| | 4 ᠰᠠᠷ᠎ᠡ ᠶᠢᠨ 9 ᠤ ᠦᠳᠠ ᠶᠢᠨ ᠬᠤᠶᠢᠨ᠎ᠡ᠂ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ | ᠬᠦᠭᠡᠬᠤᠳᠠ ᠳᠤ ᠠᠷᠠᠳ ᠤᠨ ᠡᠵᠡᠩᠨᠡᠯᠳᠠ ᠶᠢᠨ ᠲᠤᠮᠳᠠ ᠪᠠᠭ᠎ᠠ ᠠᠵᠤ ᠠᠬᠤᠢᠢᠯᠠᠯ ᠤᠨ ᠶᠠᠷᠢᠯᠴᠠᠬᠤ ᠬᠤᠷᠠᠯ | ᠬᠤᠷᠠᠯᠳᠤᠭᠤᠯᠵᠤ᠂ ᠠᠷᠠᠳ ᠤᠨ ᠡᠵᠡᠩᠨᠡᠯᠳᠠ ᠶᠢᠨ ᠲᠤᠮᠳᠠ ᠪᠠᠭ᠎ᠠ ᠠᠵᠤ ᠠᠬᠤᠢᠢᠯᠠᠯ ᠤᠨ ᠬᠢᠵᠢᠭ ᠲᠤ | ᠨᠦᠯᠦᠭᠡᠯᠡᠭᠳᠡᠭᠰᠡᠨ ᠪᠠᠶᠢᠳᠠᠯ ᠪᠤᠯᠤᠨ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠭᠰᠡᠨ ᠪᠠᠶᠢᠳᠠᠯ ᠢ | ᠤᠢᠢᠯᠠᠭᠠᠵᠤ᠂ ᠤᠳᠤᠬᠠᠨ ᠤ ᠠᠷᠠᠳ ᠤᠨ ᠡᠵᠡᠩᠨᠡᠯᠳᠠ ᠶᠢᠨ ᠲᠤᠮᠳᠠ ᠪᠠᠭ᠎ᠠ ᠠᠵᠤ ᠠᠬᠤᠢᠢᠯᠠᠯ ᠤᠨ ᠲᠤᠯᠭᠠᠷᠠᠵᠤ | ᠪᠠᠶᠢᠭ᠎ᠠ ᠲᠤᠪᠤᠶᠢᠮ᠎ᠡ ᠠᠰᠠᠭᠤᠳᠠᠯ ᠢ ᠰᠤᠳᠤᠯᠤᠨ ᠰᠢᠢᠳᠪᠤᠷᠢᠯᠡᠬᠦ ᠪᠠᠷ ᠠᠷᠠᠳ ᠤᠨ ᠡᠵᠡᠩᠨᠡᠯᠳᠠ ᠶᠢᠨ ᠠᠵᠤ | ᠠᠬᠤᠢᠢᠯᠠᠯ ᠤᠨ ᠬᠦᠭᠵᠢᠯᠳᠠ ᠶᠢ ᠠᠬᠢᠭᠤᠯᠬᠤ ᠰᠠᠨᠠᠯ ᠰᠠᠨᠠᠭᠤᠯᠭ᠎ᠠ ᠶᠢ ᠰᠤᠨᠤᠰᠪᠠ᠃ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠢ | ᠡᠷᠬᠢᠯᠡᠵᠤ ᠶᠠᠷᠢᠶ᠎ᠡ ᠲᠠᠯᠪᠢᠪᠠ᠃ | ᠪᠦ᠋ ᠰᠢᠶᠤᠤ ᠯᠢᠨ᠂ ᠲᠤᠮᠳᠠ ᠪᠠᠭ᠎ᠠ ᠠᠵᠤ ᠠᠬᠤᠢᠢᠯᠠᠯ ᠪᠤᠯ ᠤᠳᠤᠬᠢᠴᠢᠯᠠᠬᠰᠡᠨ ᠠᠵᠤ ᠠᠬᠤᠢ ᠶᠢᠨ | ᠰᠢᠰᠲ᠋ᠧᠮ ᠢ ᠴᠤᠬᠴᠠᠯᠠᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠶᠢᠨ ᠴᠢᠬᠤᠯᠠ | ᠰᠠᠭᠤᠷᠢ ᠪᠤᠯᠤᠨ᠎ᠡ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠲᠤᠮᠳᠠ ᠪᠠᠭ᠎ᠠ ᠠᠵᠤ ᠠᠬᠤᠢᠢᠯᠠᠯ ᠤᠨ | ᠬᠦᠭᠵᠢᠯᠳᠠ ᠶᠢ ᠠᠵᠤ ᠠᠬᠤᠢ ᠶᠢᠨ ᠠᠵᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠬᠡᠬᠦᠳᠡᠭ ᠲᠦᠬᠦᠷᠡᠩ ᠬᠠᠯᠠᠭᠤᠨ | ᠰᠡᠳᠬᠢᠯᠭᠡ ᠪᠠᠷ ᠠᠵᠤ ᠠᠬᠤᠢᠢᠯᠠᠯ ᠤᠨ ᠬᠦᠭᠵᠢᠯᠳᠠ ᠶᠢ ᠲᠠᠮᠵᠢᠬᠦ ᠭᠡᠷᠡᠭᠳᠠᠢ ᠭᠡᠵᠤ ᠵᠢᠭᠠᠵᠤ ᠭᠠᠷᠭᠠᠪᠠ᠃ | ᠪᠦ᠋ ᠰᠢᠶᠤᠤ ᠯᠢᠨ᠂ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠡᠯ᠎ᠡ ᠠᠵᠢᠯ ᠲᠦᠷᠦᠯ ᠢ ᠴᠦᠮ ᠮᠠᠰᠢ ᠶᠡᠭᠡ | ᠨᠦᠯᠦᠭᠡᠯᠡᠵᠡᠢ᠂ ᠢᠯᠠᠩᠭᠤᠶ᠎ᠡ ᠲᠤᠮᠳᠠ ᠪᠠᠭ᠎ᠠ ᠠᠵᠤ ᠠᠬᠤᠢᠢᠯᠠᠯ ᠳᠠᠬᠢ ᠲᠠᠭᠠᠷᠢᠯᠳᠠ ᠨᠢ ᠨᠡᠩ ᠰᠢᠭᠤᠳ᠂ ᠨᠡᠩ | ᠢᠯᠡᠷᠭᠡᠢ ᠪᠠᠶᠢᠨ᠎ᠠ᠃ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠲᠤᠮᠳᠠ ᠪᠠᠭ᠎ᠠ ᠠᠵᠤ ᠠᠬᠤᠢᠢᠯᠠᠯ ᠤᠨ | ᠲᠤᠯᠭᠠᠷᠠᠵᠤ ᠪᠠᠶᠢᠭ᠎ᠠ ᠬᠦᠴᠢᠷᠳᠡᠯ ᠪᠤᠯᠤᠨ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠵᠤ᠂ ᠪᠦᠬᠦ ᠲᠠᠯ᠎ᠡ ᠪᠠᠷ ᠡᠵᠡᠮᠳᠡᠵᠤ᠂ | ᠴᠢᠭᠯᠡᠬᠦᠯᠦᠯᠳᠤ ᠴᠢᠨᠠᠷ ᠲᠠᠢ ᠪᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠬᠤ ᠭᠡᠷᠡᠭᠳᠠᠢ᠃ ᠲᠦᠷᠦ ᠶᠢᠨ | ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠳᠤᠷ ᠬᠢᠵᠤ᠂ ᠡᠯ᠎ᠡ ᠵᠦᠢᠯ ᠤᠨ ᠲᠦᠷᠤ ᠶᠢᠨ ᠪᠤᠳᠤᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠷ᠎ᠡ ᠪᠦᠳᠦᠮᠵᠢ ᠭᠠᠷᠭᠠᠬᠤ ᠶᠢ ᠦᠨᠡᠨ ᠬᠦ ᠪᠠᠳᠤᠯᠠᠬᠤ ᠭᠡᠷᠡᠭᠳᠠᠢ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠠ ᠶᠢ ᠦᠷᠬᠦᠯᠵᠢᠯᠡᠨ ᠬᠦᠨᠵᠡᠭᠡᠶᠢᠷᠠᠬᠦᠯᠵᠤ᠂ | ᠠᠷᠠᠳ ᠤᠨ ᠲᠤᠮᠳᠠᠬᠢ ᠪᠡᠯᠡ ᠤᠷᠤᠭᠤᠯᠤᠯᠳᠠ ᠶᠢᠨ ᠬᠠᠮᠢᠶᠡᠷᠤᠯᠳᠠ ᠳᠤ ᠬᠤᠯᠪᠤᠬᠳᠠᠬᠰᠡᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠵᠦᠢᠯ ᠪᠤᠯᠤᠨ ᠠᠵᠤ ᠠᠬᠤᠢᠢᠯᠠᠯ ᠳᠤ ᠬᠤᠯᠪᠤᠬᠳᠠᠬᠰᠡᠨ ᠰᠦᠢᠳᠭᠡᠯ ᠬᠤᠷᠢᠶᠠᠬᠤ ᠶᠢ ᠤᠯᠠᠮ | ᠴᠢᠨᠠᠬᠰᠢᠳᠠ ᠴᠡᠪᠡᠷᠯᠡᠨ ᠴᠤᠮᠬᠠᠳᠬᠠᠵᠤ᠂ ᠠᠵᠤ ᠠᠬᠤᠢᠢᠯᠠᠯ ᠤᠨ ᠭᠠᠶᠢᠯᠢ ᠰᠦᠢᠳᠭᠡᠯ ᠤᠨ ᠲᠠᠷᠤᠭᠠᠰᠤ ᠶᠢ ᠦᠨᠡᠨ ᠬᠦ | ᠬᠦᠡᠭᠭᠡᠷᠡᠬᠦᠯᠬᠦ ᠭᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠬᠦᠴᠢᠷᠳᠡᠯ ᠢ ᠰᠢᠢᠳᠪᠤᠷᠢᠯᠡᠬᠦ ᠰᠠᠭᠤᠷᠢ ᠮᠦᠡᠭᠭᠦ | ᠪᠤᠯᠤᠨ ᠠᠶᠤᠯ ᠲᠦᠭᠰᠢᠬᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠦᠡᠭᠭᠦᠨ ᠤ ᠦᠢᠯᠡᠳᠦᠯ ᠢ ᠦᠷᠬᠦᠯᠵᠢᠯᠡᠨ | ᠰᠠᠶᠢᠳᠤᠷ ᠪᠠᠳᠠᠷᠠᠭᠤᠯᠬᠤ ᠭᠡᠷᠡᠭᠳᠠᠢ᠃ ᠠᠵᠤ ᠠᠬᠤᠢᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠤᠷᠢᠯᠡᠬᠦ ᠭᠡᠷᠡᠭᠳᠠᠢ᠃ | ᠦᠷᠭᠡᠨ ᠤᠯᠠᠨ ᠲᠤᠮᠳᠠ ᠪᠠᠭ᠎ᠠ ᠠᠵᠤ ᠠᠬᠤᠢᠢᠯᠠᠯ ᠤᠨ ᠬᠢᠨ ᠠᠵᠠ ᠲᠤᠬᠢᠶᠠᠯ ᠢ ᠠᠳᠬᠤᠬᠤ ᠳᠠᠭᠠᠨ ᠴᠢᠳᠠᠮᠠᠭᠠᠢ | ᠪᠠᠶᠢᠵᠤ᠂ ᠲᠦᠷᠦ ᠶᠢᠨ ᠪᠤᠳᠤᠯᠭ᠎ᠠ ᠶᠢ ᠰᠠᠶᠢᠳᠤᠷ ᠭᠡᠷᠡᠭᠯᠡᠵᠤ᠂ ᠠᠵᠤ ᠠᠬᠤᠢᠢᠯᠠᠯ ᠤᠨ ᠰᠢᠨ᠎ᠡ ᠶᠢ ᠡᠬᠦᠳᠬᠦ ᠴᠢᠳᠠᠪᠤᠷᠢ | ᠪᠤᠯᠤᠨ ᠭᠤᠤᠯᠯᠠᠬᠤ ᠦᠷᠢᠰᠦᠯᠳᠦᠬᠦ ᠬᠦᠴᠤᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠬᠦ ᠭᠡᠷᠡᠭᠳᠠᠢ ᠭᠡᠵᠤ | ᠴᠢᠬᠤᠯᠠᠴᠢᠯᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠦᠪᠡᠷᠳᠡᠭᠡᠨ ᠵᠠᠰᠠᠬᠤ | ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠡ᠂ ᠵᠠᠰᠠᠭ ᠤᠨ ᠤᠷᠳᠤᠨ ᠤ ᠤᠢᠢᠷ᠎ᠡ ᠶᠢᠨ ᠵᠢᠯ ᠠᠴᠠ ᠨᠠᠭᠠᠰᠢᠬᠢ ᠢᠯᠠᠩᠭᠤᠶ᠎ᠡ ᠬᠢᠵᠢᠭ ᠤᠨ ᠪᠠᠶᠢᠳᠠᠯ | ᠭᠠᠷᠤᠭᠰᠠᠨ ᠠᠴᠠ ᠨᠠᠭᠠᠰᠢ ᠠᠷᠠᠳ ᠤᠨ ᠡᠵᠡᠩᠨᠡᠯᠳᠠ ᠶᠢᠨ ᠲᠤᠮᠳᠠ ᠪᠠᠭ᠎ᠠ ᠠᠵᠤ ᠠᠬᠤᠢᠢᠯᠠᠯ ᠤᠨ ᠬᠦᠴᠢᠷᠳᠡᠯ ᠢ | ᠰᠢᠢᠳᠪᠤᠷᠢᠯᠡᠬᠦ ᠬᠦᠭᠵᠢᠯᠳᠠ ᠶᠢ ᠲᠠᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠤᠯᠤᠨ ᠠᠵᠢᠯ ᠤᠨ ᠪᠠᠶᠢᠳᠠᠯ ᠢ | ᠵᠠᠷᠯᠡᠨ ᠮᠡᠳᠡᠭᠳᠡᠪᠡ᠃ ᠲᠡᠷᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠦᠵᠡᠯ ᠰᠠᠨᠠᠭ᠎ᠠ ᠪᠤᠯᠤᠨ ᠦᠢᠯᠡ | ᠠᠵᠢᠯᠯᠠᠭ᠎ᠠ ᠪᠠᠨ ᠶᠡᠷᠤᠩᠭᠡᠢ ᠱᠦᠵᠢ ᠰᠢ ᠶᠢᠨ ᠫᠢᠩ ᠤᠨ ᠤᠳᠤᠬᠠᠨ ᠤ ᠪᠠᠶᠢᠳᠠᠯ ᠤᠨ ᠲᠤᠬᠠᠢ ᠴᠢᠬᠤᠯᠠ ᠮᠠᠭᠠᠳᠯᠠᠯᠳᠠ | ᠲᠡᠭᠡᠷ᠎ᠡ ᠨᠢᠭᠡᠳᠭᠡᠵᠤ᠂ ᠪᠠᠶᠢᠡᠭᠭᠤᠵᠢᠬᠰᠡᠨ ᠬᠢᠵᠢᠭ ᠢ ᠰᠡᠷᠭᠡᠶᠢᠯᠡᠨ ᠡᠵᠡᠮᠳᠡᠬᠦ ᠲᠤᠮᠳᠠ ᠦᠢᠯᠡᠳᠪᠤᠷᠢᠯᠡᠯ | ᠠᠮᠢᠳᠤᠷᠠᠯ ᠤᠨ ᠡᠮᠬᠢ ᠲᠢᠭᠯᠢᠮ ᠢ ᠪᠦᠬᠦ ᠲᠠᠯ᠎ᠡ ᠪᠠᠷ ᠰᠡᠷᠭᠦᠬᠡᠬᠦ ᠶᠢ ᠲᠦᠷᠭᠡᠳᠭᠡᠨ ᠠᠬᠢᠭᠤᠯᠬᠤ ᠶᠢ ᠪᠠᠷᠢᠮᠳᠠᠯᠠᠵᠤ᠂ | ᠲᠠᠮᠵᠢᠯᠭᠡ ᠶᠢᠨ ᠲᠦᠷᠦ ᠶᠢᠨ ᠪᠤᠳᠤᠯᠭ᠎ᠠ ᠶᠢ ᠤᠯᠠᠮ ᠴᠢᠨᠠᠬᠰᠢᠳᠠ ᠰᠠᠶᠢᠳᠤᠷ ᠨᠠᠶᠢᠳᠠᠪᠤᠷᠢᠵᠢᠭᠤᠯᠵᠤ᠂ ᠠᠵᠤ | ᠠᠬᠤᠢᠢᠯᠠᠯ ᠳᠤ ᠪᠦᠬᠦ ᠬᠦᠴᠤᠨ ᠢᠶᠠᠷ ᠢᠶᠠᠨ ᠰᠠᠶᠢᠳᠤᠷ ᠦᠢᠯᠡᠴᠢᠯᠡᠵᠤ᠂ ᠠᠵᠤ ᠠᠬᠤᠢᠢᠯᠠᠯ ᠤᠨ ᠬᠦᠴᠢᠷᠳᠡᠯ ᠠᠴᠠ | ᠮᠤᠯᠳᠤᠷᠠᠬᠤ ᠶᠢ ᠨᠢ ᠬᠠᠪᠰᠤᠷᠤᠨ ᠲᠠᠮᠵᠢᠵᠤ᠂ ᠬᠠᠮᠳᠤ ᠪᠠᠷ ᠴᠢᠷᠮᠠᠶᠢᠵᠤ ᠦᠪᠡᠷᠳᠡᠭᠡᠨ ᠵᠠᠰᠬᠠᠤ ᠤᠷᠤᠨ ᠤ ᠠᠵᠤ | ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃ | ᠶᠠᠷᠢᠯᠴᠠᠬᠤ ᠬᠤᠷᠠᠯ ᠲᠡᠭᠡᠷ᠎ᠡ᠂ ᠳ᠋ᠠ ᠲᠠᠩ ᠡᠮ ᠤᠨ ᠦᠢᠯᠡᠰ᠂ ᠾᠧᠩ ᠮᠤᠤ ᠪᠦᠯᠦᠭᠯᠡᠯ᠂ ᠮᠧᠩ ᠴᠢᠩ | ᠲᠡᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ᠂ ᠦᠪᠡᠷᠳᠡᠭᠡᠨ ᠵᠠᠰᠠᠬᠤ ᠤᠷᠤᠨ ᠤ ᠢᠳᠡᠭᠡᠨ | ᠤᠮᠳᠠᠭᠠᠨ ᠪᠤᠯᠤᠨ ᠵᠤᠴᠢᠳ ᠤᠨ ᠪᠠᠭᠤᠳᠠᠯ ᠤᠨ ᠠᠵᠢᠯ ᠲᠦᠷᠦᠯ ᠤᠨ ᠨᠡᠶᠢᠭᠡᠮᠯᠢᠭ᠂ ᠬᠤ᠋ ᠹᠠ ᠬᠤᠪᠢ ᠡᠵᠡᠮᠳᠡᠭᠰᠡᠨ | ᠺᠤᠮᠫᠠᠨᠢ᠂ ᠵᠦᠩ ᠹᠧᠩ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢᠨ ᠪᠦᠯᠦᠭᠯᠡᠯ᠂ ᠶᠠᠩ ᠶᠠᠩ ᠮᠠᠯ ᠠᠵᠤ | ᠠᠬᠤᠢ᠂ ᠤᠣ ᠸᠧᠢ ᠠᠳᠤᠭᠤᠨ ᠤ ᠦᠢᠯᠡᠰ᠂ ᠰᠢᠨ ᠲᠠᠢ ᠠᠵᠤ ᠦᠢᠯᠡᠰ᠂ ᠬᠤᠩ ᠲᠠᠢ ᠶᠠᠩ ᠢᠳᠡᠭᠡᠨ ᠤ | ᠺᠤᠮᠫᠠᠨᠢ ᠶᠢᠨ ᠬᠠᠷᠢᠭᠤᠴᠠᠯᠭᠠᠳᠠᠨ ᠦᠭᠡ ᠬᠡᠯᠡᠪᠡ᠃ |