠢ ᠦᠷᠨᠢᠬᠦᠯᠵᠦ᠂ ᠠᠵᠤ ᠦᠢᠯᠡᠰ ᠤᠨ ᠭᠡᠯᠬᠢᠶ᠎ᠠ ᠶᠢ ᠡᠴᠦᠰ ᠤᠨ ᠭᠡᠯᠬᠢᠶ᠎ᠠ ᠲᠡᠶᠢᠰᠢ ᠤᠷᠳᠤᠳᠬᠠᠬᠤ ᠶᠢ ᠠᠬᠢᠭᠤᠯᠤᠨ᠂ ᠬᠦᠭᠵᠢᠯᠳᠠ ᠶᠢᠨ ᠶᠠᠰᠤ ᠴᠢᠨᠠᠷ ᠪᠠ ᠠᠵᠤ ᠦᠢᠯᠡᠰ ᠎ ᠤᠨ ᠦᠷᠢᠰᠦᠯᠳᠦᠬᠦ ᠬᠦᠴᠦᠨ ᠢ ᠳᠠᠰᠤᠷᠠᠯᠳᠠ ᠦᠭᠡᠢ ᠳᠡᠭᠡᠭᠰᠢᠯᠡᠬᠦᠯᠬᠦ ᠭᠡᠷᠡᠭᠲᠡᠢ᠃ ᠲᠦᠮᠦᠰᠦ ᠵᠡᠷᠭᠡ ᠲᠠᠷᠢᠶᠠᠯᠠᠩ ᠎ ᠤᠨ ᠪᠦᠳᠦᠭᠡᠭᠳᠡᠬᠦᠨ ᠮᠠᠯ ᠤᠨ ᠠᠰᠢᠬ ᠰᠢᠮ᠎ᠠ ᠶᠢᠨ ᠤᠯᠠᠨ ᠲᠦᠷᠦᠯ ᠤᠨ ᠴᠢᠳᠠᠪᠬᠢ ᠶᠢ ᠬᠦᠨᠵᠡᠭᠡᠢ ᠠᠭᠤᠳᠠᠯᠵᠦ᠂ ᠨᠠᠷᠢᠯᠢᠬ ᠡᠳ᠋ᠰᠢᠬᠦᠯᠦᠨ ᠪᠤᠯᠪᠠᠰᠤᠷᠠᠭᠤᠯᠬᠤ ᠶᠢ ᠶᠡᠭᠡ ᠪᠠᠷ ᠠᠬᠢᠭᠤᠯᠤᠨ᠂ ᠠᠳᠠᠯᠢ ᠪᠤᠰᠤ ᠢᠳᠡᠰᠢ ᠤᠤᠭᠤᠰᠢ ᠶᠢᠨ ᠳᠠᠳᠬᠠᠯ ᠲᠠᠢ ᠬᠦᠮᠦᠰ ᠤᠨ ᠭᠡᠷᠡᠭᠴᠡᠭᠡ ᠳᠤ ᠲᠤᠬᠢᠷᠠᠬᠤ ᠤᠯᠠᠨ ᠶᠠᠩᠵᠤᠴᠢᠯᠠᠬᠰᠠᠨ ᠦᠢᠯᠡᠳᠬᠦᠨ ᠢ ᠢᠳᠡᠪᠬᠢᠳᠠᠢ ᠨᠡᠭᠡᠭᠡᠨ ᠬᠦᠭᠵᠢᠬᠦᠯᠵᠦ᠂ ᠴᠢᠨᠠᠬᠰᠢᠳᠠ ᠵᠠᠬ᠎ᠠ ᠳᠡᠯᠭᠡᠬᠦᠷ ᠢ ᠦᠷᠭᠡᠵᠢᠬᠦᠯᠦᠨ᠂ ᠦᠷ᠎ᠠ ᠠᠰᠢᠬ ᠢ ᠳᠡᠭᠡᠭᠰᠢᠯᠡᠬᠦᠯᠬᠦ ᠭᠡᠷᠡᠭᠲᠡᠢ᠃ ᠪᠤᠭᠤᠳᠤ ᠶᠢᠨ ᠪᠤᠯᠤᠳ ᠲᠡᠮᠦᠷ ᠤᠨ ᠪᠦᠯᠦᠭᠯᠡᠯ ᠤᠨ ᠬᠢᠨ ᠦᠷᠬᠦᠯᠵᠢᠯᠡᠨ ᠦᠭᠡᠷᠡᠴᠢᠯᠡᠯᠳᠠ ᠶᠢ ᠬᠦᠨᠵᠡᠭᠡᠶᠢᠷᠡᠬᠦᠯᠵᠦ᠂ ᠲᠠᠯᠲᠠ ᠬᠦᠴᠦ ᠪᠠᠨ ᠳᠠᠰᠤᠷᠠᠯᠳᠠ ᠦᠭᠡᠢ ᠠᠭᠤᠳᠠᠯᠤᠨ᠂ ᠴᠢᠨᠠᠷ ᠰᠠᠶᠢᠳᠠᠢ ᠬᠦᠭᠵᠢᠯᠳᠠ ᠶᠢ ᠴᠢᠷᠮᠠᠶᠢᠨ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃
     ᠱᠢ ᠲᠠᠢ ᠹᠧᠩ ᠲᠤᠬᠠᠢ ᠶᠢᠨ ᠭᠠᠵᠠᠷ ᠤᠨ ᠨᠡᠶᠢᠭᠡᠮ ᠠᠷᠠᠳ ᠤᠨ ᠠᠮᠢᠳᠤᠷᠠᠯ ᠤᠨ ᠦᠢᠯᠡᠰ ᠤᠨ ᠬᠦᠭᠵᠢᠯᠳᠠ ᠶᠢ ᠮᠠᠰᠢ ᠴᠢᠬᠤᠯᠠᠴᠢᠯᠠᠵᠦ ᠪᠠᠶᠢᠯ᠎ᠠ᠂ ᠲᠡᠷᠡ ᠤᠷᠢᠳ ᠬᠤᠵᠢᠳ ᠬᠤᠢ ᠳ᠋ᠧ ᠡᠷᠡᠬᠦᠯ ᠮᠡᠨᠳᠦ ᠨᠠᠰᠤᠵᠢᠯ ᠎ ᠤᠨ ᠠᠵᠤ ᠦᠢᠯᠡᠰ ᠤᠨ ᠬᠦᠷᠢᠶᠡᠯᠡᠩ᠂ ᠪᠠᠶ᠋ᠬᠠᠤᠪᠤᠭ᠎ᠠ ᠠᠭᠤᠷᠬᠠᠢ ᠶᠢᠨ ᠤᠷᠤᠨ ᠤ ᠤᠰᠤ ᠴᠡᠪᠡᠷᠰᠢᠬᠦᠯᠬᠦ ᠦᠢᠯᠡᠳᠪᠤᠷᠢ ᠪᠠ ᠬᠤᠩ ᠨᠢ ᠵᠢᠩ ᠲᠤᠰᠬᠤᠨ᠂ ᠱᠠ ᠾᠧ ᠵᠡᠭᠡᠯᠢ ᠭᠤᠳᠤᠮᠵᠢ ᠶᠢᠨ ᠾᠧᠩ ᠳ᠋ᠠ ᠨᠡᠶᠢᠭᠡᠮ ᠲᠤᠭᠤᠷᠢᠭ ᠲᠤ ᠢᠷᠡᠵᠦ᠂ ᠨᠠᠰᠤᠵᠢᠯ᠂ ᠰᠠᠭᠤᠭᠠᠯᠢ ᠠᠷᠠᠳ ᠤᠨ ᠤᠤᠭᠤᠬᠤ ᠤᠰᠤ᠂ ᠬᠦᠳᠡᠭᠡ ᠲᠤᠰᠬᠤᠨ ᠤ ᠪᠤᠯᠪᠠᠰᠤᠨ ᠤ ᠪᠠᠶᠢᠭᠤᠯᠤᠯᠳᠠ᠂ ᠨᠡᠶᠢᠭᠡᠮ ᠲᠤᠭᠤᠷᠢᠭ ᠤᠨ ᠦᠢᠯᠡᠴᠢᠯᠡᠭᠡ ᠵᠡᠷᠭᠡ ᠪᠠᠶᠢᠳᠠᠯ ᠢ ᠬᠦᠨᠵᠡᠭᠡᠢ ᠰᠢᠨᠵᠢᠯᠡᠨ ᠪᠠᠶᠢᠴᠠᠭᠠᠪᠠ᠃ ᠲᠡᠷᠡ᠂ ᠡᠯ᠎ᠠ ᠱᠠᠳᠤᠨ ᠤ ᠬᠢᠨ ᠪᠤᠳᠠᠳᠠᠢ ᠠᠴᠠ ᠡᠬᠦᠰᠬᠦ ᠶᠢ ᠪᠠᠷᠢᠮᠳᠠᠯᠠᠵᠦ᠂ ᠤᠯᠠᠨ ᠲᠦᠮᠡᠨ ᠤ ᠠᠰᠢᠬ ᠲᠤᠰᠠ ᠳᠤ ᠬᠤᠯᠪᠤᠭᠳᠠᠬᠤ ᠶᠠᠪᠤᠳᠠᠯ ᠪᠦᠬᠦᠨ ᠢ ᠰᠡᠳᠬᠢᠯ ᠲᠠᠯᠪᠢᠨ ᠰᠠᠶᠢᠳᠤᠷ ᠰᠢᠢᠳᠪᠤᠷᠢᠯᠡᠬᠦ ᠭᠡᠷᠡᠭᠲᠡᠢ᠃ ᠨᠠᠰᠤᠵᠢᠯ ᠤᠨ ᠠᠵᠤ ᠦᠢᠯᠡᠰ ᠢ ᠬᠦᠭᠵᠢᠬᠦᠯᠵᠦ᠂ ᠨᠠᠰᠤᠵᠢᠯ ᠤᠨ ᠦᠢᠯᠡᠴᠢᠯᠡᠭᠡ ᠶᠢ ᠠᠬᠢᠭᠤᠯᠬᠤ ᠳᠤ ᠵᠠᠰᠠᠭ ᠤᠨ ᠤᠷᠳᠤᠨ ᠪᠠ ᠵᠠᠬ᠎ᠠ ᠳᠡᠯᠭᠡᠬᠦᠷ ᠤᠨ ᠵᠠᠭᠠᠬ ᠢ ᠳᠤᠳᠤᠷᠬᠠᠢᠢᠯᠠᠵᠦ᠂ ᠠᠳᠠᠯᠢ ᠪᠤᠰᠤ ᠬᠦᠮᠦᠰ ᠤᠨ ᠭᠡᠷᠡᠭᠴᠡᠭᠡ ᠶᠢ ᠦᠨᠳᠦᠰᠦᠯᠡᠨ ᠲᠦᠯᠦᠪᠵᠢᠬᠦᠯᠦᠨ ᠠᠬᠢᠭᠤᠯᠵᠦ᠂ ᠨᠠᠰᠤᠳᠠᠶᠢᠴᠤᠳ ᠲᠤ ᠲᠤᠬᠢᠯᠢᠭ ᠳᠠᠭᠠᠯᠠᠮᠵᠢᠳᠠᠢ ᠦᠢᠯᠡᠴᠢᠯᠡᠭᠡ ᠬᠠᠩᠭᠠᠨ᠂ ᠨᠠᠰᠤᠳᠠᠶᠢᠴᠤᠳ ᠤᠨ ᠦᠳᠡᠯᠦᠭᠡ ᠨᠠᠰᠤ ᠪᠠᠨ ᠪᠠᠶᠠᠷ ᠵᠢᠷᠭᠠᠯ ᠲᠠᠢ ᠦᠩᠭᠡᠷᠡᠬᠦᠯᠬᠦ ᠶᠢ ᠪᠠᠳᠤᠯᠠᠬᠤ ᠭᠡᠷᠡᠭᠲᠡᠢ᠃ ᠨᠡᠶᠢᠭᠡᠮ ᠲᠤᠭᠤᠷᠢᠭ ᠤᠨ ᠦᠢᠯᠡᠴᠢᠯᠡᠭᠡ ᠬᠠᠮᠢᠶᠠᠷᠤᠯᠳᠠ ᠶᠢ ᠦᠨᠡᠨ ᠬᠦ ᠡᠷᠴᠢᠮᠵᠢᠬᠦᠯᠵᠦ᠂ ᠲᠤᠤᠷᠵᠢᠬᠰᠠᠨ ᠬᠠᠮᠢᠶᠠᠷᠤᠯᠳᠠ ᠶᠢᠨ ᠠᠵᠢᠯᠳᠠᠨ ᠤ ᠡᠬᠦᠷᠭᠡ ᠲᠤᠰᠢᠶᠠᠯ ᠢᠶᠠᠨ ᠦᠨᠡᠨ ᠬᠦ ᠬᠦᠢᠴᠡᠳᠭᠡᠬᠦ ᠶᠢ ᠪᠠᠳᠤᠯᠠᠬᠤ ᠶᠢᠨ ᠵᠡᠷᠭᠡ ᠪᠠᠷ ᠪᠠᠰᠠ ᠨᠡᠶᠢᠭᠡᠮ ᠲᠤᠭᠤᠷᠢᠬ ᠤᠨ ᠨᠠᠮ ᠤᠨ ᠭᠡᠰᠢᠬᠦᠨ ᠤ ᠦᠢᠯᠡᠳᠦᠯ ᠢ ᠬᠦᠢᠴᠡᠳ ᠪᠠᠳᠠᠷᠠᠭᠤᠯᠬᠤ ᠭᠡᠷᠡᠭᠲᠡᠢ᠃ ᠬᠦᠳᠡᠭᠡ ᠲᠤᠰᠬᠤᠨ ᠤ ᠪᠤᠯᠪᠠᠰᠤᠨ ᠤ ᠪᠠᠶᠢᠭᠤᠯᠤᠯᠳᠠ ᠶᠢ ᠶᠡᠭᠡ ᠪᠠᠷ ᠠᠬᠢᠭᠤᠯᠵᠦ᠂ ᠠᠵᠢᠯ ᠢᠶᠠᠨ ᠪᠤᠳᠠᠳᠠᠢ ᠠᠳᠬᠤᠨ ᠨᠠᠷᠢᠯᠢᠭ ᠠᠳᠬᠤᠵᠦ᠂ ᠤᠯᠠᠨ ᠲᠦᠮᠡᠨ ᠢ ᠲᠠᠶᠢᠴᠢᠯᠠᠨ ᠦᠷᠭᠡᠨ ᠢᠶᠠᠷ ᠤᠷᠤᠯᠴᠠᠭᠤᠯᠵᠦ᠂ ᠤᠯᠠᠨ ᠲᠦᠮᠡᠨ ᠢ ᠬᠦᠳᠦᠯᠦᠨ ᠵᠢᠯᠤᠭᠤᠳᠴᠦ ᠬᠠᠭᠤᠴᠢᠨ ᠮᠠᠭᠤ ᠳᠠᠳᠬᠠᠯ ᠢ ᠨᠢ ᠦᠭᠡᠷᠡᠴᠢᠯᠡᠵᠦ᠂ ᠬᠦᠮᠦᠰ ᠤᠨ ᠤᠷᠤᠰᠢᠨ ᠰᠠᠭᠤᠬᠤ ᠴᠡᠪᠡᠷ ᠴᠡᠮᠴᠡᠭᠡᠷ ᠤᠷᠴᠢᠨ ᠲᠤᠭᠤᠷᠢᠨ ᠢ ᠴᠤᠬᠴᠠᠯᠠᠨ᠂ ᠪᠤᠯᠪᠠᠰᠤᠨ ᠳᠠᠳᠬᠠᠯ ᠢ ᠪᠤᠳᠠᠳᠠᠢ ᠦᠢᠯᠡᠳᠦᠯᠭᠡ ᠳᠤᠮᠳᠠ ᠠᠭᠤᠰᠤᠯᠴᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ ᠱᠢ ᠲᠠᠢ ᠹᠧᠩ ᠳᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠲᠤ ᠰᠢᠨᠵᠢᠯᠡᠨ ᠪᠠᠶᠢᠴᠠᠭᠠᠬᠤ ᠳᠠᠭᠠᠨ᠂ ᠵᠠᠭᠤᠴᠢᠯᠠᠭᠤᠷ ᠤᠨ ᠠᠭᠤᠰᠤᠯᠴᠠᠯ ᠢ ᠠᠬᠢᠭᠤᠯᠬᠤ ᠳᠤ ᠬᠦᠯᠢᠶᠡᠨ ᠠᠪᠤᠬᠴᠢᠳ ᠢ ᠤᠷᠢᠳ ᠢᠶᠠᠷ ᠪᠤᠳᠤᠯᠬᠢᠯᠠᠬᠤ ᠶᠢ ᠪᠠᠷᠢᠮᠳᠠᠯᠠᠵᠦ᠂ ᠠᠷᠠᠳ ᠤᠯᠠᠨ ᠤ ᠠᠩᠬᠠᠷᠤᠨ ᠬᠠᠯᠠᠮᠵᠢᠯᠠᠵᠦ ᠪᠠᠶᠢᠭ᠎ᠠ ᠶᠠᠪᠤᠳᠠᠯ ᠢᠶᠠᠷ ᠴᠢᠩᠭ᠎ᠠ ᠭᠤᠤᠯᠳᠠᠭᠤᠯᠵᠦ᠂ ᠦᠭᠡ ᠬᠡᠯᠡᠨ ᠤ ᠢᠯᠡᠳᠭᠡᠬᠦ ᠰᠢᠰᠲ᠋ᠧᠮ ᠤᠨ ᠰᠢᠨ᠎ᠠ ᠶᠢ ᠡᠬᠦᠳᠦᠨ᠂ ᠡᠯ᠎ᠠ ᠱᠠᠳᠤᠨ ᠤ ᠵᠠᠭᠤᠴᠢᠯᠠᠭᠤᠷ ᠤᠨ ᠡᠬᠢ ᠪᠠᠶᠠᠯᠢᠭ ᠢ ᠨᠡᠶᠢᠳᠭᠡᠨ ᠨᠡᠪᠳᠡᠷᠡᠯᠴᠡᠬᠦᠯᠵᠦ᠂ ᠴᠢᠨᠠᠷ ᠰᠠᠶᠢᠳᠠᠢ᠂ ᠦᠨᠳᠦᠰᠦᠨ ᠱᠠᠳᠤᠨ ᠳᠤ ᠦᠢᠷᠠᠳᠤᠬᠰᠠᠨ ᠠᠭᠤᠯᠭ᠎ᠠ ᠪᠠ ᠪᠦᠳᠦᠭᠡᠭᠳᠡᠬᠦᠨ ᠢ ᠵᠤᠬᠢᠶᠠᠨ ᠪᠦᠳᠦᠭᠡᠵᠦ᠂ ᠪᠤᠳᠠᠳᠠᠢ ᠠᠭᠤᠰᠤᠯᠴᠠᠭᠤᠯᠬᠤ᠂ ᠠᠭᠤᠰᠤᠯᠴᠠᠭᠤᠯᠤᠨ ᠦᠷ᠎ᠠ ᠪᠦᠳᠦᠮᠵᠢ ᠭᠠᠷᠭᠠᠬᠤ ᠶᠢ ᠦᠨᠡᠨ ᠬᠦ ᠪᠡᠶᠡᠯᠡᠬᠦᠯᠵᠦ᠂ ᠬᠠᠮ ᠵᠠᠭᠤᠴᠢᠯᠠᠭᠤᠷ ᠤᠨ ᠳᠠᠮᠵᠢᠭᠤᠯᠬᠤ ᠬᠦᠴᠦᠨ ᠳᠠᠭᠠᠭᠤᠯᠬᠤ ᠬᠦᠴᠦᠨ ᠨᠦᠯᠦᠭᠡᠯᠡᠬᠦ ᠬᠦᠴᠦᠨ ᠢᠳᠡᠭᠡᠬᠦᠯᠬᠦ ᠬᠦᠴᠦᠨ ᠢ ᠦᠨᠡᠨ ᠬᠦ ᠴᠢᠩᠭᠠᠳᠬᠠᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃
     ᠱᠢ ᠲᠠᠢ ᠹᠧᠩ ᠶᠢᠨ ᠱᠠᠨ ᠪᠠᠯᠭᠠᠰᠤ ᠶᠢᠨ ᠡᠮᠦᠨ᠎ᠠ ᠬᠦᠳᠦᠯ ᠤᠨ ᠠᠮᠢ ᠠᠬᠤᠢ ᠶᠢᠨ ᠠᠵᠤ ᠠᠬᠤᠢ ᠶᠢᠨ ᠤᠢ ᠵᠢᠴᠢ ᠠᠭᠤᠯᠠᠷᠬᠠᠬ ᠤᠷᠤᠨ ᠢ ᠵᠠᠰᠠᠨ ᠰᠡᠷᠬᠦᠭᠡᠬᠦ ᠲᠦᠷᠦᠯ ᠵᠦᠢᠯ᠂ ᠴᠡᠴᠡᠭᠲᠦ ᠪᠦᠵᠢᠭᠳᠦ ᠬᠦᠳᠡᠭᠡ ᠭᠡᠭᠡᠷ᠎ᠠ ᠶᠡᠷᠦᠩᠭᠡᠶᠢᠯᠡᠭᠰᠡᠡ ᠴᠤᠬᠴᠠ ᠶᠢᠨ ᠲᠦᠷᠦᠯ ᠵᠦᠢᠯ᠂ ᠠᠮᠢ ᠠᠬᠤᠢ ᠶᠢ ᠵᠠᠰᠠᠨ ᠰᠡᠷᠬᠦᠭᠡᠬᠦ ᠭᠠᠩ ᠳᠤ ᠲᠡᠰᠪᠤᠷᠢᠳᠠᠢ ᠤᠷᠭᠤᠮᠠᠯ ᠢ ᠪᠤᠶᠢᠵᠢᠭᠤᠯᠬᠤ ᠢᠨᠵᠧᠨᠧᠷᠢᠩ ᠤᠨ ᠲᠦᠪ ᠢᠶᠠᠷ ᠰᠢᠨᠵᠢᠯᠡᠨ ᠪᠠᠶᠢᠴᠠᠭᠠᠬᠤ ᠳᠠᠭᠠᠨ᠂ ᠠᠮᠢ ᠠᠬᠤᠢ ᠶᠢᠨ ᠵᠠᠰᠠᠯᠳᠠ ᠪᠠ ᠰᠡᠷᠬᠦᠭᠡᠯᠳᠠ ᠶᠢ ᠠᠬᠢᠭᠤᠯᠬᠤ ᠳᠤ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠬᠤ ᠶᠢ ᠪᠠᠷᠢᠮᠳᠠᠯᠠᠨ᠂ ᠲᠤᠬᠠᠢ ᠶᠢᠨ ᠭᠠᠵᠠᠷ ᠤᠨ ᠠᠭᠤᠷ ᠠᠮᠢᠰᠬᠤᠯ᠂ ᠬᠦᠷᠦᠰᠦ ᠰᠢᠷᠤᠢ ᠵᠡᠷᠭᠡ ᠨᠦᠬᠦᠴᠡᠯ ᠢ ᠦᠨᠳᠦᠰᠦᠯᠡᠨ ᠲᠤᠬᠢᠷᠠᠮᠵᠢᠳᠠᠢ ᠤᠢ ᠮᠤᠳᠤ ᠶᠢ ᠲᠠᠷᠢᠵᠦ ᠤᠷᠭᠤᠭᠤᠯᠤᠨ᠂ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠨᠡᠮᠡᠭᠳᠡᠬᠦᠯᠵᠦ᠂ ᠤᠢᠢᠵᠢᠭᠤᠯᠬᠤ ᠡᠳᠡᠭᠡᠷᠡᠬᠦᠯᠬᠦ ᠨᠤᠷᠮ᠎ᠠ ᠶᠢ ᠳᠡᠭᠡᠭᠰᠢᠯᠡᠬᠦᠯᠬᠦ ᠭᠡᠷᠡᠭᠲᠡᠢ ᠭᠡᠵᠦ ᠴᠢᠬᠤᠯᠠᠴᠢᠯᠠᠪᠠ᠃ ᠲᠡᠷᠡ᠂ ᠠᠮᠢ ᠠᠬᠤᠢ ᠤᠷᠴᠢᠨ ᠲᠤᠭᠤᠷᠢᠨ ᠢ ᠰᠠᠶᠢᠳᠤᠷ ᠪᠦᠳᠦᠭᠡᠨ ᠪᠠᠶᠢᠭᠤᠯᠪᠠᠯ᠂ ᠵᠢᠭᠤᠯᠴᠢᠯᠠᠯ ᠵᠡᠷᠭᠡ ᠠᠵᠤ ᠦᠢᠯᠡᠰ ᠤᠨ ᠬᠦᠭᠵᠢᠯᠳᠠ ᠶᠢ ᠪᠦᠳᠦᠮᠵᠢᠳᠠᠢ ᠠᠬᠢᠭᠤᠯᠵᠦ ᠴᠢᠳᠠᠨ᠎ᠠ᠂ ᠬᠤᠯᠪᠤᠭᠳᠠᠯ ᠪᠦᠬᠦᠢ ᠲᠦᠯᠦᠪᠵᠢᠬᠦᠯᠭᠡ ᠪᠦᠳᠦᠭᠡᠨ ᠪᠠᠶᠢᠭᠤᠯᠤᠯᠳᠠ ᠶᠢᠨ ᠠᠵᠢᠯ ᠢ ᠨᠢᠭᠡᠳᠦᠯᠳᠠᠢ ᠲᠦᠯᠦᠪᠵᠢᠬᠦᠯᠦᠨ ᠰᠠᠶᠢᠳᠤᠷ ᠠᠳᠬᠤᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃      ᠡᠨᠡ ᠬᠦ ᠬᠤᠭᠤᠴᠠᠭᠠᠨ ᠳᠤ᠂ ᠱᠢ ᠲᠠᠢ ᠹᠧᠩ ᠪᠠᠰᠠ ᠰᠤᠯᠤᠨ ᠠᠭᠤᠯᠠ ᠬᠠᠷᠠᠭᠤᠯ ᠤᠨ ᠭᠠᠵᠠᠷ ᠲᠤ ᠬᠦᠷᠴᠦ ᠬᠢᠯᠢ ᠶᠢᠨ ᠬᠠᠮᠠᠭᠠᠯᠠᠯᠳᠠ ᠶᠢᠨ ᠳᠠᠷᠤᠭ᠎ᠠ ᠪᠠᠶᠢᠯᠳᠤᠬᠴᠢᠳ ᠢ ᠡᠷᠬᠢᠨ ᠦᠵᠡᠵᠦ ᠲᠤᠬᠤᠨᠢᠭᠤᠯᠬᠤ ᠶᠢᠨ ᠬᠠᠮᠳᠦ ᠪᠠᠳᠤᠬᠠᠭᠠᠯᠭ᠎ᠠ ᠶᠢᠨ ᠶᠠᠫᠤᠨ ᠢ ᠡᠰᠡᠷᠬᠦᠴᠡᠬᠦ ᠵᠡᠪᠰᠡᠭᠳᠦ ᠪᠤᠰᠤᠯᠭ᠎ᠠ ᠶᠢᠨ ᠳᠤᠷᠠᠰᠬᠠᠯ ᠤᠨ ᠦᠵᠡᠬᠦᠯᠭᠡ ᠶᠢᠨ ᠲᠢᠩᠬᠢᠮ ᠪᠠ ᠲᠠᠯ᠎ᠠ ᠨᠤᠳᠤᠭ ᠤᠨ ᠪᠢᠴᠢᠬᠠᠨ ᠪᠠᠭᠠᠳᠤᠷ ᠡᠬᠡᠴᠢ ᠦᠬᠢᠨ ᠲᠡᠬᠦᠦ ᠶᠢᠨ ᠦᠢᠯᠡ ᠠᠵᠢᠯᠯᠠᠭ᠎ᠠ ᠶᠢᠨ ᠦᠵᠡᠬᠦᠯᠭᠡ ᠶᠢᠨ ᠤᠷᠳᠤᠨ ᠢᠶᠠᠷ ᠲᠤᠭᠤᠷᠢᠨ ᠦᠵᠡᠪᠡ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ ᠵᠠᠩ ᠱᠤᠤ ᠴᠦᠨ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠱᠦᠵᠢ ᠵᠠᠩ ᠶᠤᠸᠠᠨ ᠵᠦᠩ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号